6 ᠳ᠋ᠤᠭᠠᠷ ᠰᠠᠷ᠎ᠠ ᠶᠢᠨ 20 ᠤ ᠡᠳᠦᠷ᠂ ᠰᠢᠶᠠᠨ ᠤ ᠨᠠᠮ ᠬᠤᠷᠢᠶ᠎ᠠ ᠶᠢᠨ ᠳᠡᠳ᠋ ᠱᠦᠵᠢ᠂ ᠨᠢᠭᠡᠳᠦᠭᠡᠷ | ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠤᠨ ᠳᠣᠭᠤᠶᠢᠯᠠᠩ ᠤᠨ ᠳᠠᠷᠤᠭ᠎ᠠ ᠰᠣᠶᠣᠯ ᠰᠢᠨ ᠳ᠋ᠢᠶᠠᠨ ᠽᠢ ᠪᠠᠯᠭᠠᠰᠣᠨ | ᠳᠤ ᠭᠦᠨᠵᠡᠭᠡᠶᠢᠷᠡᠵᠦ᠂ ︽ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠠᠵᠢᠯ ᠤᠨ ᠣᠷᠣᠰᠢᠵᠣ ᠪᠠᠶᠢᠭ᠎ᠠ | ᠠᠰᠠᠭᠤᠳᠠᠯ ᠢ ᠪᠠᠶᠢᠴᠠᠭᠠᠨ ᠴᠡᠭᠴᠡᠯᠡᠬᠦ ᠶᠢ ᠤᠯᠠᠮ ᠨᠢᠭᠡ ᠠᠯᠬᠤᠮ ᠳᠦᠷᠢᠮᠵᠢᠭᠦᠯᠬᠦ ᠲᠣᠬᠠᠢ ᠮᠡᠳᠡᠭᠳᠡᠯ︾ | ︽ᠠᠰᠠᠭᠤᠳᠠᠯ ᠢ ᠴᠡᠭᠴᠡᠯᠡᠨ ᠵᠠᠰᠠᠬᠤ ᠶᠢ ᠳᠦᠷᠢᠮᠵᠢᠭᠦᠯᠬᠦ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠪᠠᠶᠢᠳᠠᠯ ᠤᠨ | ᠲᠣᠬᠠᠢ ᠮᠡᠳᠡᠭᠳᠡᠯ︾ ︽ᠬᠤᠷᠢᠨᠭᠡᠷ ᠰᠢᠶᠠᠨ ᠶᠠᠳᠠᠭᠤ ᠶᠢ ᠲᠡᠳᠬᠦᠬᠦ ᠬᠦᠷᠢᠶ᠎ᠡ ᠬᠡᠪᠴᠢᠶᠡᠨ ᠳᠠᠬᠢ ᠰᠣᠷᠲᠠᠯ ᠤᠨ | ᠠᠰᠠᠭᠤᠳᠠᠯ ᠤᠨ ᠲᠣᠰᠬᠠᠢ ᠵᠠᠰᠠᠯᠲᠠ ᠶᠢ ᠥᠷᠨᠢᠭᠦᠯᠦᠨ ᠬᠡᠷᠡᠭᠵᠢᠭᠦᠯᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠳᠤ ᠬᠠᠨᠳᠣᠭᠤᠯᠵᠣ ᠰᠢᠮᠳᠠᠭᠤᠯᠣᠨ ᠪᠠᠶᠢᠴᠠᠭᠠᠯᠲᠠ ᠬᠢᠵᠦ᠂ | ᠰᠢᠶᠠᠨ ᠤ ᠨᠠᠮ ᠤᠨ ᠬᠤᠷᠢᠶ᠎ᠠ ᠶᠢᠨ ᠰᠢᠮᠳᠠᠭᠤᠯᠣᠨ ᠪᠠᠶᠢᠴᠠᠭᠠᠬᠤ ᠲᠠᠰᠤᠭ᠂ ᠶᠠᠳᠠᠭᠤ ᠶᠢ ᠳᠡᠳᠬᠦᠬᠦ ᠠᠯᠪᠠᠨ ᠭᠡᠷ᠂ | ᠣᠷᠣᠨ ᠰᠠᠭᠤᠴᠠ ᠪᠦᠲᠦᠭᠡᠨ ᠪᠠᠶᠢᠭᠤᠯᠣᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠲᠦᠯᠥᠪᠯᠡᠭᠡᠲᠦ ᠦᠷᠡᠵᠢᠯ ᠤᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠂ ᠬᠦᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠵᠡᠷᠭᠡ ᠰᠠᠯᠠᠭ᠎ᠠ | ᠮᠦᠴᠢᠷ ᠰᠢᠮᠳᠠᠭᠤᠯᠣᠨ ᠪᠠᠶᠢᠴᠠᠭᠠᠯᠲᠠ ᠳᠤ ᠣᠷᠣᠯᠴᠠᠪᠠ᠃ | ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠤᠨ ᠬᠢᠨ ᠰᠢᠨ ᠳ᠋ᠢᠶᠠᠨ ᠽᠢ ᠪᠠᠯᠭᠠᠰᠣᠨ ᠤ ᠶᠠᠳᠠᠭᠤ ᠶᠢ ᠳᠡᠳᠬᠦᠬᠦ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠨᠠᠶᠢᠳᠠᠪᠣᠷᠢᠵᠢᠭᠤᠯᠣᠭᠰᠠᠨ ᠪᠠᠶᠢᠳᠠᠯ ᠳᠤ ᠳᠣᠣᠷᠠᠬᠢ ᠬᠡᠳᠦᠨ ᠲᠠᠯ᠎ᠠ ᠪᠠᠷ | ᠪᠠᠶᠢᠴᠠᠭᠠᠯᠲᠠ ᠬᠢᠪᠡ᠃ ᠲᠣᠬᠠᠶᠢᠯᠠᠪᠠᠯ ᠪᠠᠶᠢᠴᠠᠭᠠᠯᠲᠠ ᠪᠣᠯᠣᠨ ᠴᠡᠭᠴᠡᠯᠡᠨ ᠵᠠᠰᠠᠭᠰᠠᠨ ᠡᠬᠡ ᠳᠠᠩᠰᠠ ᠪᠠᠶᠢᠭᠤᠯᠣᠭᠰᠠᠨ | ᠡᠰᠡᠬᠦ᠂ ᠠᠰᠠᠭᠤᠳᠠᠯ ᠳᠤ ᠬᠠᠨᠳᠣᠭᠤᠯᠵᠣ ᠠᠷᠭ᠎ᠠ ᠬᠡᠮᠵᠢᠶ᠎ᠡ ᠠᠪᠴᠣ ᠴᠠᠭ ᠤᠨ ᠬᠢᠵᠠᠭᠠᠷ ᠲᠣᠭᠲᠠᠭᠠᠭᠰᠠᠨ ᠡᠰᠡᠬᠦ᠂ | ᠴᠡᠭᠴᠡᠯᠡᠨ ᠵᠠᠰᠠᠬᠤ ᠠᠵᠢᠯ ᠢ ᠪᠣᠳᠠᠲᠠᠢ ᠬᠠᠷᠢᠭᠤᠴᠠᠵᠣ ᠪᠠᠶᠢᠭ᠎ᠠ ᠬᠦᠮᠦᠨ ᠳᠤ ᠬᠦᠷᠲᠡᠯ᠎ᠡ ᠨᠠᠶᠢᠳᠠᠪᠣᠷᠢᠵᠢᠭᠤᠯᠣᠭᠰᠠᠨ | ᠡᠰᠡᠬᠦ᠂ ᠲᠦᠷᠥᠯ ᠵᠦᠢᠯ ᠤᠨ ᠬᠦᠮᠦᠷᠭᠡ ᠶᠢ ᠪᠠᠶᠢᠭᠤᠯᠣᠭᠰᠠᠨ ᠪᠠᠶᠢᠳᠠᠯ᠂ ᠪᠡᠯᠡ ᠮᠦᠩᠭᠦ ᠶᠢ ᠴᠡᠭᠴᠡᠯᠡᠨ ᠵᠠᠰᠠᠵᠣ | ᠨᠠᠶᠢᠳᠠᠪᠣᠷᠢᠵᠢᠭᠤᠯᠣᠭᠰᠠᠨ ᠪᠠᠶᠢᠳᠠᠯ᠂ ᠰᠣᠷᠲᠠᠯ ᠤᠨ ᠪᠦᠲᠦᠭᠡᠨ ᠪᠠᠶᠢᠭᠤᠯᠣᠯᠲᠠ ᠶᠢᠨ ᠪᠠᠶᠢᠳᠠᠯ᠂ ᠲᠣᠮᠤ ᠳ᠋ᠠᠶᠢᠲ᠋ᠠ ᠶᠢᠨ | ᠲᠠᠪᠴᠠᠩ ᠳᠤ ᠮᠠᠲ᠋ᠧᠷᠢᠶᠠᠯ ᠢ ᠰᠢᠩᠭᠡᠭᠡᠨ ᠣᠷᠣᠭᠤᠯᠣᠭᠰᠠᠨ ᠪᠠᠶᠢᠳᠠᠯ ᠵᠡᠷᠭᠡ ᠳᠤ ᠵᠠᠬ᠎ᠠ ᠳᠠᠷᠠᠭᠠᠯᠠᠨ ᠪᠠᠶᠢᠴᠠᠭᠠᠯᠲᠠ | ᠬᠢᠪᠡ᠃ ᠱᠢ ᠮᠧᠨ ᠲᠣᠰᠬᠤᠨ᠂ ᠰᠢᠶᠠᠨ ᠳ᠋ᠢᠶᠠᠨ ᠽᠢ ᠲᠣᠰᠬᠤᠨ ᠳᠤ ᠭᠦᠨᠵᠡᠭᠡᠶᠢᠷᠡᠵᠦ᠂ ᠶᠠᠳᠠᠭᠤ ᠬᠦᠴᠢᠷᠳᠡᠯᠲᠡᠢ | ᠡᠷᠦᠬᠡ ᠪᠣᠯᠣᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠳᠠᠩᠰᠠ ᠡᠪᠬᠡᠮᠡᠯ ᠢ ᠲᠠᠭᠯᠠᠭᠰᠠᠨ ᠪᠠᠶᠢᠳᠠᠯ᠂ ᠨᠤᠷᠠᠬᠤ | ᠠᠶᠣᠯ ᠲᠠᠢ ᠭᠡᠷ ᠪᠠᠶᠢᠰᠢᠩ᠂ ᠰᠣᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠮᠴᠢᠯᠡᠭᠡ ᠡᠷᠡᠭᠦᠯ ᠮᠡᠨᠳᠦ ᠪᠠᠷ | ᠶᠠᠳᠠᠭᠤ ᠶᠢ ᠲᠡᠳᠬᠦᠬᠦ᠂ ᠨᠡᠶᠢᠭᠡᠮ ᠤᠨ ᠪᠠᠲᠣᠯᠠᠭ᠎ᠠ ᠵᠡᠷᠭᠡ ᠶᠠᠳᠠᠭᠤ ᠶᠢ ᠳᠡᠳᠬᠦᠬᠦ ᠠᠷᠭ᠎ᠠ ᠬᠡᠮᠵᠢᠶ᠎ᠡ ᠶᠢᠨ | ᠨᠠᠶᠢᠳᠠᠪᠣᠷᠢᠵᠢᠭᠤᠯᠣᠭᠰᠠᠨ ᠪᠠᠶᠢᠳᠠᠯ ᠳᠤ ᠰᠣᠩᠭᠤᠨ ᠪᠠᠶᠢᠴᠠᠭᠠᠯᠲᠠ ᠬᠢᠪᠡ᠃ ᠣᠨᠳᠣᠣ ᠭᠠᠵᠠᠷ ᠲᠤ ᠨᠡᠭᠦᠯᠭᠡᠭᠰᠡᠨ | ᠡᠷᠦᠬᠡ ᠴᠢ ᠹᠦ᠋ ᠱᠧᠩ᠂ ᠯᠠᠩ ᠰᠠᠨ ᠨᠢᠥᠢ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠡᠷᠦᠬᠡ ᠸᠠᠩ ᠰᠠᠨ | ᠾᠧ ᠤᠨ ᠭᠡᠷ ᠲᠤ ᠬᠦᠷᠴᠦ ᠶᠠᠳᠠᠭᠤ ᠶᠢ ᠳᠡᠳᠬᠦᠬᠦ ᠲᠦᠷᠥ ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠣᠭᠰᠠᠨ ᠪᠠᠶᠢᠳᠠᠯ | ᠂ ᠬᠠᠪᠰᠣᠷᠣᠨ ᠲᠡᠳᠬᠦᠵᠦ ᠪᠠᠶᠢᠭ᠎ᠠ ᠺᠠᠳ᠋ᠷ ᠶᠠᠳᠠᠭᠤ ᠶᠢ ᠳᠡᠳᠬᠦᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠠᠰᠠᠭᠤᠨ ᠯᠠᠪᠯᠠᠵᠣ ᠨᠠᠷᠢᠯᠢᠭ ᠣᠶᠢᠯᠠᠭᠠᠪᠠ᠃ | ᠰᠢᠮᠳᠠᠭᠤᠯᠣᠨ ᠪᠠᠶᠢᠴᠠᠭᠠᠬᠤ ᠳᠣᠭᠤᠶᠢᠯᠠᠩ ᠤᠨ ᠬᠢᠨ ᠨᠢᠭᠡ ᠭᠠᠵᠠᠷ ᠲᠤ ᠬᠦᠷᠬᠦ ᠪᠣᠯᠭᠠᠨ ᠰᠢᠮᠳᠠᠭᠤᠯᠣᠨ | ᠪᠠᠶᠢᠴᠠᠭᠠᠯᠲᠠ ᠳᠣᠮᠳᠠ ᠣᠯᠵᠣ ᠮᠡᠳᠡᠭᠰᠡᠨ ᠠᠰᠠᠭᠤᠳᠠᠯ ᠳᠤ ᠬᠠᠨᠳᠣᠭᠤᠯᠣᠨ᠂ ᠲᠡᠷᠡ ᠳᠠᠷᠣᠢ ᠳᠤᠨᠢ ᠰᠢᠢᠳᠪᠦᠷᠢᠯᠡᠵᠦ | ᠳᠡᠶᠢᠯᠳᠡᠭ ᠢ ᠨᠢ ᠠᠬᠤᠢ ᠲᠠᠯᠠᠪᠠᠢ ᠳᠤᠨᠢ ᠰᠢᠢᠳᠪᠦᠷᠢᠯᠡᠬᠦ ᠠᠷᠭ᠎ᠠ ᠬᠡᠮᠵᠢᠶ᠎ᠡ ᠳᠣᠷᠠᠳᠣᠨ᠂ ᠲᠡᠷᠡ ᠳᠠᠷᠣᠢ ᠳᠤᠨᠢ | ᠰᠢᠢᠳᠪᠦᠷᠢᠯᠡᠵᠦ ᠳᠡᠶᠢᠯᠬᠦ ᠦᠭᠡᠢ ᠶᠢ ᠨᠢ ᠠᠰᠠᠭᠤᠳᠠᠯ ᠪᠣᠯᠭᠠᠨ ᠳᠡᠪᠰᠢᠭᠦᠯᠵᠦ᠂ ᠶᠠᠳᠠᠭᠤ ᠶᠢ ᠳᠡᠳᠬᠦᠬᠦ ᠣᠳᠣᠷᠢᠳᠬᠤ | ᠪᠠᠭ ᠰᠣᠳᠣᠯᠣᠨ ᠶᠠᠷᠢᠯᠴᠠᠭᠰᠠᠨ ᠤ ᠳᠠᠷᠠᠭ᠎ᠠ ᠰᠢᠢᠳᠪᠦᠷᠢ ᠭᠠᠷᠭᠠᠵᠣ ᠪᠣᠢ᠃ |