6 ᠰᠠᠷ᠎ᠠ ᠶᠢᠨ 22 ᠤᠨ ᠡᠳᠤᠷ᠂ ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ᠃ | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠪᠢᠴᠢᠭ ᠤᠨ ᠬᠡᠯᠪᠡᠷᠢ ᠶᠢᠨ ᠶᠠᠷᠢᠶᠠᠨ ᠳᠠᠭᠠᠨ᠂ | ᠤᠯᠠᠭᠠᠨᠮᠦ᠋ᠴᠢᠷ ᠪᠤᠯ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠤᠳᠬ᠎ᠠ ᠤᠷᠠᠯᠢᠭ ᠤᠨ ᠤᠨᠤᠯ ᠢ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠭᠰᠠᠨ | ᠪᠦᠳᠦᠭᠡᠭᠳᠡᠭᠦᠨ ᠪᠠᠶᠢᠵᠤ᠂ ᠨᠡᠶᠢᠬᠡᠮ ᠵᠢᠷᠤᠮ ᠤᠨ ᠰᠤᠶᠤᠯ ᠤᠨ ᠪᠠᠶᠢᠭᠤᠯᠤᠯᠳᠠ ᠶᠢᠨ ᠨᠢᠭᠡᠨ ᠠᠭᠤᠤ ᠶᠡᠭᠡ | ᠡᠭᠦᠳᠦᠯᠳᠡ ᠪᠤᠯᠤᠨ᠎ᠠ᠃ ᠠᠷᠠᠳ ᠲᠦᠮᠡᠨ ᠳᠤ ᠦᠢᠯᠡᠴᠢᠯᠡᠵᠤ᠂ ᠨᠡᠶᠢᠬᠡᠮ ᠵᠢᠷᠤᠮ ᠳᠤ ᠦᠢᠯᠡᠴᠢᠯᠡᠬᠦ ᠦᠢᠯᠡᠳᠦᠯᠭᠡ | ᠳᠤᠮᠳᠠ ᠪᠤᠢ ᠪᠤᠯᠤᠭᠰᠠᠨ ᠤᠯᠠᠭᠠᠨᠮᠦ᠋ᠴᠢᠷ ᠤᠨ ᠵᠤᠷᠢᠭ ᠰᠠᠨᠠᠭ᠎ᠠ ᠨᠢ ᠪᠦᠬᠦ ᠤᠯᠤᠰ ᠤᠨ ᠦᠨᠳᠦᠰᠦᠲᠡᠨ ᠨᠦᠭᠦᠳ ᠤᠨ | ᠡᠷᠬᠢᠮ ᠨᠠᠨᠳᠢᠨ ᠡᠳ᠋ ᠪᠠᠶᠠᠯᠢᠭ ᠪᠤᠯᠬᠤ ᠶᠤᠮ᠃ ᠰᠢᠨ᠎ᠡ ᠴᠠᠭ ᠦᠶ᠎ᠡ ᠳᠤ ᠶᠡᠷᠦᠩᠬᠡᠢ ᠱᠦᠵᠢ ᠰᠢ ᠶᠢᠨ ᠫᠢᠩ | ᠤᠯᠠᠭᠠᠨᠮᠦ᠋ᠴᠢᠷ ᠢ ᠦᠨᠢ ᠡᠭᠦᠷᠢᠳᠡ ᠳᠠᠯ᠎ᠠ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ | ᠮᠤᠷᠢᠳᠤ ᠴᠡᠷᠢᠭ︾ ᠪᠤᠯᠰᠤᠭᠠᠢ ᠬᠡᠵᠤ ᠴᠢᠩ ᠰᠡᠳᠬᠢᠯ ᠠᠴᠠ ᠪᠠᠨ ᠬᠦᠰᠡᠨ ᠨᠠᠶᠢᠳᠠᠭᠰᠠᠨ ᠪᠠᠶᠢᠨ᠎ᠠ᠃ ᠪᠢᠳᠡ | ᠡᠷᠬᠡᠪᠰᠢ ᠤᠯᠠᠭᠠᠨᠮᠦ᠋ᠴᠢᠷ ᠤᠨ ᠬᠤᠪᠢᠰᠬᠠᠯ ᠤᠨ ᠤᠳᠤᠮᠰᠢᠯ ᠢ ᠦᠨᠢ ᠡᠭᠦᠷᠢᠳᠡ ᠬᠤᠪᠢᠷᠠᠭᠤᠯᠬᠤ ᠦᠭᠡᠢ᠂ ᠳᠠᠯ᠎ᠠ | ᠨᠤᠳᠤᠭ ᠲᠤ ᠦᠨᠳᠦᠰᠦᠯᠡᠭᠦᠯᠵᠤ᠂ ᠤᠯᠠᠨ ᠲᠦᠮᠡᠨ ᠳᠤ ᠦᠢᠯᠡᠴᠢᠯᠡᠬᠦ ᠰᠢᠯᠢᠳᠡᠭ ᠤᠯᠠᠮᠵᠢᠯᠠᠯ ᠢᠶᠠᠨ ᠡᠭᠦᠷᠢᠳᠡ | ᠬᠤᠪᠢᠷᠠᠭᠤᠯᠬᠤ ᠦᠭᠡᠢ᠂ ᠤᠯᠠᠭᠠᠨᠮᠦ᠋ᠴᠢᠷ ᠤᠨ ᠨᠢᠭᠡ ᠳᠤ ᠴᠠᠭᠠᠷᠠᠵᠤ ᠤᠯᠠᠨ ᠳᠤ ᠮᠡᠷᠭᠡᠰᠢᠬᠦ ᠶᠢ ᠡᠭᠦᠷᠢᠳᠡ | ᠪᠠᠷᠢᠮᠳᠠᠯᠠᠨ᠂ ᠬᠤᠷᠴᠠ ᠭᠠᠪᠰᠢᠭᠠᠢ ᠤᠶᠠᠨ ᠬᠠᠳᠠᠨ ᠴᠢᠨᠠᠷ ᠢᠶᠠᠨ ᠠᠯᠳᠠᠬᠤ ᠦᠭᠡᠢ ᠪᠠᠷ ᠤᠯᠠᠭᠠᠨᠮᠦ᠋ᠴᠢᠷ ᠤᠨ ᠵᠤᠷᠢᠭ | ᠰᠠᠨᠠᠭ᠎ᠠ ᠶᠢ ᠦᠷᠭᠦᠯᠵᠢᠯᠡᠨ ᠤᠯᠠᠮᠵᠢᠯᠠᠵᠤ᠂ ᠤᠳᠬ᠎ᠠ ᠤᠷᠠᠯᠢᠭ ᠤᠨ ᠰᠢᠨ᠎ᠠ ᠡᠭᠦᠲᠦᠯᠲᠡ ᠶᠢ ᠠᠬᠢᠭᠤᠯᠵᠦ᠂ ᠤᠯᠠᠠ | ᠲᠦᠮᠡᠡ ᠲᠠᠢ ᠤᠶᠢᠷᠠᠲᠤᠭᠰᠠᠠ᠂ ᠤᠯᠠᠨ ᠲᠦᠮᠡᠨ ᠤ ᠲᠤᠮᠳᠠ ᠲᠡᠯᠭᠡᠷᠡᠵᠦ ᠲᠠᠭᠠᠰᠢᠶᠠᠭᠳᠠᠭᠰᠠᠨ ᠰᠢᠯᠢᠲᠡᠭ ᠪᠦᠲᠦᠭᠡᠯ ᠢ | ᠨᠡᠩ ᠤᠯᠠᠠ ᠵᠤᠬᠢᠶᠠᠨ ᠪᠦᠲᠦᠭᠡᠬᠦ ᠪᠠᠷ ᠴᠢᠷᠮᠠᠶᠢᠵᠦ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠵᠤᠬᠢᠶᠠᠨ | ᠪᠦᠳᠦᠭᠡᠯᠭᠡ ᠶᠢ ︽ᠦᠨᠳᠦᠷᠯᠢᠭ︾ ᠠᠴᠠ ︽ᠤᠷᠬᠢᠯ︾ ᠳᠤ ᠬᠦᠷᠬᠦ ᠳᠠᠪᠠᠯᠳᠠ ᠶᠢ ᠪᠡᠶᠡᠯᠡᠭᠦᠯᠦᠨ᠂ | ᠤᠯᠠᠭᠠᠨᠮᠦ᠋ᠴᠢᠷ ᠤᠨ ᠡᠨᠡᠬᠦ ᠤᠯᠠᠭᠠᠨ ᠲᠤᠭ ᠢ ᠮᠠᠨ ᠤ ᠤᠯᠤᠰ ᠤᠨ ᠨᠡᠶᠢᠬᠡᠮ ᠵᠢᠷᠤᠮ ᠤᠨ ᠤᠳᠬ᠎ᠠ ᠤᠷᠠᠯᠢᠭ ᠤᠨ | ᠹᠷᠤᠨᠲ ᠳᠡᠭᠡᠷ᠎ᠡ ᠦᠨᠳᠤᠷ ᠮᠠᠨᠳᠤᠭᠤᠯᠤᠶ᠎ᠠ ᠬᠡᠵᠦ ᠵᠢᠭᠠᠵᠦ ᠭᠠᠷᠭᠠᠪᠠ᠃ | ᠤᠯᠤᠰ ᠤᠨ ᠰᠤᠶᠤᠯ ᠬᠢᠬᠡᠳ ᠵᠢᠭᠤᠯᠴᠢᠯᠠᠯ ᠤᠨ ᠶᠠᠮᠤᠨ ᠤ ᠳᠡᠳ᠋ ᠳᠠᠷᠤᠭ᠎ᠠ ᠯᠢ ᠴᠢᠶᠦ᠋ᠨ ᠶᠠᠷᠢᠶᠠᠨ ᠳᠠᠭᠠᠨ᠂ | ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠤᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠤᠶᠢᠯᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠵᠤ | ᠪᠠᠶᠢᠭ᠎ᠠ ᠴᠢᠬᠤᠯᠠ ᠨᠢᠭᠡᠨ ᠠᠵᠢᠯᠯᠠᠭ᠎ᠠ ᠪᠤᠯᠬᠤ ᠶᠤᠮ᠃ ᠬᠤᠷᠠᠯ ᠢᠶᠠᠷ ᠳᠠᠮᠵᠢᠵᠤ᠂ ᠨᠠᠮ ᠠᠴᠠ ᠤᠯᠠᠭᠠᠨᠮᠦ᠋ᠴᠢᠷ ᠤᠨ | ᠦᠢᠯᠡᠰ ᠢ ᠤᠳᠤᠷᠢᠳᠬᠤ ᠶᠢ ᠴᠢᠩᠭᠠᠳᠬᠠᠨ᠂ ᠰᠢᠯᠢᠳᠡᠭ ᠤᠯᠠᠮᠵᠢᠯᠠᠯ ᠢᠶᠠᠨ ᠴᠢᠨᠠᠭᠰᠢᠳᠠ ᠪᠠᠳᠠᠷᠠᠭᠤᠯᠵᠤ᠂ | ᠦᠨᠳᠦᠰᠦᠲᠡᠨ ᠤ ᠤᠨᠴᠠᠯᠢᠭ ᠢ ᠳᠤᠪᠤᠶᠢᠯᠭᠠᠨ᠂ ᠤᠷᠤᠨ ᠨᠤᠳᠤᠭ ᠤᠨ ᠤᠨᠴᠠᠯᠢᠭ ᠢ ᠬᠠᠷᠠᠭᠤᠯᠵᠤ᠂ ᠴᠠᠭ ᠦᠶ᠎ᠡ ᠶᠢᠨ | ᠱᠠᠭᠠᠷᠳᠠᠯᠭ᠎ᠠ ᠶᠢ ᠳᠤᠳᠤᠷᠬᠠᠢᠢᠯᠠᠵᠤ᠂ ᠠᠵᠢᠯ ᠤᠨ ᠬᠡᠯᠪᠡᠷᠢ ᠪᠠᠨ ᠳᠡᠭᠦᠯᠳᠡᠷᠵᠢᠭᠦᠯᠤᠨ᠂ ᠦᠢᠯᠡᠴᠢᠯᠡᠭᠡ ᠶᠢᠨ ᠠᠷᠭ᠎ᠠ | ᠠᠪᠴᠠᠯ ᠢᠶᠠᠨ ᠦᠷᠬᠡᠳᠭᠡᠵᠤ᠂ ᠤᠯᠠᠭᠠᠨᠮᠦ᠋ᠴᠢᠷ ᠤᠨ ᠬᠦᠭᠵᠢᠯᠳᠡ ᠪᠠᠷ ᠰᠢᠨ᠎ᠡ ᠴᠠᠭ ᠦᠶ᠎ᠡ ᠶᠢᠨ ᠠᠷᠠᠳ ᠲᠦᠮᠡᠨ ᠤ | ᠡᠳᠤᠷ ᠢᠷᠡᠭᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ ᠬᠡᠪᠡ᠃ | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ | ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ ᠶᠠᠷᠢᠶᠠᠨ ᠳᠠᠭᠠᠨ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠬᠤ ᠳᠤ ᠬᠤᠪᠢᠰᠬᠠᠯ ᠤᠨ ᠤᠳᠤᠮᠰᠢᠯ ᠢ ᠡᠷᠬᠡᠪᠰᠢ ᠤᠯᠠᠮᠵᠢᠯᠠᠬᠤ ᠬᠡᠷᠡᠭᠳᠠᠢ᠂ ᠠᠮᠢᠳᠤᠷᠠᠯ ᠤᠨ | ᠰᠢᠮᠡᠯᠢᠭ ᠬᠦᠷᠦᠰᠦᠨ ᠳᠤ ᠬᠠᠳᠬᠤᠬᠤ ᠬᠡᠷᠡᠭᠳᠠᠢ᠂ ᠠᠷᠠᠳ ᠲᠦᠮᠡᠨ ᠳᠤ ᠦᠢᠯᠡᠴᠢᠯᠡᠬᠦ ᠬᠡᠷᠡᠭᠳᠠᠢ᠂ ᠤᠳᠬ᠎ᠠ | ᠤᠷᠠᠯᠢᠭ ᠤᠨ ᠰᠢᠨ᠎ᠡ ᠡᠭᠦᠳᠦᠯᠳᠡ ᠶᠢ ᠲᠦᠯᠬᠢᠨ ᠠᠬᠢᠭᠤᠯᠬᠤ ᠬᠡᠷᠡᠭᠳᠠᠢ᠃ ᠪᠢᠳᠡ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠤᠯᠠᠭᠠᠨᠮᠦ᠋ᠴᠢᠷ ᠬᠡᠬᠦ ᠡᠨᠡᠬᠦ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠢᠶᠠᠷ ᠨᠠᠮ ᠤᠨ | ᠳᠠᠭᠤᠨ ᠢ ᠨᠡᠩ ᠰᠠᠶᠢᠳᠤᠷ ᠳᠠᠮᠵᠢᠭᠤᠯᠤᠨ᠂ ᠳᠠᠯ᠎ᠠ ᠨᠤᠳᠤᠭ ᠤᠨ ᠪᠤᠯᠪᠠᠰᠤᠨ ᠢ ᠨᠡᠩ ᠰᠠᠶᠢᠳᠤᠷ ᠤᠯᠠᠮᠵᠢᠯᠠᠵᠤ᠂ | ᠦᠨᠳᠦᠰᠦᠨ ᠱᠠᠳᠤᠨ ᠤ ᠠᠷᠠᠳ ᠤᠯᠠᠨ ᠳᠤ ᠦᠢᠯᠡᠴᠢᠯᠡᠵᠤ᠂ ᠡᠷᠡᠯᠭᠡᠭᠯᠡᠨ ᠳᠡᠮᠡᠴᠡᠬᠦ ᠵᠤᠷᠢᠭ ᠰᠠᠨᠠᠭ᠎ᠠ ᠶᠢ ᠤᠯᠠᠮᠵᠢᠯᠠᠨ | ᠂ ᠰᠤᠶᠤᠯ ᠴᠡᠴᠡᠭᠯᠡᠨ ᠬᠦᠭᠵᠢᠭᠰᠡᠨ ᠦᠵᠡᠰᠭᠦᠯᠡᠩᠳᠤ ᠰᠠᠶᠢᠬᠠᠨ ᠦᠵᠡᠮᠵᠢ ᠶᠢ ᠪᠤᠢ ᠪᠤᠯᠭᠠᠨ᠂ ᠦᠨᠳᠦᠰᠦᠲᠡᠨ ᠤ | ᠪᠦᠯᠬᠦᠮᠳᠡᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠬᠢᠯᠢ ᠬᠢᠵᠠᠭᠠᠷ ᠤᠷᠤᠨ ᠢ ᠠᠮᠤᠷ ᠳᠤᠭᠳᠠᠭᠤᠨ | ᠪᠠᠶᠢᠯᠭᠠᠬᠤ ᠪᠤᠯᠤᠳ ᠳᠡᠮᠦᠷ ᠤᠨ ᠤᠷᠳᠤ ᠴᠠᠭᠠᠨ ᠬᠡᠷᠡᠮ ᠢ ᠪᠠᠶᠢᠭᠤᠯᠬᠤ ᠬᠡᠷᠡᠭᠲᠡᠢ ᠬᠡᠪᠡ᠃ | ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠠᠴᠠ ᠰᠠᠨᠠᠭᠠᠴᠢᠯᠠᠵᠦ᠂ ᠳᠤᠮᠳᠠᠳᠤ ᠤᠯᠤᠰ ᠤᠨ ᠤᠷᠠᠯᠢᠭ ᠰᠤᠳᠤᠯᠭᠠᠨ ᠤ ᠬᠦᠷᠢᠶᠡᠯᠡᠩ ᠬᠢᠬᠡᠳ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠠᠴᠠ ᠵᠤᠬᠢᠶᠠᠨ ᠪᠠᠶᠢᠭᠤᠯᠪᠠ᠃ | ᠶᠠᠷᠢᠯᠴᠠᠬᠤ ᠬᠤᠷᠠᠯ ᠳᠡᠭᠡᠷ᠎ᠡ ᠹᠧᠩ ᠱᠤᠸᠠᠩ ᠪᠠᠢ᠂ ᠯᠢ ᠴᠧᠨ᠂ ᠯᠦᠸᠧ ᠸᠧᠢ᠂ ᠮᠠᠶᠢᠯᠠᠰᠦ᠂ ᠶᠠᠩ ᠹᠸᠢ ᠶᠦᠨ᠂ | ᠴᠤᠭ᠂ ᠴᠢ᠊ • ᠪᠤᠯᠠᠭ᠂ ᠯᡁᠠᠰᠦ᠋ᠷᠦᠩ᠂ ᠮᠦᠩᠬᠡᠵᠢᠷᠭᠠᠯ ᠵᠡᠷᠭᠡ ᠨᠡᠷᠡᠳᠦ ᠡᠷᠳᠡᠮᠳᠡᠨ ᠮᠡᠷᠭᠡᠵᠢᠯᠳᠡᠳ ᠬᠢᠬᠡᠳ | ᠠᠬᠠᠮᠠᠳ ᠵᠠᠯᠠᠭᠤ ᠤᠷᠠᠯᠢᠭᠴᠢᠳ ᠲᠤᠰᠬᠠᠢ ᠰᠡᠳᠦᠪᠳᠤ ᠶᠠᠷᠢᠶ᠎ᠠ ᠢᠯᠡᠳᠭᠡᠯ ᠬᠢᠪᠡ᠃ |