ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠤᠸᠠᠩ ᠶᠠ ᠯᠢ ᠨᠥᠬᠦᠷ ᠬᠠᠷᠠᠭᠠᠴᠢᠨ ᠭᠤᠣᠯ᠂ ᠭᠦᠩᠵᠦ ᠶᠢᠨ ᠣᠷᠳᠣᠨ ᠤ ᠴᠡᠴᠡᠷᠯᠢᠭ  ᠤᠨ ᠭᠤᠣᠯ ᠤᠨ ᠭᠤᠯᠳᠤᠷᠢᠯ ᠢ ᠵᠠᠰᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2018-06-22
     6 ᠳ᠋ᠤᠭᠠᠷ ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠤᠸᠠᠩ ᠶᠠ ᠯᠢ ᠨᠦᠬᠦᠷ ᠰᠥᠨᠢ ᠪᠠᠷ ᠬᠠᠷᠠᠭᠠᠴᠢᠨ ᠭᠤᠣᠯ᠂ ᠭᠦᠩᠵᠦ ᠵᠢᠨ‌ᠣᠷᠳᠣᠨ ᠤ ᠴᠡᠴᠡᠷᠯᠢᠭ ᠤᠨ ᠭᠤᠣᠯ ᠤᠨ ᠭᠤᠯᠳᠤᠷᠢᠯ ᠢ ᠵᠠᠰᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠯᠢ ᠰᠢᠶᠣᠣ ᠶᠠᠨ ᠨᠥᠬᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠰᠢᠶᠠᠩ ᠵᠢᠶᠦ᠋ᠨ ᠨᠥᠬᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠫᠧᠩ ᡁᠢ ᠨᠥᠬᠦᠷ ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠨ ᠳ᠋ᠡ ᠨᠦᠬᠦᠷ ᠪᠠᠷ᠎ᠠ ᠪᠣᠯᠵᠤ ᠪᠠᠶᠢᠴᠠᠭᠠᠵᠠᠢ᠃      ᠬᠤᠸᠠᠩ ᠶᠠ ᠯᠢ ᠭᠤᠣᠯ ᠤᠨ ᠭᠤᠯᠳᠤᠷᠢᠯ ᠢ ᠵᠠᠰᠠᠬᠤ ᠪᠠᠷᠢᠯᠭ᠎ᠠ ᠶᠢᠨ ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠪᠠᠷᠢᠯᠭ᠎ᠠ ‍ᠤᠨ‌ᠠᠬᠢᠴᠠ ᠬᠢᠭᠡᠳ‌ᠡᠯ᠎ᠡ ᠬᠤᠯᠪᠣᠭᠳᠠᠯ ᠪᠦᠬᠦᠢ ᠨᠢᠭᠡᠴᠡ ᠬᠠᠮᠲᠤ ᠪᠠᠷ ᠭᠤᠣᠯ ᠤᠨ ᠭᠤᠯᠳᠤᠷᠢᠯ ᠵᠠᠰᠠᠬᠤ ᠠᠵᠢᠯ ᠢ ᠳᠥᠯᠭᠢᠨ ᠠᠬᠢᠭᠤᠯᠬᠤ ᠶᠠᠪᠤᠴᠠ ᠳᠤᠮᠳᠠ ᠲᠤᠯᠭᠠᠷᠠᠭᠰᠠᠨ ᠪᠡᠷᠬᠡ ᠠᠰᠠᠭᠤᠳᠠᠯ ᠢ ᠡᠷᠢᠵᠦ᠂ ᠰᠢᠢᠳᠪᠦᠷᠢᠯᠡᠬᠦ ᠠᠷᠭ᠎ᠠ ᠶᠢ ᠰᠦᠪᠡᠭᠴᠢᠯᠡᠨ᠂  ᠪᠦᠬᠦ ᠬᠦᠴᠦ ᠪᠠᠷ ᠢᠶᠠᠨ  ᠪᠡᠷᠬᠡ ᠰᠡᠳᠦᠪ ᠢ ᠰᠢᠢᠳᠪᠦᠷᠢᠯᠡᠬᠦ ᠶᠠᠪᠤᠴᠠ‌‍ᠲ᠋ᠤᠮᠳᠠᠬᠢ ᠠᠰᠠᠭᠤᠳᠠᠯ ᠢ ᠵᠠᠬ᠎ᠠ ᠳᠠᠷᠠᠭᠠᠯᠠᠨ ᠬᠢᠨᠠᠮᠠᠭᠠᠶ ᠰᠤᠳᠤᠯᠤᠨ ᠲᠦᠢᠯᠪᠤᠷᠢᠲᠠᠶ ᠰᠢᠢᠳᠪᠦᠷᠢᠯᠡᠵᠦ᠂ ᠭᠤᠣᠯ ᠮᠦᠷᠡᠨ ᠤ ᠪᠣᠬᠢᠷᠲᠤᠯ ᠢ ᠵᠠᠰᠠᠨ ᠴᠢᠳᠠᠮᠵᠢ ᠶᠢ  ᠳᠡᠭᠡᠭᠰᠢᠯᠡᠭᠦᠯᠵᠦ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠪᠣᠳᠠᠲᠠᠶ ᠦᠷ᠎ᠡ ᠪᠦᠲᠦᠮᠵᠢ ᠣᠯᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号