ᠶᠦᠨ ᠬᠠᠢ ᠦᠴᠦᠸᠠᠨ ᠰᠢᠶᠠᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ 87 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-06-22
            6 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠦᠴᠦᠸᠠᠨ ᠰᠢᠶᠠᠨ ᠤ ᠠᠷᠪᠠᠨ ᠳᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ 87 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠴᠦᠸᠠᠨ ᠰᠢᠶᠠᠨ ᠤ ᠲᠤᠰᠬᠤᠨ᠂ ᠨᠡᠶᠢᠭᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠤᠰᠪᠠ᠃       ᠶᠢᠨ ᠴᠦᠨ ᠯᠢᠶᠠᠩ᠂ ᠭᠦᠸᠧ ᠸᠧᠢ ᠴᠦᠨ᠂ ᠬᠠᠳᠠ᠂ ᠰᠢᠤᠢ ᠶᠢᠨ ᠭᠸᠤ᠂ ᠵᠸᠤ ᠵᠧᠨ ᠭᠤᠸᠠᠩ᠂ ᠯᠢᠤ ᠳ᠋ᠦᠩ ᠱᠧᠩ᠂ ᠸᠠᠩ ᠶᠠᠨ ᠴᠦᠨ᠂ ᠰᠢᠶᠧ ᠴᠢᠦᠢ ᠫᠢᠩ᠂ ᠫᠧᠩ ᠱᠤᠤ ᠴᠦᠩ᠂ ᠰᠢᠤᠢ ᠲᠢᠶᠠᠨ ᠫᠢᠩ᠂ ᠶᠣᠸᠠᠨ ᠪᠦᠸᠧ᠂ ᠢᠤᠢ ᠷᠦᠢ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠤᠯᠴᠠᠪᠠ᠃ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠦ ᠸᠧᠨ ᠪᠢᠶᠣᠣ᠂ ᠰᠢᠶᠠᠨ ᠤ ᠣᠯᠤᠰ ᠲᠥᠷᠦ ᠶᠢᠨ ᠵᠦᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠬᠤᠷᠠᠯ ᠳᠤ ᠰᠤᠯᠠ ᠣᠷᠤᠯᠴᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠵᠤ᠂ ᠨᠦᠬᠦᠴᠡᠯ ᠬᠢᠷᠢ ᠬᠡᠮ ᠢ ᠴᠢᠩᠭ᠎ᠠ ᠬᠢᠨᠠᠵᠣ᠂ ᠦᠨᠳᠦᠷ ᠪᠠᠷᠢᠮᠵᠢᠶ᠎ᠠ ᠶᠢ ᠪᠠᠷᠢᠮᠲᠠᠯᠠᠨ ᠰᠢᠯᠢᠳᠡᠭ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠤᠩᠭᠤᠵᠤ᠂ ᠬᠤᠭᠤᠴᠠᠭ᠎ᠠ ᠰᠤᠯᠢᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号