ᠬᠦᠬᠡᠬᠤᠲᠠ ᠶᠢᠨ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠯ ᠤᠨ ᠦᠢᠯᠡᠴᠢᠯᠡᠭᠡᠨ ᠤ ᠲᠤᠪᠴᠢᠶ᠎ᠠ ᠡᠭᠦᠳᠡ ᠪᠠᠨ ᠨᠡᠭᠡᠭᠡᠵᠦ ᠡᠷᠦᠬᠡ ᠪᠠᠨ ᠰᠡᠬᠦᠯ᠎ᠠ
ᠨᠡᠶᠢᠲᠡᠯᠡᠭᠰᠡᠨ ᠴᠠᠭ᠄
2018-06-22
      ᠰᠢᠨᠬᠤᠸᠠ ᠮᠤᠩᠭᠤᠯ ᠨᠤᠲ ᠬᠦᠬᠡᠬᠤᠲᠠ ᠶᠢᠨ 6 ᠰᠠᠷ ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ︵ᠰᠠᠷᠠᠨᠲᠦᠶᠠᠭ᠎ᠠ︶ ᠦᠪᠦᠷ ᠮᠤᠩᠭᠤᠯ ᠤᠨ ᠠᠩᠬᠠᠳᠠᠬᠴᠢ ᠬᠤᠲᠠ ᠶᠢᠨ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠯ ᠤᠨ ᠦᠢᠯᠡᠴᠢᠯᠡᠭᠡᠨ ᠤ ᠲᠤᠪᠴᠢᠶ᠎ᠠ ᠪᠤᠯᠬᠤ ᠬᠦᠬᠡᠬᠤᠲᠠ ᠶᠢᠨ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠯ ᠤᠨ ᠦᠢᠯᠡᠴᠢᠯᠡᠭᠡᠨ ᠤ ᠲᠤᠪᠴᠢᠶ᠎ᠠ ᠨᠢ ᠦᠨᠦᠳᠦᠷ ᠵᠢᠩᠬᠢᠨᠢ ᠪᠠᠷ ᠡᠭᠦᠳᠡ ᠪᠠᠨ ᠨᠡᠭᠡᠭᠡᠵᠦ ᠡᠷᠦᠬᠡ ᠪᠠᠨ ᠰᠡᠬᠦᠯ᠎ᠠ᠃      ᠦᠪᠦᠷ ᠮᠤᠩᠭᠤᠯ ᠤᠨ ᠵᠠᠰᠠᠬ ᠵᠠᠬᠢᠷᠭᠠᠨ ᠤ ᠵᠦᠪᠰᠢᠶᠡᠷᠡᠯ ᠤᠨ ᠡᠷᠬᠡ ᠶᠢ ᠬᠠᠷᠢᠴᠠᠩᠭᠤᠢ ᠲᠦᠪᠯᠡᠷᠡᠭᠦᠯᠬᠦ ᠲᠤᠷᠰᠢᠯᠲᠠ ᠶᠢᠨ ᠴᠢᠬ ᠤᠨ ᠨᠢᠭᠡ ᠪᠤᠯᠤᠬᠰᠠᠨ ᠬᠦᠬᠡᠬᠤᠲᠠ ᠨᠢ ᠦᠩᠭᠡᠷᠡᠭᠰᠡᠨ ᠤᠨ ᠤ 6 ᠰᠠᠷ᠎ᠠ ᠶᠢᠨ 27 ᠤ ᠡᠳᠦᠷ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠯ ᠤᠨ ᠦᠢᠯᠡᠴᠢᠯᠡᠭᠡᠨ ᠤ ᠲᠤᠪᠴᠢᠶ᠎ᠠ ᠪᠠᠶᠢᠭᠤᠯᠬᠤ ᠡᠷᠬᠡ ᠶᠢ ᠤᠯᠤᠬᠰᠠᠨ ᠶᠤᠮ᠃ ᠤᠳᠤᠬᠠᠨ ᠳᠤ ᠲᠤᠰ ᠲᠤᠪᠴᠢᠶ᠎ᠠ ᠨᠢ ᠵᠠᠬ᠎ᠠ ᠵᠡᠭᠡᠯᠢ ᠳᠤ ᠬᠠᠮᠤᠷᠤᠭᠤᠯᠬᠤ᠂ ᠵᠠᠮ ᠬᠠᠷᠢᠯᠴᠠᠭ᠎ᠠ ᠬᠤᠲᠠ ᠶᠢᠨ ᠬᠠᠮᠢᠶᠠᠷᠤᠯᠲᠠ᠂ ᠰᠤᠶᠤᠯ ᠪᠤᠯᠪᠠᠰᠤᠷᠠᠯ ᠡᠷᠡᠬᠦᠯ ᠮᠡᠨᠳᠤ ᠪᠡᠶ᠎ᠡ ᠶᠢᠨ ᠳᠠᠮᠢᠷ᠂ ᠨᠡᠶᠢᠲᠡ ᠶᠢᠨ ᠦᠢᠯᠡᠴᠢᠯᠡᠭᠡᠨ ᠤ ᠠᠵᠢᠯ ᠶᠠᠪᠤᠳᠠᠯ᠂ ᠲᠠᠷᠢᠶᠠᠯᠠᠩ ᠤᠢ ᠰᠢᠭᠤᠢ ᠤᠰᠤᠨ ᠠᠰᠢᠬᠯᠠᠯᠲᠠ᠂ ᠬᠦᠷᠦᠩᠭᠡ ᠤᠷᠤᠭᠤᠯᠤᠯᠲᠠ ᠪᠦᠲᠦᠭᠡᠨ ᠪᠠᠶᠢᠭᠤᠯᠤᠯᠲᠠ ᠵᠡᠷᠭᠡ 6 ᠬᠦᠷᠢᠶ᠎ᠡ ᠴᠠᠷ᠎ᠠ ᠳᠤ ᠦᠢᠯᠡᠴᠢᠯᠡᠭᠡ ᠬᠠᠩᠭᠠᠨ᠎ᠠ᠃     ᠬᠦᠬᠡᠬᠤᠲᠠ ᠶᠢᠨ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠯ ᠤᠨ ᠦᠢᠯᠡᠴᠢᠯᠡᠭᠡᠨ ᠤ ᠲᠤᠪᠴᠢᠶᠠᠨ ᠳᠠᠷᠤᠭ᠎ᠠ ᠯᠢᠦ ᠵᠢᠶᠠᠨ ᠭᠦᠤᠤ ᠫᠠᠶᠢᠰᠠ ᠨᠡᠭᠡᠭᠡᠬᠦ ᠶᠤᠰᠤᠯᠠᠯ ᠤᠨ ᠦᠶ᠎ᠡ ᠪᠠᠷ᠂ ᠪᠢᠳᠡ ᠰᠢᠨ᠎ᠡ ᠵᠦᠪᠰᠢᠶᠡᠷᠡᠯ ᠤᠨ ᠲᠤᠬᠲᠠᠯᠴᠠᠭ᠎ᠠ ᠶᠢ ᠰᠦᠪᠡᠭᠴᠢᠯᠡᠵᠦ᠂ ᠨᠢᠭᠡ ᠴᠢᠭ ᠤᠨ ᠦᠢᠯᠡᠴᠢᠯᠡᠭᠡ᠂ ᠰᠦᠯᠵᠢᠶᠡᠨ ᠳᠤ ᠦᠢᠯᠡᠴᠢᠯᠡᠬᠦ᠂ ᠪᠠᠷᠢᠮᠵᠢᠶᠠᠵᠢᠬᠰᠠᠨ ᠵᠦᠪᠰᠢᠶᠡᠷᠡᠯ ᠵᠡᠷᠭᠡ ᠠᠵᠢᠯ ᠤᠨ ᠬᠡᠯᠪᠡᠷᠢ ᠶᠢ ᠬᠡᠷᠡᠭᠵᠢᠭᠦᠯᠵᠦ᠂ ᠵᠦᠪᠰᠢᠶᠡᠷᠡᠯ ᠤᠨ ᠦᠢᠯᠡᠴᠢᠯᠡᠭᠡᠨ ᠤ ᠶᠠᠪᠤᠴᠠ ᠶᠢ ᠤᠯᠠᠮ ᠰᠢᠯᠢᠳᠡᠭᠵᠢᠭᠦᠯᠦᠨ᠂ ︽ᠡᠷᠬᠡ ᠶᠢ ᠤᠯᠭᠤᠵᠦ᠂ ᠬᠠᠮᠢᠶᠠᠷᠤᠯᠲᠠ ᠶᠢ ᠴᠢᠩᠭᠠᠳᠬᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ‍ᠦᠭᠡᠷᠡᠴᠢᠯᠡᠯᠲᠡ ᠶᠢ ᠭᠦᠨᠵᠡᠭᠡᠢ ᠠᠬᠢᠭᠤᠯᠬᠤ᠂ ᠵᠠᠰᠠᠬ ᠵᠠᠬᠢᠷᠭᠠᠨ ᠤ ᠵᠦᠪᠰᠢᠶᠡᠷᠡᠯ ᠤᠨ ᠦᠢᠯᠡᠴᠢᠯᠡᠭᠡ ᠶᠢ ᠤᠯᠠᠮ ᠳᠦᠭᠦᠮ ᠳᠦᠳᠡ ᠪᠤᠯᠭᠠᠬᠤ ᠳᠤ ᠨᠡᠩ ᠢᠯᠡᠭᠦᠦ ᠬᠤᠪᠢ ᠨᠡᠮᠡᠷᠢ ᠪᠠᠨ ᠤᠷᠤᠭᠤᠯᠤᠨ᠎ᠠ ᠭᠡᠵᠦ ᠦᠭᠦᠯᠡᠪᠡ᠃
 
ᠢᠷᠡᠯᠲᠡ᠄ ᠰᠢᠨᠬᠤᠸᠠ ᠮᠤᠩᠭᠤᠯ ᠨᠤᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号