ᠴᠢᠩ ᠱᠦᠢ ᠾᠧ ᠰᠢᠶᠠᠨ 3500 ᠲᠦᠮᠡᠨ ᠲᠥᠭᠦᠷᠢᠭ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ 5MW ᠭᠡᠷᠡᠯ ᠸᠣᠯᠲ ᠤᠨ ᠶᠠᠳᠠᠭᠤ ᠶᠢ ᠲᠡᠳᠬᠦᠬᠦ ᠴᠠᠬᠢᠯᠭᠠᠨ ᠭᠠᠷᠭᠠᠬᠤ ᠲᠥᠷᠥᠯ ᠵᠦᠢᠯ ᠤᠳᠠᠯ ᠦᠭᠡᠢ ᠪᠠᠷᠢᠯᠭ᠎ᠠ ᠳᠠᠭᠤᠰᠤᠨ᠎ᠠ
ᠨᠡᠶᠢᠲᠡᠯᠡᠭᠰᠡᠨ ᠴᠠᠭ᠄
2018-06-22
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠷᠦᠩᠬᠡᠶ ᠡᠭᠦᠷᠭᠡ ᠶᠢ ᠦᠨᠳᠦᠰᠦᠯᠡᠵᠦ᠂ ᠪᠦᠬᠦ ᠰᠢᠶᠠᠨ ᠤ ᠬᠥᠳᠡᠯᠮᠦᠷᠢᠯᠡᠬᠦ ᠴᠢᠳᠠᠪᠤᠷᠢ ᠤᠢᠭᠡᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠲᠣᠭᠲᠠᠪᠤᠷᠢᠲᠠᠶ ᠣᠷᠣᠯᠭ᠎ᠠ ᠶᠢᠨ ᠢᠷᠡᠯᠲᠡ ᠶᠢ ᠪᠦᠲᠦᠮᠵᠢᠲᠡᠶ ᠪᠠᠲᠤᠯᠠᠬᠤ ᠶᠢᠨ ᠲᠤᠰᠠᠳᠠ᠂ ᠴᠢᠩ ᠱᠦᠢ ᠾᠧ ᠰᠢᠶᠠᠨ 5MW ᠭᠡᠷᠡᠯ ᠸᠣᠯᠲ ᠤᠨ ᠶᠠᠳᠠᠭᠤ ᠶᠢ ᠲᠡᠳᠬᠦᠬᠦ ᠭᠦᠢᠴᠡᠳᠬᠡᠬᠦ ᠲᠤᠭ᠎ᠠ ᠢ ᠢᠳᠡᠪᠬᠢᠲᠡᠢ ᠪᠠᠷ ᠴᠢᠷᠮᠠᠶᠢᠨ ᠤᠯᠵᠤ᠂ 3500 ᠲᠦᠮᠡᠨ ᠲᠥᠭᠦᠷᠢᠭ ᠤᠨ ᠪᠡᠯᠡ ᠣᠷᠣᠭᠤᠯᠤᠨ ᠤᠯᠢᠶᠠᠰᠤᠲᠠᠢ ᠰᠢᠶᠠᠩ ᠳᠤ ᠭᠠᠵᠠᠷ ᠡᠵᠡᠯᠡᠬᠦ ᠲᠠᠯᠠᠪᠠᠶ ᠨᠢ 145 ᠮᠦ ᠬᠦᠷᠬᠦ ᠭᠡᠷᠡᠯ ᠸᠣᠯᠲ ᠤᠨ ᠶᠠᠳᠠᠭᠤ ᠶᠢ ᠲᠡᠳᠬᠦᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠤᠰ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠥᠬᠡᠬᠤᠲᠠ ᠶᠢᠨ ᠯᠢᠶᠠᠨ ᠾᠧ ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠳᠠᠭᠠᠭᠠᠴᠢᠯᠠᠨ ᠪᠠᠶᠢᠭᠤᠯᠪᠠ᠃ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠬᠥᠬᠡᠬᠤᠲᠠ ᠶᠢᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠲᠤᠰ ᠲᠥᠷᠥᠯ ᠵᠦᠢᠯ ᠤᠨ ᠪᠡᠯᠡ ᠣᠷᠣᠭᠤᠯᠤᠯᠲᠠ ᠵᠢᠴᠢ ᠠᠰᠢᠭ ᠣᠯᠵᠠᠪᠤᠷᠢ ᠶᠢ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠪᠡᠯᠠ ᠣᠷᠣᠭᠤᠯᠤᠨ ᠬᠤᠪᠢ ᠣᠷᠣᠭᠤᠯᠵᠤ᠂ ᠬᠤᠪᠢ ᠣᠷᠣᠭᠤᠯᠬᠤ ᠬᠤᠪᠢ ᠶᠢᠨ ᠲᠤᠭ᠎ᠠ ᠨᠢ ᠪᠦᠬᠦ ᠰᠢᠶᠠᠨ ᠤ 213 ᠶᠠᠳᠠᠭᠤ ᠬᠦᠴᠢᠷᠳᠡᠯᠲᠡᠢ ᠡᠷᠦᠬᠡ ᠶᠢᠨ ᠠᠰᠢᠭ ᠣᠷᠣᠯᠭ᠎ᠠ ᠪᠠᠷ ᠰᠠᠭᠤᠷᠢ ᠪᠠᠷᠢᠮᠵᠢᠶ᠎ᠠ ᠪᠣᠯᠭᠠᠵᠤ᠂ ᠡᠷᠤᠭᠡ ᠪᠦᠷᠢ ᠵᠢᠯ ᠪᠦᠷᠢ ᠳᠤ ᠬᠤᠪᠢᠶᠠᠭᠳᠠᠬᠤ ᠠᠰᠢᠭ ᠣᠷᠣᠯᠭ᠎ᠠ ᠨᠢ 3000 ᠲᠥᠭᠦᠷᠢᠭ ᠪᠠᠶᠢᠵᠤ᠂ ᠠᠰᠢᠭ ᠬᠤᠪᠢᠶᠠᠬᠤ ᠬᠤᠭᠤᠴᠠᠭ᠎ᠠ ᠨᠢ 20 ᠵᠢᠯ ᠪᠣᠯᠤᠨ᠎ᠠ᠃ ᠣᠳᠣᠬᠠᠨ᠂ ᠭᠡᠷᠡᠯ ᠸᠣᠯᠲ ᠤᠨ ᠲᠣᠭᠤᠷᠢᠭ ᠤᠨ ᠰᠠᠭᠤᠷᠢ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢ ᠶᠠᠭ ᠪᠠᠶᠢᠭᠤᠯᠵᠤ ᠪᠠᠶᠢᠭ᠎ᠠ ᠪᠥᠭᠡᠳ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠶᠠᠪᠤᠳᠠᠯ ᠢ ᠢᠳᠡᠪᠬᠢᠲᠡᠶ ᠪᠠᠷ ᠵᠣᠬᠢᠴᠠᠭᠤᠯᠵᠤ᠂ ᠵᠢᠱᠢᠯᠲᠡ ᠪᠠᠷ 6 ᠳ᠋ᠤᠭᠠᠷ ᠰᠠᠷ᠎ᠠ ᠶᠢᠨ ᠳᠤᠮᠳᠠᠴᠢ ᠪᠠᠷ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 6 ᠳ᠋ᠤᠭᠠᠷ ᠰᠠᠭ᠎ᠠ ᠶᠢᠨ ᠰᠡᠭᠦᠯᠴᠢ ᠪᠠᠷ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠪᠣᠯᠣᠨ᠎ᠠ᠃ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠨᠢ᠂ ᠲᠤᠰ ᠰᠢᠶᠠᠨ ᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ᠂ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号