ᠹᠧᠩ ᠢᠦᠶ ᠵᠧᠨ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ  ᠳᠡᠭᠡᠨ ᠴᠢᠬᠤᠯᠠᠴᠢᠯᠠᠭᠰᠠᠨ ᠨᠢ᠂ ᠵᠠᠰᠠᠨ ᠴᠡᠭᠴᠡᠯᠡᠬᠦ ᠬᠦᠴᠦᠯᠡᠴᠡ ᠪᠠᠨ ᠴᠢᠩᠭᠠᠳᠬᠠᠵᠤ ᠭᠤᠣᠯ ᠤᠨ ᠭᠤᠯᠳᠤᠷᠢᠯ ᠤᠨ ᠥᠨᠢ ᠤᠳᠠᠭᠠᠨ ᠴᠡᠪᠡᠷ ᠲᠤᠩᠭᠠᠯᠠᠭ ᠪᠠᠶᠢᠬᠤ ᠶᠢ ᠪᠠᠲᠤᠯᠠᠬᠤ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2018-06-22
     6 ᠳ᠋ᠤᠭᠠᠷ ᠰᠠᠷ᠎ᠠ  ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠥᠵᠢ᠂ ᠬᠤᠲᠠ ᠶᠢᠨ ᠳᠠᠷᠤᠭ᠎ᠠ ᠹᠧᠩ ᠢᠦᠶ ᠵᠧᠨ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠦᠮᠡᠬᠡᠢ ᠤᠰᠤᠨ ᠴᠣᠭᠴᠠ ᠶᠢ ᠵᠠᠰᠠᠬᠤ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠰᠠᠶᠢᠲᠤᠷ ᠣᠶᠢᠯᠭᠠᠵᠤ᠂ ᠵᠠᠰᠠᠨ ᠴᠡᠭᠴᠡᠯᠡᠬᠦ ᠬᠦᠴᠦᠯᠡᠴᠡ ᠪᠠᠨ ᠴᠢᠩᠭᠠᠳᠬᠠᠵᠤ᠂ ᠪᠠᠶᠢᠩᠭᠤ ᠶᠢᠨ ᠲᠣᠭᠲᠠᠯᠴᠠᠭ᠎ᠠ ᠶᠢ ᠪᠠᠶᠢᠭᠤᠯᠵᠤ ᠭᠤᠣᠯ ᠤᠨ ᠭᠤᠯᠳᠤᠷᠢᠯ ᠤᠨ ᠥᠨᠢ ᠤᠳᠠᠭᠠᠨ ᠴᠡᠪᠡᠷ ᠲᠤᠩᠭᠠᠯᠠᠭ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃      ᠹᠧᠩ ᠢᠦᠶ ᠵᠧᠨ ᠲᠤᠬᠠᠢ ᠶᠢᠨ ᠭᠠᠵᠠᠷ ‍ᠤᠨ‌‍ᠲ᠋ᠣᠭᠤᠷᠢᠨ ᠪᠠᠶᠢᠴᠠᠭᠠᠯᠲᠠ ᠪᠠᠷ ᠳᠠᠮᠵᠢᠭᠠᠳ᠂ ᠮᠠᠨ ᠤ ᠬᠤᠲᠠ ᠶᠢᠨ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠢ ᠭᠦᠢᠴᠡᠳ ᠨᠤᠲᠠᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠯᠠᠨ ᠠᠷᠭ᠎ᠠ ᠠᠪᠴᠠᠯ ᠢ ᠬᠦᠴᠦᠲᠡᠢ ᠬᠡᠷᠡᠭᠵᠢᠭᠦᠯᠦᠨ ᠵᠠᠰᠠᠨ ᠴᠡᠭᠴᠡᠯᠡᠬᠦ ᠠᠵᠢᠯ  ᠤᠨ ᠠᠩᠬᠠᠨ ᠤ ᠦᠷ᠎ᠡ ᠪᠥᠲᠦᠮᠵᠢ ᠶᠢ ᠣᠯᠬᠤ ᠬᠡᠷᠡᠭᠲᠠᠢ᠃ ᠦᠮᠡᠬᠡᠢ ᠤᠰᠤᠨ ᠴᠣᠭᠴᠠ ᠶᠢ ᠵᠠᠰᠠᠬᠤ ᠠᠵᠢᠯ ᠨᠢ ᠦᠢ ᠣᠯᠠᠨ ᠠᠷᠠᠳ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠶᠤᠮ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠷᠬᠡᠪᠰᠢ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠴᠠᠭ ᠤᠨ ᠬᠢᠵᠠᠭᠠᠷᠯᠠᠯ ᠪᠣᠯᠣᠨ ᠭᠤᠣᠯᠳᠠᠯᠭ᠎ᠠ ᠲᠠᠢ ᠣᠷᠣᠨ ᠪᠦᠰᠡ ᠶᠢ ᠴᠠᠭ ᠢᠮᠠᠭᠲᠠ ᠠᠩᠬᠠᠷᠴᠤ᠂ ᠵᠠᠰᠠᠨ ᠴᠡᠭᠴᠡᠯᠡᠬᠦ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠪᠣᠬᠢᠷᠳᠤᠯ ‍ᠤᠨ‌ᠡᠬᠢ ᠶᠢ ᠨᠢ ᠲᠠᠰᠤᠯᠠᠬᠤ᠂ ᠬᠠᠶᠠᠭᠳᠠᠮᠠᠯ ᠢ ᠴᠡᠪᠡᠷᠯᠡᠬᠦ᠂ ᠠᠮᠢ ᠠᠬᠤᠢ ᠶᠢᠨ ᠰᠡᠷᠭᠦᠯᠲᠡ ᠵᠡᠷᠭᠡ ᠵᠠᠰᠠᠨ ᠴᠡᠭᠴᠡᠯᠡᠬᠦ ᠠᠵᠢᠯ ᠢ ᠯᠠᠪᠳᠠᠭᠤᠨ ᠬᠢᠵᠤ᠂ ᠣᠰᠤᠨ ᠤ ᠣᠷᠴᠢᠨ ᠲᠣᠭᠤᠷᠢᠨ ᠤ ᠴᠢᠨᠠᠷ ᠢ ᠦᠨᠡᠨᠬᠦ ᠳᠡᠭᠡᠭᠰᠢᠯᠡᠭᠦᠯᠵᠤ᠂ ᠭᠤᠣᠯ ᠤᠨ ᠭᠤᠯᠳᠤᠷᠢᠯ ‍ᠤᠨ‌ᠦᠨᠢ ᠤᠳᠠᠭᠠᠨ ᠴᠡᠪᠡᠷ ᠲᠤᠩᠭᠠᠯᠠᠭ ᠪᠠᠶᠢᠬᠤ ᠶᠢ ᠪᠠᠲᠤᠯᠠᠵᠤ᠂ ᠨᠤᠮᠢᠨ ᠤᠰᠤ ᠨᠤᠭᠤᠭᠠᠨ ᠪᠦᠷᠢᠳᠦ  ᠲᠠᠢ ᠬᠤᠲᠠ ᠶᠢᠨ ᠠᠮᠢ ᠠᠬᠤᠢ ᠶᠢᠨ ᠦᠵᠡᠮᠵᠢ ᠶᠢ ᠪᠦᠷᠢᠳᠦᠭᠦᠯᠬᠦ ᠬᠡᠷᠡᠭᠲᠠᠢ ᠭᠡᠪᠡ᠃      ᠬᠤᠲᠠ ᠶᠢᠨ ᠤᠳᠤᠷᠢᠳᠤᠯᠭ᠎ᠠ ᠵᠸᠤ ᠴᠢᠶᠠᠩ᠂ ᠰᠦᠩ ᠾᠦᠢ᠂ ᠬᠤᠲᠠ  ᠶᠢᠨ ᠵᠠᠰᠠᠭ ‍ᠤᠨ‌ᠣᠷᠳᠤᠨ  ᠤ ᠨᠠᠷᠢᠨ ᠪᠢᠴᠢᠭ ᠤᠨ ᠳᠠᠷᠤᠭ᠎ᠠ ᠯᠦᠸᠧ ᠯᠢᠨ ᠪᠠᠷ᠎ᠠ ᠪᠣᠯᠵᠤ ᠪᠠᠶᠢᠴᠠᠭᠠᠨ ᠰᠣᠳᠤᠯᠤᠯᠲᠠ ᠬᠢᠪᠡ᠃  ︵ᠰᠣᠷᠪᠤᠯᠵᠢᠯᠠᠭᠴᠢ  ᠮᠢᠶᠣᠤ ᠴᠢᠩ︶
 
ᠢᠷᠡᠯᠲᠡ᠄ ᠬᠥᠬᠡᠬᠤᠲᠠ  ᠶᠢᠨ ᠡᠳᠣᠷ  ᠤᠨ ᠰᠤᠨᠢᠨ  ᠠᠴᠠ ᠪᠠᠭᠤᠯᠭᠠᠨ ᠨᠠᠶᠢᠷᠠᠭᠤᠯᠪᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号