︵2015 ᠤᠨ ᠤ 9 ᠰᠠᠷ᠎ᠠ ᠶᠢᠨ 10 ᠤ ᠡᠳᠦᠷ ᠬᠦᠬᠡᠬᠤᠳᠠ ᠶᠢᠨ ᠠᠷᠪᠠᠨ ᠲᠦᠷᠪᠡᠳᠦᠭᠡᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠭᠤᠷᠪᠠᠳᠤᠭᠠᠷ | ᠬᠤᠷᠠᠯᠳᠤᠭᠠᠨ ᠢᠶᠠᠷ ᠪᠠᠳᠤᠯᠠᠪᠠ᠂ 2015 ᠤᠨ ᠤ 11 ᠰᠠᠷ᠎ᠠ ᠶᠢᠨ 25 ᠤ ᠡᠳᠦᠷ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠢᠶᠠᠷ ᠵᠦᠪᠰᠢᠶᠡᠷᠡᠪᠡ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ | ᠬᠤᠲᠠ ᠬᠦᠳᠡᠭᠡ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠂ ᠠᠷᠠᠳ ᠢᠷᠭᠡᠨ ᠤ ᠡᠷᠡᠭᠦᠯ ᠮᠡᠨᠲᠤ ᠶᠢᠨ ᠦᠵᠡᠯ | ᠤᠬᠠᠮᠰᠠᠷ ᠪᠠ ᠡᠷᠡᠭᠦᠯ ᠴᠢᠬᠢᠷᠠᠭ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠵᠤ᠂ ᠠᠵᠤ ᠠᠬᠤᠢ ᠨᠡᠶᠢᠭᠡᠮ ᠤᠨ | ᠵᠤᠬᠢᠴᠠᠩᠭᠤᠢ ᠬᠦᠭᠵᠢᠯᠲᠠ ᠶᠢ ᠲᠦᠯᠬᠢᠨ ᠠᠬᠢᠭᠤᠯᠬᠤ ᠶᠢᠨ ᠲᠦᠯᠦᠭᠡ ︽ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠲᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ | ᠬᠠᠤᠯᠢ ᠲᠤᠭᠲᠠᠭᠠᠯ ᠢ ᠦᠨᠳᠦᠰᠦᠯᠡᠨ᠂ ᠲᠤᠰ ᠬᠤᠲᠠ ᠶᠢᠨ ᠪᠤᠲᠠᠲᠠᠢ ᠲᠠᠢ ᠤᠶᠠᠯᠳᠤᠭᠤᠯᠵᠤ᠂ ᠲᠤᠰ ᠲᠦᠷᠢᠮ ᠢ | ᠲᠤᠭᠲᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠭᠠᠨ ᠤ ᠤᠷᠤᠨ ᠲᠤᠲᠤᠷᠠᠬᠢ ᠶᠠᠮᠠᠷᠪᠠ ᠨᠢᠭᠡᠴᠢ ᠪᠠ | ᠬᠤᠪᠢ ᠬᠦᠮᠦᠨ ᠴᠦᠮ ᠲᠤᠰ ᠲᠦᠷᠢᠮ ᠢ ᠵᠢᠷᠤᠮᠯᠠᠬᠤ ᠬᠡᠷᠡᠭᠲᠠᠢ᠃ | ᠲᠤᠰ ᠲᠦᠷᠢᠮ ᠳᠤ ᠬᠡᠯᠡᠵᠤ ᠪᠠᠶᠢᠭ᠎ᠠ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠭᠡᠳᠡᠭ ᠨᠢ ᠡᠷᠡᠭᠦᠯ | ᠬᠠᠮᠠᠭᠠᠯᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠨ᠂ ᠡᠷᠡᠭᠦᠯ ᠴᠢᠬᠢᠷᠠᠭ ᠦᠢᠯᠡ ᠠᠵᠢᠯᠯᠠᠭ᠎ᠠ ᠪᠠ | ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠷᠡᠭᠦᠯ ᠴᠢᠬᠢᠷᠠᠭ ᠢ ᠨᠦᠯᠦᠭᠡᠯᠡᠬᠦ ᠡᠯᠧᠮᠧᠨ᠋ᠲ ᠢ ᠤᠰᠠᠳᠬᠠᠨ᠂ | ᠡᠪᠡᠳᠴᠢᠨ ᠢ ᠰᠡᠷᠭᠡᠶᠢᠯᠡᠬᠦ ᠪᠡ ᠬᠤᠷᠢᠭᠯᠠᠵᠤ᠂ ᠪᠦᠬᠦ ᠠᠷᠠᠳ ᠤᠨ ᠡᠷᠡᠭᠦᠯ ᠴᠢᠬᠢᠷᠠᠭ ᠤᠨ ᠬᠢᠷᠢ ᠲᠦᠪᠰᠢᠨ ᠢ | ᠲᠡᠭᠡᠭᠰᠢᠯᠡᠭᠦᠯᠬᠦ ᠪᠠᠷ ᠵᠤᠷᠢᠯᠭ᠎ᠠ ᠪᠤᠯᠭᠠᠵᠤ᠂ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠦᠷᠨᠢᠭᠦᠯᠦᠭᠰᠡᠨ᠂ | ᠪᠦᠬᠦ ᠨᠡᠶᠢᠭᠡᠮ ᠢᠶᠠᠷ ᠢᠶᠠᠨ ᠤᠷᠤᠯᠴᠠᠭᠰᠠᠨ ᠨᠡᠶᠢᠭᠡᠮᠴᠢ ᠴᠢᠨᠠᠷᠲᠠᠢ᠂ ᠤᠯᠠᠨ ᠲᠦᠮᠡᠨᠴᠢ ᠴᠢᠨᠠᠷᠲᠠᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠢ ᠵᠢᠭᠠᠵᠤ ᠪᠤᠢ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ | ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ ᠰᠡᠷᠭᠡᠶᠢᠯᠡᠨ ᠡᠵᠡᠮᠰᠢᠬᠦ᠂ ᠡᠷᠡᠭᠦᠯ ᠮᠡᠨᠲᠤ ᠶᠢᠨ ᠬᠦᠮᠦᠵᠢᠯ ᠪᠤᠯᠤᠨ | ᠡᠷᠡᠭᠦᠯ ᠴᠢᠬᠢᠷᠠᠭ ᠢ ᠠᠬᠢᠭᠤᠯᠬᠤ᠂ ᠠᠷᠢᠭᠤᠨ ᠴᠡᠪᠡᠷ ᠢᠶᠠᠷ ᠡᠭᠦᠳᠦᠨ ᠪᠠᠶᠢᠭᠤᠯᠬᠤ ᠵᠡᠷᠭᠡ ᠠᠵᠢᠯ ᠢ ᠪᠠᠭᠲᠠᠭᠠᠨ᠎ᠡ᠃ | ᠭᠤᠷᠪᠠᠳᠤᠭᠠᠷ ᠵᠦᠢᠯ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠨᠢ ᠵᠠᠰᠠᠭ ᠤᠨ ᠤᠷᠳᠤᠨ ᠤ | ᠤᠳᠤᠷᠢᠳᠤᠯᠭ᠎ᠠ ᠰᠠᠯᠠᠭ᠎ᠠ ᠮᠦᠴᠢᠷ ᠤᠨ ᠵᠤᠬᠢᠴᠠᠭᠤᠯᠭ᠎ᠠ᠂ ᠪᠦᠬᠦ ᠠᠷᠠᠳ ᠢᠶᠠᠷ ᠤᠷᠤᠯᠴᠠᠬᠤ᠂ ᠬᠠᠤᠯᠢ ᠶᠤᠰᠤᠭᠠᠷ | ᠵᠠᠰᠠᠬᠤ᠂ ᠦᠭᠡᠷᠡᠴᠢᠯᠡᠯᠲᠠ ᠬᠢᠵᠤ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠵᠠᠷᠴᠢᠮ ᠢ | ᠪᠠᠷᠢᠮᠳᠠᠯᠠᠨ᠎ᠡ᠃ | ᠲᠦᠷᠪᠡᠳᠦᠭᠡᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ | ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠲᠠ ᠶᠢᠨ ᠲᠦᠯᠦᠪᠵᠢᠭᠦᠯᠭᠡ ᠳᠤ ᠤᠷᠤᠭᠤᠯᠵᠤ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ | ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠵᠢᠭᠰᠠᠭᠠᠨ ᠤᠷᠤᠭᠤᠯᠬᠤ ᠬᠡᠷᠡᠭᠲᠠᠢ᠃ | ᠲᠠᠪᠤᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ ᠬᠠᠮᠠᠭᠠᠯᠠᠯ ᠤᠨ | ᠬᠦᠳᠡᠯᠭᠡᠭᠡᠨ ᠤ ᠺᠤᠮᠢᠰ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠠ | ᠬᠠᠮᠢᠶᠠᠷᠤᠯᠲᠠ ᠶᠢᠨ ᠤᠷᠤᠨ ᠳᠠᠬᠢ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ ᠵᠤᠬᠢᠶᠠᠨ ᠪᠠᠶᠢᠭᠤᠯᠤᠨ | ᠦᠷᠨᠢᠭᠦᠯᠦᠨ᠎ᠡ᠃ | ᠬᠦᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠠ ᠶᠢᠨ ᠲᠤᠭᠤᠷᠢᠭ ᠪᠠ ᠬᠦᠬᠡᠬᠤᠲᠠ ᠶᠢᠨ ᠶᠢᠨ ᠱᠠᠨ | ᠲᠡᠭᠡᠲᠤ ᠰᠢᠨ᠎ᠡ ᠮᠡᠷᠭᠡᠵᠢᠯ ᠤᠨ ᠨᠡᠭᠡᠭᠡᠯᠲᠠ ᠶᠢᠨ ᠲᠤᠭᠤᠷᠢᠭ ᠨᠢ ᠬᠠᠮᠢᠶᠠᠷᠤᠯᠲᠠ ᠶᠢᠨ ᠤᠷᠤᠨ ᠳᠠᠬᠢ ᠡᠬᠡ ᠤᠷᠤᠨᠴᠢ | ᠡᠷᠡᠭᠦᠯ ᠬᠠᠮᠠᠭᠠᠯᠠᠯ ᠤᠨ ᠠᠵᠢᠯ ᠢ ᠬᠠᠷᠢᠭᠤᠴᠠᠨ᠎ᠡ᠃ | ᠵᠢᠷᠭᠤᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠤ ᠺᠤᠮᠢᠰ ᠨᠢ ᠺᠤᠮᠢᠰ ᠤᠨ ᠬᠤᠷᠠᠯᠳᠤᠭᠠᠨ᠂ ᠠᠵᠢᠯ ᠤᠨ ᠮᠡᠳᠡᠭᠦᠯᠦᠯᠲᠠ᠂ ᠴᠢᠬᠤᠯᠠ | ᠶᠡᠭᠡ ᠬᠡᠷᠡᠭ ᠶᠠᠪᠤᠳᠠᠯ ᠤᠳ ᠤᠨ ᠲᠤᠬᠢᠷᠠᠭᠤᠯᠤᠯᠲᠠ᠂ ᠴᠢᠮᠡᠭᠡ ᠵᠠᠩᠭᠢ ᠶᠢᠨ ᠮᠡᠳᠡᠭᠡᠯᠡᠯ ᠵᠢᠴᠢ ᠬᠠᠷᠢᠯᠴᠠᠭᠴᠢ᠂ | ᠨᠡᠶᠢᠭᠡᠮ ᠤᠨ ᠬᠢᠨᠠᠯᠲᠠ ᠲᠠᠯᠪᠢᠯᠲᠠ᠂ ᠭᠡᠨᠡᠳᠲᠠ ᠡᠭᠦᠰᠬᠦ ᠤᠯᠠᠨ ᠨᠡᠶᠢᠲᠠ ᠶᠢᠨ ᠡᠷᠡᠭᠦᠯ ᠬᠠᠮᠠᠭᠠᠯᠠᠯ ᠤᠨ ᠬᠡᠷᠡᠭ ᠢ | ᠰᠢᠢᠳᠪᠦᠷᠢᠯᠡᠬᠦ᠂ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠲᠦᠷᠢᠮ ᠢ ᠪᠠᠶᠢᠭᠤᠯᠵᠤ᠂ ᠡᠬᠡ ᠤᠷᠤᠨᠴᠢ ᠡᠷᠡᠭᠦᠯ | ᠬᠠᠮᠠᠭᠠᠯᠠᠯ ᠤᠨ ᠠᠵᠢᠯ ᠤᠨ ᠲᠤᠭᠲᠠᠴᠠ ᠶᠢ ᠲᠡᠭᠦᠯᠳᠡᠷᠵᠢᠭᠦᠯᠵᠤ᠂ ᠨᠡᠶᠢᠭᠡᠮ ᠤᠨ ᠡᠯ᠎ᠡ ᠡᠲᠡᠭᠡᠳ ᠢ ᠵᠤᠬᠢᠶᠠᠨ | ᠪᠠᠶᠢᠭᠤᠯᠤᠨ ᠵᠤᠬᠢᠴᠠᠭᠤᠯᠵᠤ ᠪᠠᠶᠢᠭᠠᠳ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ ᠬᠠᠮᠲᠤᠪᠡᠷ ᠰᠠᠶᠢᠲᠤᠷ ᠬᠢᠬᠦ | ᠬᠡᠷᠡᠭᠲᠠᠢ᠃ | ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠤ | ᠺᠤᠮᠢᠰ ᠨᠢ ᠵᠢᠯ ᠪᠤᠯᠭᠠᠨ ᠬᠠᠮᠤᠭ ᠪᠠᠭ᠎ᠠ ᠳᠠᠭᠠᠨ ᠬᠤᠶᠠᠷ ᠤᠳᠠᠭᠠᠨ ᠤ ᠬᠤᠷᠠᠯᠳᠤᠭᠠᠨ ᠬᠤᠷᠠᠯᠳᠤᠭᠤᠯᠵᠤ᠂ ᠡᠬᠡ | ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠲᠦᠯᠦᠪᠵᠢᠭᠦᠯᠭᠡ ᠪᠠ ᠤᠨ ᠤ ᠠᠵᠢᠯ ᠤᠨ ᠲᠦᠯᠦᠪᠯᠡᠭᠡ ᠶᠢ | ᠰᠤᠳᠤᠯᠤᠨ ᠲᠤᠭᠲᠠᠭᠠᠵᠤ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠲᠤᠮᠲᠠᠬᠢ ᠴᠢᠬᠤᠯᠠ ᠠᠰᠠᠭᠤᠳᠠᠯ ᠢ | ᠰᠤᠳᠤᠯᠤᠨ ᠰᠢᠢᠳᠪᠦᠷᠢᠯᠡᠵᠤ᠂ ᠴᠢᠬᠤᠯᠠ ᠶᠡᠭᠡ ᠠᠵᠢᠯ ᠤᠨ ᠡᠭᠦᠷᠭᠡ ᠶᠢ ᠪᠠᠶᠢᠷᠢᠯᠠᠭᠤᠯᠬᠤ ᠬᠡᠷᠡᠭᠲᠠᠢ᠃ | ᠲᠤᠯᠤᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠪᠤᠯ ᠠᠳᠠᠯᠢ ᠱᠠᠲᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ | ᠬᠦᠳᠡᠯᠭᠡᠭᠡᠨ ᠤ ᠺᠤᠮᠢᠰ ᠤᠨ ᠪᠠᠶᠢᠩᠭᠤ ᠶᠢᠨ ᠬᠡᠷᠡᠭ ᠡᠷᠬᠢᠯᠡᠬᠦ ᠪᠠᠶᠢᠭᠤᠯᠤᠮᠵᠢ ᠪᠠᠶᠢᠵᠤ᠂ ᠡᠬᠡ ᠤᠷᠤᠨᠴᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠤ ᠺᠤᠮᠢᠰ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠤ᠂ ᠡᠯ᠎ᠡ ᠭᠡᠰᠢᠭᠦᠨ | ᠨᠢᠭᠡᠴᠢ ᠶᠢᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ ᠦᠷᠨᠢᠭᠦᠯᠬᠦ ᠶᠢ ᠰᠢᠪᠠᠳᠠᠭᠤᠯᠬᠤ᠂ ᠲᠤᠬᠢᠷᠠᠭᠤᠯᠬᠤ᠂ | ᠵᠢᠯᠤᠭᠤᠳᠬᠤ᠂ ᠪᠠᠶᠢᠴᠠᠭᠠᠬᠤ ᠶᠢ ᠬᠠᠷᠢᠭᠤᠴᠠᠨ᠎ᠡ᠃ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠲᠤ ᠲᠤᠰᠬᠠᠢ ᠲᠤᠰᠢᠶᠠᠯᠲᠤ ᠲᠤᠰᠢᠶᠠᠯ ᠬᠠᠪᠰᠤᠷᠭᠠᠭᠰᠠᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯᠲᠡᠨ | ᠲᠤᠬᠢᠷᠠᠭᠤᠯᠵᠤ᠂ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ | ᠪᠠᠶᠢᠭᠤᠯᠤᠮᠵᠢ ᠶᠢᠨ ᠵᠢᠯᠤᠭᠤᠳᠤᠯᠭ᠎ᠠ ᠲᠤᠤᠷ᠎ᠠ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ ᠵᠤᠬᠢᠶᠠᠨ | ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠠᠢ᠃ | ᠲᠤᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ︵ᠨᠡᠶᠢᠭᠡᠮ ᠲᠤᠭᠤᠷᠢᠭ︶ ᠨᠢ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ | ᠲᠤᠬᠢᠷᠠᠭᠤᠯᠭ᠎ᠠ ᠶᠤᠰᠤᠭᠠᠷ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ ᠬᠠᠮᠵᠢᠯᠴᠡᠨ ᠰᠠᠶᠢᠲᠤᠷ ᠬᠢᠬᠦ ᠬᠡᠷᠡᠭᠲᠠᠢ | ᠃ | ᠨᠠᠢᠮᠠᠳᠤᠭᠠᠷ ᠵᠦᠢᠯ ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠺᠤᠮᠢᠰ ᠤᠨ ᠭᠡᠰᠢᠭᠦᠨ ᠨᠢ | ᠬᠠᠮᠵᠢᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠡᠬᠡ ᠤᠷᠤᠨᠴᠢ | ᠡᠷᠡᠭᠦᠯ ᠬᠠᠮᠠᠭᠠᠯᠠᠯ ᠤᠨ ᠠᠵᠢᠯ ᠢ ᠰᠠᠶᠢᠲᠤᠷ ᠬᠢᠬᠦ ᠬᠡᠷᠡᠭᠲᠠᠢ᠃ | ᠶᠢᠰᠦᠳᠦᠭᠡᠷ ᠵᠦᠢᠯ ᠤᠯᠤᠰ ᠤᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠵᠢᠴᠢ ᠪᠤᠰᠤᠳ ᠵᠤᠬᠢᠶᠠᠨ ᠪᠠᠶᠢᠭᠤᠯᠤᠯᠲᠠ ᠨᠢ ᠲᠤᠰᠬᠠᠢ ᠲᠤᠰᠢᠶᠠᠯᠲᠤ ᠲᠤᠰᠢᠶᠠᠯ | ᠬᠠᠪᠰᠤᠷᠭᠠᠭᠰᠠᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯᠲᠡᠨ ᠢ ᠲᠤᠬᠢᠷᠠᠭᠤᠯᠤᠨ᠂ ᠲᠤᠬᠠᠢ ᠶᠢᠨ ᠭᠠᠵᠠᠷ ᠤᠨ | ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠺᠤᠮᠢᠰ ᠤᠨ ᠵᠢᠯᠤᠭᠤᠳᠤᠯᠭ᠎ᠠ᠂ ᠬᠢᠨᠠᠯᠲᠠ ᠪᠠ | ᠪᠠᠶᠢᠴᠠᠭᠠᠯᠲᠠ ᠶᠢ ᠬᠦᠯᠢᠶᠡᠬᠦ ᠬᠡᠷᠡᠭᠲᠠᠢ᠃ | ᠠᠷᠪᠠᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ | ᠵᠠᠰᠠᠭ ᠤᠨ ᠤᠷᠳᠤᠨ ᠪᠠ ᠵᠠᠬ᠎ᠠ ᠲᠡᠯᠭᠡᠭᠦᠷ ᠬᠠᠷᠢᠯᠴᠠᠨ ᠤᠶᠠᠯᠳᠤᠭᠰᠠᠨ ᠲᠤᠭᠲᠠᠴᠠ ᠶᠢ ᠪᠠᠶᠢᠭᠤᠯᠵᠤ᠂ ᠵᠠᠰᠠᠭ ᠤᠨ | ᠤᠷᠳᠤᠨ ᠲᠤᠰᠢᠶᠠᠯ ᠴᠢᠳᠠᠪᠤᠷᠢ ᠪᠠᠨ ᠬᠤᠪᠢᠷᠠᠭᠤᠯᠬᠤ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ | ᠬᠡᠯᠪᠡᠷᠢ ᠪᠠᠷ ᠲᠠᠮᠵᠢᠨ᠂ ᠨᠡᠶᠢᠭᠡᠮ ᠤᠨ ᠬᠦᠴᠦᠨ ᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠤᠰᠤ ᠶᠢ | ᠰᠠᠶᠢᠵᠢᠷᠠᠭᠤᠯᠬᠤ᠂ ᠵᠤᠷᠯᠤᠩ ᠢ ᠦᠭᠡᠷᠡᠴᠢᠯᠡᠬᠦ᠂ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ ᠰᠡᠷᠭᠡᠶᠢᠯᠡᠨ | ᠡᠵᠮᠳᠡᠬᠦ᠂ ᠡᠷᠡᠭᠦᠯ ᠴᠢᠬᠢᠷᠠᠭ ᠤᠨ ᠰᠤᠷᠭᠠᠨ ᠬᠦᠮᠦᠵᠢᠯ ᠵᠡᠷᠭᠡ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠳᠤ | ᠤᠷᠤᠯᠴᠠᠬᠤ ᠶᠢ ᠵᠤᠷᠢᠬᠵᠢᠭᠤᠯᠬᠤ ᠬᠡᠷᠡᠭᠲᠠᠢ᠃ ᠨᠡᠶᠢᠭᠡᠮ ᠤᠨ ᠵᠤᠬᠢᠶᠠᠨ ᠪᠠᠶᠢᠭᠤᠯᠤᠯᠲᠠ ᠪᠠ ᠠᠷᠠᠳ ᠢᠷᠭᠡᠨ ᠤ | ᠬᠠᠨᠳᠢᠪᠯᠡᠨ ᠬᠦᠷᠭᠡᠬᠦ᠂ ᠦᠢᠯᠡᠴᠢᠯᠡᠭᠡᠨ ᠤ ᠪᠠᠶᠢᠭᠤᠯᠤᠮᠵᠢ ᠶᠢ ᠡᠭᠦᠳᠦᠨ ᠪᠠᠶᠢᠭᠤᠯᠬᠤ᠂ ᠰᠠᠶᠢᠨ ᠲᠤᠷ᠎ᠠ ᠶᠢᠨ | ᠦᠢᠯᠡᠴᠢᠯᠡᠭᠡ ᠬᠠᠩᠭᠠᠬᠤ᠂ ᠠᠯᠪᠠᠨ ᠵᠢᠷᠤᠮ ᠤᠨ ᠬᠦᠳᠡᠯᠮᠦᠷᠢ ᠳᠤ ᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ | ᠡᠬᠡ ᠤᠷᠤᠨᠴᠢ ᠡᠷᠡᠭᠦᠯ ᠬᠠᠮᠠᠭᠠᠯᠠᠯ ᠤᠨ ᠨᠡᠶᠢᠲᠠ ᠶᠢᠨ ᠠᠰᠠᠷᠠᠮᠵᠢ ᠶᠢᠨ ᠬᠦᠳᠡᠯᠭᠡᠭᠡᠨ ᠳᠤ ᠤᠷᠤᠯᠴᠠᠬᠤ ᠶᠢ | ᠵᠤᠷᠢᠬᠵᠢᠭᠤᠯᠬᠤ ᠬᠡᠷᠡᠭᠲᠠᠢ᠃ | ᠠᠷᠪᠠᠨ ᠨᠢᠭᠡᠳᠦᠭᠡᠷ ᠵᠦᠢᠯ ᠨᠡᠮ ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠨᠢ ᠠᠯᠪᠠᠨ ᠵᠢᠷᠤᠮ ᠤᠨ ᠬᠦᠳᠡᠯᠮᠦᠷᠢ ᠶᠢ ᠲᠠᠶᠢᠴᠢᠯᠠᠨ ᠦᠷᠨᠢᠭᠦᠯᠵᠤ᠂ ᠵᠢᠯ ᠪᠦᠷᠢ ᠠᠳᠠᠭ ᠲᠠᠭᠠᠨ ᠬᠤᠶᠠᠷ | ᠤᠳᠠᠭ᠎ᠠ ᠡᠬᠡ ᠤᠷᠤᠨᠴᠢ ᠡᠷᠡᠭᠦᠯ ᠬᠠᠮᠠᠭᠠᠯᠠᠯ ᠤᠨ ᠠᠯᠪᠠᠨ ᠵᠢᠷᠤᠮ ᠤᠨ ᠬᠦᠳᠡᠯᠮᠦᠷᠢ ᠶᠢ ᠵᠤᠬᠢᠶᠠᠨ ᠪᠠᠶᠢᠭᠤᠯᠬᠤ | ᠬᠡᠷᠡᠭᠲᠠᠢ᠃ | ᠠᠷᠪᠠᠨ ᠬᠤᠶᠠᠳᠤᠭᠠᠷ ᠵᠦᠢᠯ ᠵᠢᠯ ᠪᠦᠷᠢ ᠶᠢᠨ 4 ᠳ᠋ᠣᠭᠡᠷ ᠰᠠᠷ᠎ᠠ ᠶᠢ ᠡᠬᠡ ᠤᠷᠤᠨᠴᠢ ᠡᠷᠡᠭᠦᠯ ᠬᠠᠮᠠᠭᠠᠯᠠᠯ ᠤᠨ | ᠬᠦᠳᠡᠯᠭᠡᠭᠡᠨ ᠤ ᠰᠠᠷ᠎ᠠ ᠪᠤᠯᠭᠠᠨ᠎ᠠ᠃ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠤ ᠺᠤᠮᠢᠰ ᠨᠢ ᠡᠬᠡ ᠤᠷᠤᠨᠴᠢ ᠡᠷᠡᠭᠦᠯ ᠬᠠᠮᠠᠭᠠᠯᠠᠯ ᠤᠨ ᠰᠠᠷ᠎ᠠ ᠶᠢᠨ ᠬᠦᠳᠡᠯᠭᠡᠭᠡᠨ ᠤ | ᠠᠭᠤᠯᠭ᠎ᠠ ᠪᠠ ᠠᠷᠭ᠎ᠠ ᠬᠡᠯᠪᠡᠷᠢ ᠶᠢ ᠰᠢᠨᠠᠴᠢᠯᠡᠵᠤ ᠪᠠᠶᠠᠯᠢᠬᠵᠢᠭᠤᠯᠤᠨ᠂ ᠵᠢᠯ ᠪᠤᠯᠭᠠᠨ ᠨᠢᠭᠡ ᠭᠤᠤᠯ ᠰᠡᠳᠦᠪ | ᠲᠤᠭᠲᠠᠭᠠᠵᠤ᠂ ᠨᠡᠶᠢᠭᠡᠮ ᠤᠨ ᠠᠩᠬᠠᠷᠴᠤ ᠪᠠᠶᠢᠭ᠎ᠠ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠲᠤᠪᠤᠶᠢᠮ᠎ᠠ ᠡᠷᠡᠭᠦᠯ | ᠬᠠᠮᠠᠭᠠᠯᠠᠯ ᠤᠨ ᠠᠰᠠᠭᠤᠳᠠᠯ ᠢ ᠠᠬᠢᠭᠤᠯᠬᠤ ᠬᠡᠷᠡᠭᠲᠠᠢ᠃ | ᠬᠤᠶᠠᠳᠤᠭᠠᠷ ᠪᠦᠯᠦᠭ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ | ᠠᠷᠪᠠᠨ ᠭᠤᠷᠪᠠᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠨᠢ ᠬᠤᠲᠠ ᠬᠦᠳᠡᠭᠡ ᠶᠢᠨ ᠠᠮᠢᠳᠤᠷᠠᠯ ᠤᠨ ᠬᠤᠭ ᠨᠤᠪᠰᠢ ᠪᠠ ᠪᠤᠬᠢᠷ ᠤᠰᠤ ᠶᠢ ᠨᠢᠭᠡᠲᠦᠯᠲᠠᠢ ᠲᠦᠯᠦᠪᠯᠡᠨ | ᠵᠠᠰᠠᠬᠤ ᠶᠢ ᠴᠢᠩᠭᠠᠳᠬᠠᠵᠤ᠂ ᠨᠢᠭᠡᠲᠦᠯᠲᠠᠢ ᠲᠦᠯᠦᠪᠵᠢᠭᠦᠯᠵᠤ᠂ ᠨᠢᠭᠡᠲᠦᠯᠲᠠᠢ ᠪᠦᠲᠦᠭᠡᠨ ᠪᠠᠶᠢᠭᠤᠯᠵᠤ᠂ | ᠨᠢᠭᠡᠲᠦᠯᠲᠠᠢ ᠬᠠᠮᠢᠶᠠᠷᠴᠤ᠂ ᠨᠢᠭᠡᠲᠦᠯᠲᠠᠢ ᠬᠡᠷᠡᠭᠵᠢᠭᠦᠯᠬᠦ ᠶᠢᠨ ᠬᠠᠮᠲᠤ ᠬᠤᠲᠠ ᠬᠦᠳᠡᠭᠡᠨ ᠤ ᠬᠤᠭ ᠨᠤᠪᠰᠢ ᠪᠠ ᠪᠤᠬᠢᠷ | ᠤᠰᠤ ᠶᠢ ᠰᠢᠢᠳᠪᠦᠷᠢᠯᠡᠬᠦ ᠲᠦᠬᠦᠭᠡᠷᠦᠮᠵᠢ ᠪᠠ ᠦᠢᠯᠡᠴᠢᠯᠡᠭᠡ ᠶᠢ ᠬᠦᠳᠡᠭᠡ ᠲᠤᠰᠬᠤᠨ ᠳᠤ ᠬᠦᠷᠦᠭᠦᠯᠬᠦ ᠶᠢ ᠠᠯᠬᠤᠮ | ᠠᠯᠬᠤᠮ ᠢᠶᠠᠷ ᠲᠦᠯᠬᠢᠨ ᠠᠬᠢᠭᠤᠯᠬᠤ ᠬᠡᠷᠡᠭᠲᠠᠢ᠃ | ᠠᠷᠪᠠᠨ ᠲᠦᠷᠪᠡᠳᠦᠭᠡᠷ ᠵᠦᠢᠯ ᠬᠤᠲᠠ ᠶᠢᠨ ᠦᠩᠭᠡ ᠦᠵᠡᠮᠵᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ | ᠬᠠᠷᠢᠭᠤᠴᠠᠯᠭ᠎ᠠ ᠶᠢᠨ ᠲᠤᠭᠤᠷᠢᠭ ᠤᠨ ᠲᠦᠷᠢᠮ ᠢ ᠬᠡᠷᠡᠭᠵᠢᠭᠦᠯᠵᠤ ᠪᠠᠶᠢᠭ᠎ᠠ ᠤᠷᠤᠨ ᠤ ᠬᠠᠷᠢᠭᠤᠴᠠᠯᠭᠠᠳᠠᠨ | ᠬᠤᠲᠠ ᠶᠢᠨ ᠦᠩᠭᠡ ᠦᠵᠡᠮᠵᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠨᠤᠭᠤᠭᠠᠷᠠᠭᠤᠯᠤᠯᠲᠠ᠂ | ᠭᠤᠶᠤᠵᠢᠭᠤᠯᠤᠯᠲᠠ᠂ ᠬᠠᠮᠢᠶᠠᠷᠤᠯᠲᠠ ᠶᠢ ᠲᠠᠭᠠᠭᠠᠴᠢᠯᠠᠵᠤ᠂ ︽ᠡᠭᠦᠲᠡᠨ ᠡᠮᠦᠨᠡᠬᠢ ᠭᠤᠷᠪᠠ ᠶᠢ ᠲᠠᠭᠠᠭᠠᠴᠢᠯᠠᠬᠤ︾ | ᠬᠠᠷᠢᠭᠤᠴᠠᠯᠭ᠎ᠠ ᠶᠢ ᠴᠢᠩᠭ᠎ᠠ ᠨᠠᠶᠢᠲᠠᠪᠤᠷᠢᠵᠢᠭᠤᠯᠬᠤ ᠬᠡᠷᠡᠭᠲᠠᠢ᠃ | ᠠᠷᠪᠠᠨ ᠲᠠᠪᠤᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠤᠷᠴᠢᠨ ᠲᠤᠭᠤᠷᠢᠨ ᠤ | ᠡᠷᠡᠭᠦᠯ ᠬᠠᠮᠠᠭᠠᠯᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠲᠠ ᠪᠠᠯᠭᠠᠰᠤᠨ ᠤ ᠬᠦᠪᠡᠭᠡ ᠲᠠᠭᠠᠤ | ᠤᠷᠤᠨ᠂ ᠵᠢᠵᠢᠭ ᠵᠡᠭᠡᠯᠢ ᠭᠤᠲᠤᠮᠵᠢ᠂ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ᠂ ᠬᠤᠲᠠᠨ ᠲᠤᠲᠤᠷᠠᠬᠢ ᠲᠤᠰᠬᠤᠨ | ᠂ ᠠᠳᠠᠯ ᠠᠬᠤᠢ ᠦᠭᠡᠢ ᠤᠷᠤᠨ ᠰᠠᠭᠤᠴᠠ ᠶᠢᠨ ᠲᠤᠭᠤᠷᠢᠭ ᠤᠨ ᠬᠤᠭ ᠨᠤᠪᠰᠢ ᠶᠢ ᠴᠡᠪᠡᠷᠯᠡᠨ ᠲᠡᠭᠡᠭᠡᠪᠤᠷᠢᠯᠡᠬᠦ ᠶᠢ | ᠴᠢᠩᠭᠠᠳᠬᠠᠵᠤ᠂ ᠬᠠᠮᠢᠶᠠᠷᠤᠯᠲᠠ ᠶᠢᠨ ᠪᠠᠯᠠᠢ ᠤᠷᠤᠨ ᠢ ᠤᠰᠠᠳᠬᠠᠵᠤ᠂ ᠬᠤᠲᠠ ᠶᠢᠨ ᠦᠩᠭᠡ ᠦᠵᠡᠮᠵᠢ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ | ᠴᠤᠭᠯᠠᠭᠤᠯᠬᠤ ᠪᠠ ᠡᠬᠢ ᠪᠠᠶᠠᠯᠢᠭ ᠢ ᠪᠤᠴᠠᠭᠠᠨ ᠠᠰᠢᠭᠯᠠᠵᠤ᠂ ᠬᠤᠭ ᠨᠤᠪᠰᠢ ᠶᠢ ᠰᠢᠢᠳᠪᠦᠷᠢᠯᠡᠬᠦ ᠬᠡᠮᠵᠢᠶᠡᠨ ᠤ | ᠬᠠᠰᠤᠭᠳᠠᠯ᠂ ᠡᠬᠢ ᠪᠠᠶᠠᠯᠢᠬᠵᠢᠯᠲᠠ᠂ ᠬᠤᠤᠷ ᠬᠦᠨᠦᠭᠡᠯ ᠦᠭᠡᠶᠢᠵᠢᠵᠢᠯᠲᠠ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ | ᠬᠤᠲᠠ ᠪᠠᠯᠭᠠᠰᠤᠨ ᠤ ᠬᠤᠭᠤᠯᠠᠨ ᠭᠡᠷ ᠤᠨ ᠬᠤᠭ ᠨᠤᠪᠰᠢ ᠶᠢ ᠲᠦᠷᠦᠯ ᠬᠤᠪᠢᠶᠠᠨ ᠴᠤᠭᠯᠠᠭᠤᠯᠬᠤ ᠪᠠ | ᠬᠤᠤᠷ ᠬᠦᠨᠦᠭᠡᠯ ᠦᠭᠡᠢ ᠪᠤᠯᠭᠠᠨ ᠰᠢᠢᠳᠪᠦᠷᠢᠯᠡᠵᠤ᠂ ᠦᠨ᠎ᠡ ᠲᠦᠯᠦᠪᠦᠷᠢ ᠲᠠᠢ ᠴᠤᠭᠯᠠᠭᠤᠯᠤᠨ ᠰᠢᠢᠳᠪᠦᠷᠢᠯᠡᠬᠦ ᠶᠢ | ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ | ᠠᠷᠪᠠᠨ ᠲᠤᠯᠤᠳᠤᠭᠠᠷ ᠵᠦᠢᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠬᠤᠲᠠ ᠶᠢᠨ ᠪᠤᠬᠢᠷ ᠤᠰᠤ ᠶᠢ ᠴᠡᠪᠡᠷᠰᠢᠭᠦᠯᠦᠨ ᠰᠢᠢᠳᠪᠦᠷᠢᠯᠡᠬᠦ ᠴᠢᠳᠠᠪᠤᠷᠢ ᠪᠠᠨ ᠲᠡᠭᠡᠭᠰᠢᠯᠡᠭᠦᠯᠵᠤ᠂ ᠲᠠᠬᠢᠨ ᠪᠤᠢ | ᠪᠤᠯᠭᠠᠬᠤ ᠤᠰᠤᠨ ᠤ ᠠᠰᠢᠭᠯᠠᠯᠲᠠ ᠶᠢᠨ ᠨᠤᠷᠮ᠎ᠠ ᠶᠢ ᠲᠡᠭᠡᠭᠰᠢᠯᠡᠭᠦᠯᠵᠤ᠂ ᠬᠤᠲᠠ ᠶᠢᠨ ᠪᠤᠬᠢᠷ ᠤᠰᠤ ᠶᠢ | ᠲᠦᠪᠯᠡᠷᠡᠭᠦᠯᠦᠨ ᠭᠠᠳᠠᠭᠰᠢᠯᠠᠭᠤᠯᠬᠤ ᠨᠢ ᠤᠯᠤᠰ ᠤᠨ ᠪᠠᠷᠢᠮᠵᠢᠶ᠎ᠡ ᠳᠤ ᠨᠡᠶᠢᠴᠡᠬᠦ ᠬᠡᠷᠡᠭᠲᠠᠢ᠃ | ᠠᠷᠪᠠᠨ ᠨᠠᠢᠮᠠᠳᠤᠭᠠᠷ ᠵᠦᠢᠯ ᠤᠷᠴᠢᠨ ᠲᠤᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠦᠯᠲᠠ᠂ ᠲᠡᠷᠢᠶᠠᠯᠠᠩ ᠠᠵᠤ ᠠᠬᠤᠢ ᠵᠡᠷᠭᠡ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠤᠨᠠᠭᠰᠠᠨ ᠨᠠᠪᠴᠢ ᠪᠠ ᠡᠰᠢ ᠰᠦᠷᠡᠯ ᠢ ᠰᠢᠲᠠᠭᠠᠬᠤ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠡᠰᠢ | ᠰᠦᠷᠡᠯ ᠤᠨ ᠶᠡᠷᠦᠩᠭᠡᠶᠢᠯᠡᠭᠰᠡᠨ ᠠᠰᠢᠭᠯᠠᠯᠲᠠ ᠶᠢ ᠦᠷᠭᠡᠳᠭᠡᠬᠦ ᠬᠡᠷᠡᠭᠲᠠᠢ᠃ | ᠠᠷᠪᠠ ᠶᠢᠰᠦᠳᠦᠭᠡᠷ ᠵᠦᠢᠯ ᠲᠠᠷᠢᠶᠠᠯᠠᠩ ᠠᠵᠤ ᠠᠬᠤᠢ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠨᠢ ᠲᠡᠵᠢᠭᠡᠪᠦᠷᠢ ᠵᠢᠭᠦᠷᠲᠡᠨ ᠤ ᠪᠠᠭᠠᠰᠤ ᠶᠢ ᠶᠡᠷᠦᠩᠭᠡᠶᠢᠯᠡᠨ ᠵᠠᠰᠠᠵᠤ ᠠᠰᠢᠭᠯᠠᠬᠤ ᠶᠢ ᠲᠦᠯᠬᠢᠨ | ᠠᠬᠢᠭᠤᠯᠵᠤ᠂ ᠲᠠᠷᠢᠶᠠᠯᠠᠩ ᠤᠨ ᠤᠷᠭᠠᠨᠢᠭ ᠪᠤᠷᠳᠤᠭᠤᠷ ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠦᠷᠭᠡᠳᠭᠡᠵᠤ᠂ | ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠬᠡᠷᠡᠭᠲᠠᠢ᠃ | ᠬᠤᠷᠢᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ | ᠤᠤᠭᠤᠬᠤ ᠤᠰᠤᠨ ᠤ ᠤᠰᠤᠨ ᠰᠤᠷᠪᠤᠯᠵᠢ ᠶᠢᠨ ᠬᠠᠮᠠᠭᠠᠯᠠᠯᠲᠠ ᠪᠠ ᠬᠠᠮᠢᠶᠠᠷᠤᠯᠲᠠ ᠪᠠᠨ ᠴᠢᠩᠭᠠᠳᠬᠠᠵᠤ᠂ ᠤᠰᠤ | ᠬᠠᠩᠭᠠᠬᠤ ᠬᠤᠭᠤᠯᠠᠢ ᠲᠤᠤᠷ ᠤᠨ ᠲᠦᠬᠦᠭᠡᠷᠦᠮᠵᠢ ᠶᠢᠨ ᠦᠭᠡᠷᠡᠴᠢᠯᠡᠯᠲᠠ ᠶᠢ ᠲᠦᠷᠭᠡᠳᠭᠡᠵᠤ᠂ ᠤᠰᠤ ᠬᠠᠩᠭᠠᠬᠤ | ᠲᠦᠬᠦᠭᠡᠷᠦᠮᠵᠢ ᠶᠢ ᠬᠠᠮᠠᠭᠠᠯᠠᠨ ᠦᠭᠡᠷᠡᠴᠢᠯᠡᠬᠦ ᠤᠷᠳᠤ ᠬᠤᠭᠤᠴᠠᠭᠠᠨ ᠤ ᠪᠦᠲᠦᠮᠵᠢᠲᠤ ᠲᠤᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠠᠢ᠃ | ᠬᠦᠳᠡᠭᠡ ᠲᠤᠰᠬᠤᠨ ᠤ ᠭᠠᠵᠠᠷ ᠤᠷᠤᠨ ᠤ ᠬᠡᠪᠴᠢᠶᠡᠵᠢᠭᠰᠡᠨ ᠲᠦᠪᠯᠡᠷᠡᠩᠭᠦᠢ ᠤᠰᠤ ᠬᠠᠩᠭᠠᠬᠤ ᠶᠢ ᠠᠯᠬᠤᠮ | ᠠᠯᠬᠤᠮ ᠢᠶᠠᠷ ᠦᠷᠭᠡᠳᠭᠡᠵᠤ᠂ ᠬᠢᠯᠢ ᠬᠢᠵᠠᠭᠠᠷ ᠤᠷᠤᠨ ᠤ ᠬᠦᠳᠡᠭᠡ ᠲᠤᠰᠬᠤᠨ ᠤ ᠤᠤᠭᠤᠬᠤ ᠤᠰᠤᠨ ᠤ | ᠪᠠᠷᠢᠮᠵᠢᠶ᠎ᠡ ᠳᠤ ᠬᠦᠷᠬᠦ ᠦᠭᠡᠢ ᠠᠰᠠᠭᠤᠳᠠᠯ ᠢ ᠰᠢᠢᠳᠪᠦᠷᠢᠯᠡᠵᠤ᠂ ᠬᠠᠩᠭᠠᠬᠤ ᠤᠰᠤᠨ ᠤ ᠴᠢᠨᠠᠷ ᠢ ᠲᠡᠭᠡᠭᠰᠢᠯᠡᠭᠦᠯᠵᠤ᠂ | ᠤᠯᠤᠰ ᠤᠨ ᠲᠤᠭᠲᠠᠭᠠᠭᠰᠠᠨ ᠤᠤᠭᠤᠬᠤ ᠤᠰᠤᠨ ᠤ ᠴᠢᠨᠠᠷ ᠤᠨ ᠪᠠᠷᠢᠮᠵᠢᠶ᠎ᠡ ᠪᠠ ᠡᠷᠡᠭᠦᠯ ᠬᠠᠮᠠᠭᠠᠯᠠᠯ ᠤᠨ | ᠪᠠᠷᠢᠮᠵᠢᠶ᠎ᠡ ᠳᠤ ᠬᠦᠷᠭᠡᠵᠤ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠡ᠃ | ᠬᠤᠷᠢᠨ ᠨᠢᠭᠡᠳᠦᠭᠡᠷ ᠵᠦᠢᠯ ᠬᠤᠲᠠ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ | ᠠᠵᠢᠯ ᠨᠢ ᠲᠤᠤᠷᠠᠬᠢ ᠱᠠᠭᠠᠷᠳᠠᠯᠭ᠎ᠠ ᠳᠤ ᠨᠡᠶᠢᠴᠡᠬᠦ ᠬᠡᠷᠡᠭᠲᠠᠢ᠄ | ︵ᠨᠢᠭᠡ︶ ᠭᠤᠤᠯ ᠲᠡᠳ᠋ ᠵᠠᠮ ᠪᠠ ᠵᠡᠭᠡᠯᠢ ᠭᠤᠳᠤᠮᠵᠢ ᠶᠢᠨ ᠵᠠᠮ ᠤᠨ ᠨᠢᠭᠤᠷ ᠲᠡᠭᠰᠢ᠂ ᠬᠡᠷᠡᠯᠳᠦᠭᠦᠯᠭᠡ | ᠪᠦᠷᠢᠨ᠂ ᠠᠷᠢᠭᠤᠨ ᠴᠡᠪᠡᠷ ᠨᠢ ᠪᠦᠬᠦ ᠲᠠᠯ᠎ᠠ ᠶᠢᠨ᠂ ᠡᠳᠦᠷ ᠲᠤᠲᠤᠮ ᠤᠨ ᠡᠷᠡᠭᠦᠯ ᠬᠠᠮᠠᠭᠠᠯᠠᠯ ᠤᠨ ᠴᠡᠪᠡᠷ ᠴᠡᠮᠴᠡᠭᠡᠷ ᠢ | ᠪᠠᠲᠤᠯᠠᠬᠤ᠃ ᠲᠤᠷ᠎ᠠ ᠪᠠᠷ ᠨᠠᠭᠠᠬᠤ᠂ ᠲᠤᠷ᠎ᠠ ᠪᠠᠷ ᠡᠷᠢᠶᠡᠴᠢᠬᠦ᠂ ᠲᠤᠷ᠎ᠠ ᠪᠠᠷ ᠪᠠᠷᠠᠭ᠎ᠠ ᠲᠡᠯᠭᠡᠨ ᠴᠡᠭ ᠪᠠᠶᠢᠭᠤᠯᠬᠤ᠂ | ᠲᠤᠷ᠎ᠠ ᠪᠠᠷ ᠬᠤᠭ ᠨᠤᠪᠰᠢ ᠬᠠᠶᠠᠬᠤ᠂ ᠲᠤᠷ᠎ᠠ ᠪᠠᠷ ᠪᠤᠬᠢᠷ ᠤᠰᠤ ᠴᠢᠳᠬᠤᠬᠤ᠂ ᠭᠠᠵᠠᠷ ᠪᠤᠯᠭᠠᠨ ᠳᠤ ᠨᠤᠯᠮᠤᠬᠤ | ᠦᠵᠡᠭᠳᠡᠯ ᠦᠭᠡᠢ᠂ ᠬᠤᠭ ᠨᠤᠪᠰᠢ ᠶᠢ ᠴᠤᠭᠯᠠᠭᠤᠯᠬᠤ ᠰᠠᠪᠠ ᠶᠢᠨ ᠲᠤᠬᠢᠷᠠᠭᠤᠯᠤᠯᠲᠠ ᠨᠢ ᠪᠦᠷᠢᠨ ᠭᠦᠢᠴᠡᠳ︔ | ︵ᠬᠤᠶᠠᠷ︶ ᠬᠤᠭ ᠨᠤᠪᠰᠢ ᠶᠢ ᠴᠤᠭᠯᠠᠭᠤᠯᠬᠤ ᠪᠡᠯᠡᠳᠭᠡᠮᠵᠢ ᠲᠦᠬᠦᠭᠡᠷᠦᠮᠵᠢ ᠨᠢ ᠪᠦᠬᠦ ᠲᠠᠯ᠎ᠠ ᠪᠠᠷ ᠴᠢᠩᠭ᠎ᠠ | ᠪᠢᠲᠡᠭᠦᠮᠵᠢᠯᠡᠯᠲᠠ ᠲᠠᠢ ᠪᠠᠶᠢᠬᠤ ᠶᠢ ᠪᠡᠶᠡᠯᠡᠭᠦᠯᠵᠤ᠂ ᠵᠦᠭᠡᠭᠡᠪᠦᠷᠢᠯᠡᠬᠦ ᠨᠢ ᠲᠡᠭᠦᠯᠲᠡᠷ᠂ ᠡᠳᠦᠷ ᠤᠨ ᠭᠠᠷᠤᠭᠰᠠᠨ ᠢ ᠨᠢ | ᠡᠳᠦᠷ ᠲᠤᠨᠢ ᠴᠡᠪᠡᠷᠯᠡᠵᠤ ᠲᠡᠶᠢᠯᠬᠦ︔ | ︵ᠭᠤᠷᠪᠠ︶ ᠤᠯᠠᠨ ᠨᠡᠶᠢᠲᠠ ᠶᠢᠨ ᠵᠤᠷᠯᠤᠩ ᠪᠠ ᠬᠤᠭ ᠨᠤᠪᠰᠢ ᠶᠢ ᠲᠠᠮᠵᠢᠭᠤᠯᠤᠨ ᠵᠦᠭᠡᠭᠡᠪᠦᠷᠢᠯᠡᠬᠦ | ᠦᠷᠳᠡᠭᠡ ᠶᠢ ᠲᠤᠬᠢᠷᠠᠭᠤᠯᠬᠤ ᠳᠤ ᠲᠤᠭ᠎ᠠ ᠬᠡᠮᠵᠢᠶ᠎ᠡ ᠨᠢ ᠬᠡᠷᠡᠭᠴᠡᠭᠡ ᠶᠢ ᠬᠠᠩᠭᠠᠵᠤ᠂ ᠪᠠᠶᠢᠷᠢᠯᠠᠭᠤᠯᠤᠯᠲᠠ ᠨᠢ ᠵᠦᠢ | ᠵᠤᠬᠢᠰᠳᠠᠢ᠂ ᠬᠠᠮᠢᠶᠠᠷᠤᠯᠲᠠ ᠨᠢ ᠲᠦᠷᠢᠮᠵᠢᠭᠰᠡᠨ ᠪᠠᠶᠢᠬᠤ︔ | ︵ᠲᠦᠷᠪᠡ︶ ᠨᠤᠭᠤᠭᠠᠨ ᠭᠠᠵᠠᠷ ᠢ ᠲᠤᠭᠲᠠᠭᠰᠠᠨ ᠴᠠᠭ ᠢᠶᠠᠷ ᠠᠷᠠᠴᠢᠯᠠᠨ ᠬᠠᠮᠠᠭᠠᠯᠠᠵᠤ᠂ ᠴᠡᠪᠡᠷ ᠲᠡᠭᠰᠢ | ᠭᠤᠶᠤ ᠪᠠᠶᠢᠬᠤ ᠶᠢ ᠪᠠᠲᠤᠯᠠᠵᠤ᠂ ᠬᠤᠭ ᠨᠤᠪᠰᠢ ᠡᠯᠳᠡᠪ ᠶᠠᠭᠤᠮ᠎ᠠ ᠪᠠᠶᠢᠬᠤ ᠦᠭᠡᠢ︔ | ︵ᠲᠠᠪᠤ︶ ᠭᠤᠤᠯ ᠤᠨ ᠵᠠᠮ᠂ ᠵᠤᠬᠢᠶᠠᠮᠠᠯ ᠨᠠᠭᠤᠷ ᠤᠨ ᠤᠰᠤᠨ ᠭᠠᠳᠠᠷᠭᠤ ᠨᠢ ᠠᠷᠢᠭᠤᠨ ᠴᠡᠪᠡᠷ᠂ ᠬᠦᠪᠡᠭᠡ | ᠵᠠᠬ᠎ᠠ ᠨᠢ ᠴᠡᠪᠡᠷ ᠲᠡᠭᠰᠢ᠂ ᠬᠤᠭ ᠨᠤᠪᠰᠢ ᠡᠯᠳᠡᠪ ᠶᠠᠭᠤᠮ᠎ᠠ ᠪᠠᠶᠢᠬᠤ ᠦᠭᠡᠢ︔ | ︵ᠵᠢᠷᠭᠤᠭ᠎ᠠ︶ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠨᠢ | ᠲᠦᠷᠢᠮᠵᠢᠭᠰᠡᠨ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠲᠦᠬᠦᠭᠡᠷᠦᠮᠵᠢ ᠪᠦᠷᠢᠨ ᠭᠦᠢᠴᠡᠳ᠂ ᠡᠷᠡᠭᠦᠯ | ᠬᠠᠮᠠᠭᠠᠯᠠᠯ ᠤᠨ ᠬᠠᠮᠢᠶᠠᠷᠤᠭᠴᠢ ᠪᠠ ᠴᠡᠪᠡᠷᠯᠡᠭᠴᠢ ᠶᠢ ᠲᠤᠬᠢᠷᠠᠭᠤᠯᠵᠤ᠂ ᠬᠠᠷᠢᠴᠠᠩᠭᠤᠢ ᠲᠤᠰᠠᠭᠠᠷ ᠡᠵᠡᠩᠨᠡᠭᠰᠡᠨ | ᠤᠷᠤᠨ ᠢ ᠪᠠᠶᠢᠭᠤᠯᠵᠤ᠂ ᠠᠮᠢᠲᠤ ᠵᠢᠭᠦᠷᠲᠡᠨ ᠢ ᠲᠤᠭᠲᠠᠭᠰᠠᠨ ᠴᠡᠭ ᠲᠤ ᠲᠤᠰᠠᠭᠠᠷᠯᠠᠨ ᠨᠢᠲᠦᠯᠵᠤ᠂ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ︔ | ︵ᠲᠤᠯᠤᠭ᠎ᠠ︶ ᠪᠠᠷᠢᠯᠭ᠎ᠠ ᠶᠢᠨ ᠭᠠᠵᠠᠷ ᠨᠢ ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠡ ᠪᠠ ᠤᠷᠴᠢᠨ | ᠲᠤᠭᠤᠷᠢᠨ ᠢ ᠬᠠᠮᠠᠭᠠᠯᠠᠬᠤ ᠪᠠᠷᠢᠮᠵᠢᠶ᠎ᠡ ᠳᠤ ᠨᠡᠶᠢᠴᠡᠵᠤ᠂ ᠪᠠᠷᠢᠯᠭ᠎ᠠ ᠪᠠᠷᠢᠬᠤ ᠭᠠᠵᠠᠷ ᠤᠨ ᠬᠠᠮᠢᠶᠠᠷᠤᠯᠲᠠ ᠨᠢ | ᠵᠤᠬᠢᠴᠠᠩᠭᠤᠢ᠂ ᠬᠠᠰᠢᠵᠤ ᠬᠠᠯᠬᠠᠬᠤ ᠶᠢ ᠨᠢ ᠵᠢᠷᠤᠮᠵᠢᠭᠤᠯᠬᠤ︔ | ︵ᠨᠠᠢᠮᠠ︶ ᠲᠤᠭᠠᠵᠢᠭᠤᠯᠤᠭᠰᠠᠨ ᠬᠤᠲᠠ ᠶᠢᠨ ᠬᠠᠮᠢᠶᠠᠷᠤᠯᠲᠠ ᠶᠢᠨ ᠴᠢᠳᠠᠪᠬᠢ ᠶᠢ ᠪᠠᠳᠠᠷᠠᠭᠤᠯᠵᠤ᠂ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠢ ᠨᠦᠯᠦᠭᠡᠯᠡᠬᠦ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠵᠤ᠂ | ᠲᠤᠬᠢᠷᠠᠮᠵᠢᠲᠠᠢ ᠰᠢᠢᠳᠪᠦᠷᠢᠯᠡᠬᠦ᠃ | ᠬᠤᠷᠢᠨ ᠬᠤᠶᠠᠳᠤᠭᠠᠷ ᠵᠦᠢᠯ ᠬᠦᠳᠡᠭᠡ ᠲᠤᠰᠬᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠬᠦ ᠠᠵᠢᠯ ᠨᠢ ᠲᠤᠤᠷᠠᠬᠢ ᠱᠠᠭᠠᠷᠳᠠᠯᠭ᠎ᠠ ᠳᠤ ᠨᠡᠶᠢᠴᠡᠬᠦ ᠬᠡᠷᠡᠭᠲᠠᠢ᠄ | ︵ᠨᠢᠭᠡ︶ ᠵᠠᠮ ᠤᠨ ᠬᠠᠵᠠᠭᠤ᠂ ᠭᠤᠤᠯ ᠤᠨ ᠬᠦᠪᠡᠭᠡ᠂ ᠬᠦᠭᠦᠷᠭᠡᠨ ᠤ ᠬᠠᠵᠠᠭᠤ ᠵᠡᠷᠭᠡ ᠤᠯᠠᠨ ᠨᠡᠶᠢᠲᠠ ᠶᠢᠨ | ᠤᠷᠴᠢᠨ ᠲᠤᠭᠤᠷᠢᠨ ᠳᠤ ᠠᠮᠢᠳᠤᠷᠠᠯ ᠤᠨ ᠬᠤᠭ ᠨᠤᠪᠰᠢ ᠪᠠ ᠪᠠᠷᠢᠯᠭ᠎ᠠ ᠶᠢᠨ ᠬᠠᠶᠠᠭᠳᠠᠮᠠᠯ ᠪᠤᠳᠠᠰ ᠦᠭᠡᠢ︔ | ︵ᠬᠤᠶᠠᠷ︶ ᠭᠤᠤᠯ ᠤᠨ ᠰᠤᠪᠠᠭ᠂ ᠴᠦᠬᠦᠷᠤᠮ᠂ ᠤᠰᠤᠨ ᠰᠤᠪᠠᠭ ᠵᠡᠷᠭᠡ ᠳᠤ ᠬᠤᠭ ᠨᠤᠪᠰᠢ ᠬᠦᠪᠬᠦ | ᠦᠭᠡᠢ︔ | ︵ᠭᠤᠷᠪᠡ︶ ᠬᠡᠷᠡᠮ᠂ ᠴᠠᠬᠢᠯᠭᠠᠨ ᠤᠳᠠᠰᠤᠨ ᠤ ᠱᠤᠩ᠂ ᠡᠭᠦᠲᠠ᠂ ᠮᠤᠳᠤᠨ ᠲᠡᠭᠡᠷ᠎ᠡ ᠲᠤᠷ᠎ᠠ ᠪᠠᠷ ᠨᠠᠭᠠᠵᠤ | ᠲᠤᠷ᠎ᠠ ᠪᠠᠷ ᠡᠷᠢᠶᠡᠴᠢᠬᠦ ᠦᠭᠡᠢ︔ | ︵ᠲᠦᠷᠪᠡ︶ ᠲᠤᠰᠬᠤᠨ ᠤ ᠲᠤᠲᠤᠷᠠᠬᠢ ᠭᠡᠷ ᠤᠨ ᠵᠢᠭᠦᠷᠲᠡᠨ᠂ ᠮᠠᠯ ᠤᠨᠤᠭ᠎ᠠ ᠶᠢ ᠬᠤᠷᠢᠵᠤ ᠲᠡᠵᠢᠭᠡᠵᠤ᠂ | ᠭᠡᠷ ᠤᠨ ᠵᠢᠭᠦᠷᠲᠡᠨ᠂ ᠮᠠᠯ ᠤᠨᠤᠭ᠎ᠠ ᠶᠢ ᠪᠡᠯᠴᠢᠭᠡᠷᠯᠡᠭᠦᠯᠵᠤ ᠲᠡᠵᠢᠭᠡᠬᠦ ᠦᠭᠡᠢ︔ | ︵ᠲᠠᠪᠤ︶ ᠭᠤᠤᠯ ᠵᠠᠮ ᠤᠨ ᠬᠤᠶᠠᠷ ᠲᠠᠯ᠎ᠠ ᠪᠠ ᠲᠠᠷᠢᠶᠠᠴᠢᠨ ᠡᠷᠦᠭᠡ ᠶᠢᠨ ᠡᠭᠦᠳᠡᠨ ᠡᠮᠦᠨ᠎ᠡ ᠭᠡᠷ ᠤᠨ | ᠠᠷᠤ ᠳᠤ ᠲᠤᠷ᠎ᠠ ᠪᠠᠨ ᠪᠤᠰᠬᠠᠵᠤ ᠤᠪᠤᠭᠠᠯᠠᠭᠰᠠᠨ ᠶᠠᠭᠤᠮ᠎ᠠ ᠦᠭᠡᠢ᠂ ᠸᠠᠭᠠᠷ ᠲᠤᠭᠤᠰᠬ᠎ᠠ᠂ ᠬᠠᠶᠢᠷ᠂ ᠡᠯᠡᠰᠦ ᠵᠡᠷᠭᠡ | ᠪᠠᠷᠢᠯᠭ᠎ᠠ ᠶᠢᠨ ᠮᠠᠲ᠋ᠧᠷᠢᠶᠠᠯ ᠢ ᠤᠪᠤᠭᠠᠯᠠᠵᠤ ᠲᠠᠯᠪᠢᠭᠰᠠᠨ ᠨᠢ ᠲᠡᠭᠰᠢᠭᠡᠨ︔ | ︵ᠵᠢᠷᠭᠤᠭ᠎ᠠ︶ ᠬᠠᠲᠠᠭᠤᠷᠠᠭᠤᠯᠤᠭᠰᠠᠨ ᠵᠠᠮ ᠲᠠᠢ᠂ ᠰᠢᠷᠤᠢ ᠶᠢᠨ ᠤᠪᠤᠭ᠎ᠠ᠂ ᠪᠠᠭᠠᠰᠤᠨ ᠤᠪᠤᠭ᠎ᠠ ᠵᠢᠴᠢ | ᠪᠤᠬᠢᠷ ᠤᠰᠤᠨ ᠤ ᠨᠦᠬᠡ ᠪᠠᠶᠢᠬᠤ ᠦᠭᠡᠢ᠃ | ᠬᠤᠷᠢᠨ ᠭᠤᠷᠪᠠᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠨᠢ ᠡᠳ᠋ ᠤᠨ ᠵᠠᠰᠠᠭ ᠤᠨ ᠪᠡᠯᠡ ᠮᠦᠩᠭᠦ ᠶᠢᠨ ᠵᠢᠯᠤᠭᠤᠳᠤᠨ ᠲᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠨᠡᠶᠢᠭᠡᠮ ᠤᠨ ᠬᠦᠴᠦᠨ ᠢ ᠪᠦᠲᠦᠮᠵᠢᠲᠠᠢ ᠠᠰᠢᠭᠯᠠᠵᠤ᠂ ᠰᠢᠨ᠎ᠡ ᠮᠡᠷᠭᠡᠵᠢᠯ ᠢ ᠠᠰᠢᠭᠯᠠᠵᠤ ᠬᠦᠳᠡᠭᠡ ᠲᠤᠰᠬᠤᠨ ᠤ | ᠵᠤᠷᠯᠤᠩ ᠢ ᠦᠭᠡᠷᠡᠴᠢᠯᠡᠬᠦ ᠠᠵᠢᠯ ᠪᠠ ᠬᠤᠵᠢᠮ ᠤᠨ ᠬᠠᠮᠢᠶᠠᠷᠤᠯᠲᠠ ᠶᠢᠨ ᠦᠢᠯᠡᠴᠢᠯᠡᠭᠡ ᠳᠤ ᠤᠷᠤᠯᠴᠠᠭᠤᠯᠵᠤ᠂ | ᠬᠦᠳᠡᠭᠡ ᠲᠤᠰᠬᠤᠨ ᠤ ᠲᠤᠮᠲᠠᠲᠤ ᠪᠠᠭ᠎ᠠ ᠰᠤᠷᠭᠠᠭᠤᠯᠢ᠂ ᠵᠢᠭᠤᠯᠴᠢᠯᠠᠯ ᠤᠨ ᠦᠵᠡᠮᠵᠢ ᠶᠢᠨ ᠴᠡᠭ ᠪᠠ ᠬᠤᠲᠠ | ᠪᠠᠯᠭᠠᠰᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠲᠡᠯᠭᠡᠭᠦᠷ ᠲᠤ ᠬᠤᠤᠷ ᠦᠭᠡᠶᠢᠵᠢᠭᠦᠯᠦᠭᠰᠡᠨ ᠠᠷᠢᠭᠤᠨ ᠴᠡᠪᠡᠷ | ᠨᠡᠶᠢᠲᠠ ᠶᠢᠨ ᠵᠤᠷᠯᠤᠩ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠪᠠᠶᠢᠭᠤᠯᠵᠤ᠂ ᠠᠷᠢᠭᠤᠨ ᠴᠡᠪᠡᠷ | ᠨᠡᠶᠢᠲᠠ ᠶᠢᠨ ᠵᠤᠷᠯᠤᠩ ᠢ ᠪᠠᠶᠢᠭᠤᠯᠬᠤ᠂ ᠬᠠᠮᠢᠶᠠᠷᠬᠤ᠂ ᠬᠡᠷᠡᠭᠯᠡᠬᠦ ᠶᠢ ᠴᠢᠬᠤᠯᠠᠴᠢᠯᠠᠭᠰᠠᠨ ᠤᠷᠲᠤ ᠬᠤᠭᠤᠴᠠᠭᠠᠨ ᠤ | ᠲᠤᠭᠲᠠᠴᠠ ᠶᠢ ᠪᠠᠶᠢᠭᠤᠯᠬᠤ ᠬᠡᠷᠡᠭᠲᠠᠢ᠃ ᠭᠤᠷᠪᠠᠳᠤᠭᠠᠷ ᠪᠦᠯᠦᠭ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ | ᠰᠡᠷᠭᠡᠶᠢᠯᠡᠨ ᠡᠵᠡᠮᠳᠡᠬᠦ | ᠬᠤᠷᠢᠨ ᠲᠦᠷᠪᠡᠳᠦᠭᠡᠷ ᠵᠦᠢᠯ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠨᠢ ᠡᠪᠡᠳᠴᠢᠨ | ᠲᠠᠮᠵᠢᠭᠤᠯᠤᠭᠴᠢ ᠠᠮᠢᠲᠤ ᠪᠤᠳᠠᠰ ᠤᠨ ᠲᠠᠷᠬᠠᠯᠲᠠ᠂ ᠬᠠᠯᠳᠠᠯᠭ᠎ᠠ ᠵᠢᠴᠢ ᠨᠢᠭᠲᠠᠴᠠ ᠶᠢᠨ ᠬᠢᠨᠠᠨ ᠬᠡᠮᠵᠢᠯᠲᠠ᠂ ᠡᠮᠲᠤ | ᠪᠤᠳᠠᠰ ᠤᠨ ᠰᠡᠷᠭᠡᠭ ᠤᠨ ᠬᠡᠮᠵᠢᠶᠡᠨ ᠤ ᠪᠠᠶᠢᠴᠠᠭᠠᠯᠲᠠ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ ᠬᠢᠨᠠᠨ ᠬᠡᠮᠵᠢᠭᠰᠡᠨ | ᠪᠠ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ ᠠᠳᠠᠯᠢ ᠱᠠᠲᠤᠨ ᠤ ᠡᠬᠡ ᠤᠷᠤᠨᠴᠢ ᠡᠷᠡᠭᠦᠯ | ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠳᠤ ᠮᠡᠳᠡᠭᠦᠯᠦᠨ ᠬᠦᠷᠭᠡᠨ᠎ᠡ᠃ | ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠨᠢ ᠡᠪᠡᠳᠴᠢᠨ ᠲᠠᠮᠵᠢᠭᠤᠯᠤᠭᠴᠢ ᠠᠮᠢᠲᠤ | ᠪᠤᠳᠠᠰ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠢᠯᠤᠭᠤᠳᠤᠯᠭ᠎ᠠ ᠪᠠ ᠲᠤᠰᠬᠠᠢ ᠪᠤᠯᠪᠠᠰᠤᠷᠠᠯ ᠤᠨ ᠠᠵᠢᠯ ᠢ | ᠲᠦᠯᠦᠪᠦᠷᠢ ᠦᠭᠡᠢ ᠪᠠᠷ ᠦᠷᠨᠢᠭᠦᠯᠬᠦ ᠶᠢ ᠬᠠᠷᠢᠭᠤᠴᠠᠨ᠎ᠡ᠃ | ᠬᠤᠷᠢᠨ ᠲᠠᠪᠤᠳᠤᠭᠠᠷ ᠵᠦᠢᠯ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠵᠡᠭᠡᠯᠢ | ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠮᠢᠶᠠᠷᠤᠯᠲᠠ ᠶᠢᠨ ᠤᠷᠤᠨ ᠲᠤᠲᠤᠷᠠᠬᠢ ᠰᠠᠭᠤᠭᠠᠯᠢ ᠠᠷᠠᠳ ᠪᠠ | ᠨᠢᠭᠡᠴᠢ ᠶᠢ ᠵᠤᠬᠢᠶᠠᠨ ᠪᠠᠶᠢᠭᠤᠯᠵᠤ᠂ ᠲᠤᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠨ ᠤᠰᠠᠳᠬᠠᠬᠤ ᠬᠦᠳᠡᠯᠭᠡᠭᠡᠨ | ᠦᠷᠨᠢᠭᠦᠯᠵᠤ᠂ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠤᠨ ᠦᠷᠡᠵᠢᠭᠰᠡᠨ ᠭᠠᠵᠠᠷ ᠢ ᠴᠡᠪᠡᠷᠯᠡᠵᠤ᠂ ᠲᠤᠰ | ᠬᠠᠮᠢᠶᠠᠷᠤᠯᠳᠠ ᠶᠢᠨ ᠤᠷᠤᠨ ᠲᠤᠳᠤᠷᠠᠬᠢ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠤᠨ ᠬᠠᠯᠳᠠᠭᠰᠠᠨ ᠪᠠᠶᠢᠳᠠᠯ ᠢ | ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠳᠤ ᠮᠡᠳᠡᠭᠦᠯᠬᠦ | ᠬᠡᠷᠡᠭᠲᠠᠢ᠃ | ᠬᠤᠷᠢᠨ ᠵᠢᠷᠭᠤᠳᠤᠭᠠᠷ ᠵᠦᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠰᠤᠷᠭᠠᠭᠤᠯᠢ᠂ | ᠢᠳᠡᠭᠡᠨ ᠤ ᠦᠢᠯᠡᠳᠪᠦᠷᠢ ᠵᠢᠴᠢ ᠡᠵᠡᠩᠨᠡᠯᠲᠠ ᠶᠢᠨ ᠨᠢᠭᠡᠴᠢ᠂ ᠨᠢᠰᠭᠡᠯ ᠤᠨ ᠪᠠᠭᠤᠳᠠᠯ᠂ ᠲᠡᠷᠭᠡᠨ ᠦᠷᠲᠡᠭᠡ᠂ | ᠵᠤᠴᠢᠳ ᠤᠨ ᠪᠠᠭᠤᠳᠠᠯ᠂ ᠰᠦᠯᠵᠢᠶᠡᠨ ᠤ ᠪᠠᠭᠠᠷ᠂ ᠴᠡᠩᠭᠡᠯ ᠤᠨ ᠭᠠᠵᠠᠷ᠂ ᠬᠠᠶᠠᠭᠳᠠᠮᠠᠯ ᠪᠤᠳᠠᠰ ᠢ ᠬᠤᠳᠠᠯᠳᠤᠨ | ᠠᠪᠬᠤ ᠦᠷᠲᠡᠭᠡ᠂ ᠨᠡᠶᠢᠲᠠ ᠶᠢᠨ ᠵᠤᠷᠯᠤᠩ᠂ ᠬᠤᠭ ᠨᠤᠪᠰᠢ ᠶᠢᠨ ᠦᠷᠳᠡᠭᠡ᠂ ᠪᠠᠷᠢᠯᠭ᠎ᠠ ᠶᠢᠨ ᠭᠠᠵᠠᠷ᠂ ᠭᠠᠵᠠᠷ | ᠲᠤᠤᠷᠠᠬᠢ ᠬᠠᠮᠢᠶᠠᠷᠤᠯᠲᠠ ᠶᠢᠨ ᠲᠤᠤᠷ ︵ᠬᠤᠳᠳᠤᠭ︶᠂ ᠭᠤᠤᠯ ᠤᠨ ᠰᠤᠪᠠᠭ ᠵᠡᠷᠭᠡ ᠡᠪᠡᠳᠴᠢᠨ ᠲᠠᠮᠵᠢᠭᠤᠯᠤᠭᠴᠢ | ᠠᠮᠢᠲᠤ ᠪᠤᠳᠠᠰ ᠠᠮᠠᠷᠬᠠᠨ ᠦᠷᠡᠵᠢᠬᠦ ᠪᠤᠶᠤ ᠪᠠᠶᠢᠬᠤ ᠲᠠᠯᠠᠪᠤᠷ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ | ᠬᠠᠷᠢᠭᠤᠴᠠᠯᠭᠠᠳᠠᠨ ᠨᠢ ᠲᠤᠬᠠᠢ ᠶᠢᠨ ᠭᠠᠵᠠᠷ ᠤᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ | ᠪᠠᠶᠢᠭᠤᠯᠤᠮᠵᠢ ᠶᠢᠨ ᠱᠠᠭᠠᠷᠳᠠᠯᠭ᠎ᠠ ᠶᠤᠰᠤᠭᠠᠷ᠂ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ ᠤᠷᠢᠳᠴᠢᠯᠠᠨ | ᠰᠡᠷᠭᠡᠶᠢᠯᠡᠵᠤ ᠡᠵᠡᠮᠳᠡᠬᠦ ᠲᠦᠬᠦᠭᠡᠷᠦᠮᠵᠢ ᠶᠢ ᠲᠤᠬᠢᠷᠠᠭᠤᠯᠵᠤ᠂ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ | ᠦᠷᠭᠦᠯᠵᠢ ᠶᠢᠨ ᠴᠢᠨᠠᠷᠲᠠᠢ ᠠᠷᠢᠭᠤᠳᠬᠠᠨ ᠠᠯᠠᠵᠤ᠂ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠶᠢᠨ | ᠨᠢᠭᠲᠠᠴᠠ ᠨᠢ ᠤᠯᠤᠰ ᠤᠨ ᠲᠤᠭᠲᠠᠭᠠᠭᠰᠠᠨ ᠪᠠᠷᠢᠮᠵᠢᠶ᠎ᠡ ᠳᠤ ᠨᠡᠶᠢᠴᠡᠬᠦ ᠬᠡᠷᠡᠭᠲᠠᠢ᠃ | ᠬᠤᠷᠢᠨ ᠲᠤᠯᠤᠳᠤᠭᠠᠷ ᠵᠦᠢᠯ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ ᠤᠷᠢᠳᠴᠢᠯᠠᠨ ᠰᠡᠷᠭᠡᠶᠢᠯᠡᠵᠤ | ᠡᠵᠡᠮᠳᠡᠬᠦ ᠦᠢᠯᠡᠴᠢᠯᠡᠭᠡᠨ ᠤ ᠪᠠᠶᠢᠭᠤᠯᠤᠮᠵᠢ ᠨᠢ ᠡᠵᠡᠩᠨᠡᠯᠲᠠ ᠶᠢᠨ ᠦᠨᠡᠮᠯᠡᠯ ᠢᠶᠠᠨ ᠠᠪᠤᠭᠰᠠᠨ ᠡᠳᠦᠷ ᠠᠴᠠ ᠡᠬᠢᠯᠡᠨ | ᠠᠷᠪᠠᠨ ᠲᠠᠪᠤᠨ ᠡᠳᠦᠷ ᠲᠤᠲᠤᠷ᠎ᠠ᠂ ᠬᠤᠲᠠ ᠶᠢᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ | ᠪᠠᠶᠢᠭᠤᠯᠤᠮᠵᠢ ᠳᠤ ᠲᠠᠩᠰᠠᠯᠠᠭᠤᠯᠬᠤ ᠬᠡᠷᠡᠭᠲᠠᠢ᠃ ᠬᠤᠲᠠ ᠶᠢᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ | ᠪᠠᠶᠢᠭᠤᠯᠤᠮᠵᠢ ᠨᠢ ᠨᠡᠶᠢᠭᠡᠮ ᠳᠤ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ ᠤᠷᠢᠳᠴᠢᠯᠠᠨ ᠰᠡᠷᠭᠡᠶᠢᠯᠡᠵᠤ | ᠡᠵᠡᠮᠳᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠰ ᠢ ᠨᠡᠶᠢᠲᠡᠯᠡᠬᠦ ᠬᠡᠷᠡᠭᠲᠠᠢ᠃ | ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ ᠤᠷᠢᠳᠴᠢᠯᠠᠨ ᠰᠡᠷᠭᠡᠶᠢᠯᠡᠵᠤ ᠡᠵᠡᠮᠳᠡᠬᠦ ᠦᠢᠯᠡᠴᠢᠯᠡᠭᠡ ᠬᠢᠵᠤ | ᠪᠠᠶᠢᠭ᠎ᠠ ᠠᠵᠢᠯᠲᠡᠨ ᠨᠢ ᠪᠤᠯᠪᠠᠰᠤᠷᠠᠯ ᠢᠶᠠᠷ ᠲᠠᠮᠵᠢᠨ ᠬᠢᠷᠢ ᠲᠡᠩᠴᠡᠭᠰᠡᠨ ᠤ ᠲᠠᠷᠠᠭ᠎ᠠ ᠠᠵᠢᠯ ᠤᠨ ᠪᠠᠶᠢᠷᠢ ᠳᠤ ᠭᠠᠷᠬᠤ | ᠬᠡᠷᠡᠭᠲᠠᠢ᠃ | ᠬᠤᠷᠢᠨ ᠨᠠᠢᠮᠠᠳᠤᠭᠠᠷ ᠵᠦᠢᠯ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠢ ᠤᠷᠢᠳᠴᠢᠯᠠᠨ ᠰᠡᠷᠭᠡᠶᠢᠯᠡᠬᠦ | ᠡᠮ ᠤᠨ ᠵᠦᠢᠯ᠂ ᠪᠠᠭᠠᠵᠢ ᠬᠡᠷᠡᠭᠯᠡᠭᠦᠷ ᠢ ᠦᠢᠯᠡᠳᠪᠦᠷᠢᠯᠡᠵᠤ ᠪᠤᠷᠤᠯᠠᠭᠤᠯᠬᠤ ᠳᠤ ᠬᠠᠮᠢᠶ᠎ᠠ ᠪᠦᠬᠦᠢ ᠬᠠᠤᠯᠢ ᠴᠠᠭᠠᠵᠠ᠂ | ᠬᠠᠤᠯᠢ ᠲᠤᠭᠲᠠᠭᠠᠯ ᠤᠨ ᠲᠤᠭᠲᠠᠭᠠᠯ ᠪᠠ ᠮᠡᠷᠭᠡᠵᠢᠯ ᠤᠨ ᠲᠦᠷᠢᠮᠵᠢᠭᠰᠡᠨ ᠱᠠᠭᠠᠷᠳᠠᠯᠭ᠎ᠠ ᠳᠤ ᠨᠡᠶᠢᠴᠡᠬᠦ ᠬᠡᠷᠡᠭᠲᠠᠢ᠂ | ᠤᠯᠤᠰ ᠠᠴᠠ ᠬᠡᠷᠡᠭᠯᠡᠬᠦ ᠶᠢ ᠴᠠᠭᠠᠵᠠᠯᠠᠭᠰᠠᠨ ᠬᠤᠷᠤᠬᠠᠢ ᠠᠯᠠᠬᠤ ᠡᠮ ᠪᠠ ᠲᠦᠷᠭᠡᠨ ᠴᠢᠨᠠᠷᠲᠠᠢ ᠲᠤᠭᠰᠢᠨ ᠬᠤᠤᠷ ᠲᠠᠢ | ᠬᠤᠯᠤᠭᠠᠨ᠎ᠠ ᠤᠰᠠᠳᠬᠠᠬᠤ ᠬᠤᠤᠷ ᠢ ᠬᠡᠷᠡᠭᠯᠡᠵᠤ ᠪᠤᠯᠬᠤ ᠦᠭᠡᠢ᠃ | ᠲᠦᠷᠪᠡᠳᠦᠭᠡᠷ ᠪᠦᠯᠦᠭ ᠡᠷᠡᠭᠦᠯ ᠮᠡᠨᠲᠤ ᠶᠢᠨ ᠬᠦᠮᠦᠵᠢᠯ ᠪᠤᠯᠤᠨ ᠡᠷᠡᠭᠦᠯ ᠴᠢᠬᠢᠷᠠᠭ ᠤᠨ ᠠᠬᠢᠭᠤᠯᠤᠯᠲᠠ | ᠬᠤᠷᠢ ᠶᠢᠰᠦᠳᠦᠭᠡᠷ ᠵᠦᠢᠯ ᠬᠤᠲᠠ ᠪᠠ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠨᠢ ᠢᠨᠲ᠋ᠧᠷᠨᠧᠲ ᠰᠦᠯᠵᠢᠶ᠎ᠡ᠂ ᠰᠢᠯᠵᠢᠮᠡᠯ ᠬᠤᠯᠪᠤᠭ᠎ᠠ ᠶᠢᠨ ᠬᠡᠷᠡᠭᠯᠡᠭᠴᠢᠳ ᠤᠨ ᠲᠠᠪᠴᠠᠩ ᠵᠡᠷᠭᠡ | ᠵᠠᠭᠤᠴᠢ ᠶᠢ ᠭᠦᠢᠴᠡᠳ ᠠᠰᠢᠭᠯᠠᠨ ᠡᠷᠡᠭᠦᠯ ᠮᠡᠨᠲᠤ ᠶᠢᠨ ᠮᠡᠳᠡᠯᠭᠡ ᠶᠢ ᠤᠬᠠᠭᠤᠯᠵᠤ᠂ ᠰᠢᠨᠵᠢᠯᠡᠬᠦ ᠤᠬᠠᠭᠠᠨᠴᠢ | ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠵᠤᠬᠢᠶᠠᠨ ᠪᠠᠶᠢᠭᠤᠯᠤᠨ ᠨᠡᠶᠢᠲᠡᠯᠡᠵᠤ᠂ ᠬᠤᠲᠠᠯ ᠬᠠᠭᠤᠷᠮᠠᠭ ᠮᠡᠳᠡᠭᠡ | ᠵᠠᠩᠭᠢ ᠶᠢ ᠴᠠᠭ ᠲᠤᠬᠠᠢ ᠳᠤᠨᠢ ᠪᠠᠶᠢᠴᠠᠭᠠᠨ ᠵᠠᠯᠠᠷᠠᠭᠤᠯᠬᠤ ᠬᠡᠷᠡᠭᠲᠠᠢ᠃ | ᠭᠤᠴᠢᠳᠤᠭᠠᠷ ᠵᠦᠢᠯ ᠬᠤᠲᠠ ᠳᠤ ᠬᠠᠷᠢᠶᠠᠯᠠᠭᠳᠠᠬᠤ ᠰᠤᠨᠢᠨ ᠮᠡᠳᠡᠭᠡᠨ ᠤ ᠵᠠᠭᠤᠴᠢ ᠨᠢ ᠲᠤᠭᠲᠠᠭᠰᠠᠨ ᠴᠠᠭ | ᠬᠤᠭᠤᠴᠠᠭ᠎ᠠ ᠪᠤᠯᠤᠨ ᠬᠡᠪᠯᠡᠯ ᠤᠨ ᠨᠢᠭᠤᠷ ᠲᠤᠬᠢᠷᠠᠭᠤᠯᠵᠤ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ | ᠨᠡᠶᠢᠲᠠ ᠶᠢᠨ ᠠᠰᠠᠷᠠᠮᠵᠢ ᠶᠢᠨ ᠤᠬᠠᠭᠤᠯᠭ᠎ᠠ ᠶᠢ ᠦᠨ᠎ᠡ ᠲᠦᠯᠦᠪᠦᠷᠢ ᠦᠭᠡᠢ ᠦᠷᠨᠢᠭᠦᠯᠬᠦ ᠬᠡᠷᠡᠭᠲᠠᠢ᠃ | ᠭᠤᠴᠢᠨ ᠨᠢᠭᠡᠳᠦᠭᠡᠷ ᠵᠦᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠡᠮᠴᠢᠯᠡᠭᠡᠨ ᠤ | ᠦᠢᠯᠡᠴᠢᠯᠡᠭᠡ ᠬᠠᠩᠭᠠᠬᠤ ᠦᠶᠡᠰ᠂ ᠡᠪᠡᠳᠴᠢᠲᠡᠨ ᠵᠢᠴᠢ ᠲᠡᠭᠦᠨ ᠤ ᠭᠡᠷ ᠪᠦᠯᠢ ᠳᠤ ᠡᠷᠡᠭᠦᠯ ᠮᠡᠨᠲᠤ ᠶᠢᠨ ᠬᠦᠮᠦᠵᠢᠯ | ᠬᠢᠵᠤ᠂ ᠭᠤᠤᠯᠳᠠᠯᠭ᠎ᠠ ᠲᠠᠢ ᠬᠦᠮᠦᠰ ᠤᠨ ᠪᠤᠬᠢᠷ ᠠᠮᠢᠳᠤᠷᠠᠯ ᠤᠨ ᠲᠠᠳᠬᠠᠯ ᠢ ᠦᠭᠡᠷᠡᠴᠢᠯᠡᠬᠦ ᠶᠢ ᠲᠦᠯᠬᠢᠨ | ᠠᠬᠢᠭᠤᠯᠵᠤ᠂ ᠡᠷᠡᠭᠦᠯ ᠴᠢᠬᠢᠷᠠᠭ ᠠᠮᠢᠳᠤᠷᠠᠯ ᠤᠨ ᠬᠡᠯᠪᠡᠷᠢ ᠶᠢ ᠪᠦᠷᠢᠯᠳᠦᠭᠦᠯᠬᠦ ᠬᠡᠷᠡᠭᠲᠠᠢ᠃ | ᠭᠤᠴᠢᠨ ᠬᠤᠶᠠᠳᠤᠭᠠᠷ ᠵᠦᠢᠯ ᠲᠤᠮᠲᠠᠲᠤ ᠪᠠᠭ᠎ᠠ ᠰᠤᠷᠭᠠᠭᠤᠯᠢ ᠨᠢ ᠰᠤᠷᠤᠭᠴᠢᠳ ᠲᠤ ᠡᠷᠡᠭᠦᠯ ᠮᠡᠨᠲᠤ ᠶᠢᠨ | ᠬᠦᠮᠦᠵᠢᠯ ᠬᠢᠵᠤ᠂ ᠰᠤᠷᠤᠭᠴᠢᠳ ᠢ ᠵᠤᠬᠢᠶᠠᠨ ᠪᠠᠶᠢᠭᠤᠯᠤᠨ ᠰᠤᠷᠭᠠᠭᠤᠯᠢ ᠳᠤ ᠪᠠᠶᠢᠭ᠎ᠠ ᠬᠤᠭᠤᠴᠠᠭᠠᠨ ᠳᠤ ᠡᠳᠦᠷ ᠲᠤ | ᠠᠳᠠᠭ ᠲᠠᠭᠠᠨ ᠨᠢᠭᠡ ᠴᠠᠭ ᠤᠨ ᠪᠡᠶ᠎ᠡ ᠶᠢᠨ ᠲᠠᠮᠢᠷ ᠤᠨ ᠪᠤᠯᠪᠠᠰᠤᠷᠠᠯ ᠳᠤ ᠤᠷᠤᠯᠴᠠᠭᠤᠯᠵᠤ᠂ ᠪᠤᠰᠤᠳ ᠬᠢᠴᠢᠶᠡᠯ ᠢᠶᠠᠷ | ᠤᠷᠤᠯᠠᠨ ᠡᠵᠡᠯᠡᠵᠤ ᠪᠤᠯᠬᠤ ᠦᠭᠡᠢ᠃ | ᠭᠤᠴᠢᠨ ᠭᠤᠷᠪᠠᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠨᠢ ᠡᠷᠡᠭᠦᠯ ᠴᠢᠬᠢᠷᠠᠭ ᠶᠠᠪᠠᠭᠠᠨ ᠵᠠᠮ᠂ ᠡᠷᠡᠭᠦᠯ ᠴᠢᠬᠢᠷᠠᠭ ᠤᠨ ᠭᠤᠤᠯ ᠰᠡᠳᠦᠪᠲᠤ ᠴᠡᠴᠡᠷᠯᠢᠭ ᠵᠡᠷᠭᠡ | ᠲᠤᠰᠠᠯᠠᠬᠤ ᠴᠢᠨᠠᠷᠲᠠᠢ ᠤᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠠ ᠬᠠᠮᠠᠭᠠᠯᠠᠯᠲᠠ ᠶᠢ | ᠴᠢᠩᠭᠠᠳᠬᠠᠵᠤ᠂ ᠤᠯᠠᠨ ᠨᠡᠶᠢᠲᠠ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠨᠡᠭᠡᠭᠡᠯᠲᠡᠲᠤ ᠨᠤᠷᠮ᠎ᠡ ᠪᠠ | ᠠᠰᠢᠭᠯᠠᠯᠲᠠ ᠶᠢᠨ ᠨᠤᠷᠮ᠎ᠡ ᠶᠢ ᠲᠡᠭᠡᠭᠰᠢᠯᠡᠭᠦᠯᠵᠤ᠂ ᠤᠯᠠᠨ ᠶᠠᠩᠵᠤ ᠶᠢᠨ ᠨᠡᠶᠢᠭᠡᠮ ᠲᠤᠭᠤᠷᠢᠭ ᠤᠨ ᠪᠡᠶ᠎ᠡ | ᠴᠢᠬᠢᠷᠠᠭᠵᠢᠭᠤᠯᠬᠤ ᠬᠦᠳᠡᠯᠭᠡᠭᠡᠨ ᠢ ᠵᠤᠬᠢᠶᠠᠨ ᠪᠠᠶᠢᠭᠤᠯᠤᠨ ᠦᠷᠨᠢᠭᠦᠯᠵᠤ᠂ ᠤᠯᠠᠮᠵᠢᠯᠠᠯᠲᠤ ᠪᠡᠶ᠎ᠡ ᠰᠤᠪᠢᠯᠠᠬᠤ ᠪᠡᠶ᠎ᠡ | ᠪᠤᠯᠪᠠᠰᠤᠷᠠᠭᠤᠯᠬᠤ ᠬᠦᠳᠡᠯᠭᠡᠭᠡᠨ ᠢ ᠲᠡᠯᠭᠡᠷᠡᠭᠦᠯᠬᠦ ᠪᠠ ᠲᠦᠷᠢᠮᠵᠢᠭᠦᠯᠬᠦ ᠬᠡᠷᠡᠭᠲᠠᠢ᠃ | ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠵᠢᠯᠤᠭᠤᠳᠤᠨ ᠲᠠᠭᠠᠭᠤᠯᠤᠭᠴᠢ ᠶᠢᠨ ᠲᠦᠷᠢᠮ ᠢ ᠤᠯᠠᠮ ᠨᠢᠭᠡ | ᠠᠯᠬᠤᠮ ᠬᠡᠷᠡᠭᠵᠢᠭᠦᠯᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠷᠭᠡᠳᠭᠡᠵᠤ᠂ ᠦᠢᠯᠡᠴᠢᠯᠡᠭᠡᠨ ᠤ | ᠠᠭᠤᠯᠭ᠎ᠠ ᠶᠢ ᠪᠠᠶᠠᠯᠢᠬᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠭᠦᠯᠦᠨ᠎ᠡ᠃ | ᠭᠤᠴᠢᠨ ᠲᠦᠷᠪᠡᠳᠦᠭᠡᠷ ᠵᠦᠢᠯ ᠨᠡᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠨᠢ ᠵᠠᠪᠰᠠᠷᠯᠠᠭ᠎ᠠ ᠶᠢᠨ ᠲᠠᠮᠢᠷ ᠤᠨ ᠲᠦᠷᠢᠮ ᠢ ᠨᠠᠶᠢᠲᠠᠪᠤᠷᠢᠵᠢᠭᠤᠯᠵᠤ᠂ ᠠᠵᠢᠯᠲᠡᠨ ᠤ ᠪᠡᠶ᠎ᠡ | ᠴᠢᠬᠢᠷᠠᠭᠵᠢᠭᠤᠯᠬᠤ ᠪᠦᠯᠭᠦᠮ ᠢ ᠪᠠᠶᠢᠭᠤᠯᠵᠤ᠂ ᠬᠦᠮᠦᠰ ᠤᠨ ᠤᠨᠴᠠᠯᠢᠭ ᠲᠠᠢ ᠨᠡᠶᠢᠴᠡᠭᠰᠡᠨ ᠪᠡᠶ᠎ᠡ ᠴᠢᠬᠢᠷᠠᠭᠵᠢᠭᠤᠯᠬᠤ | ᠬᠦᠳᠡᠯᠭᠡᠭᠡᠨ ᠪᠠ ᠤᠷᠤᠯᠳᠤᠭᠠᠨ ᠢ ᠦᠷᠨᠢᠭᠦᠯᠬᠦ ᠬᠡᠷᠡᠭᠲᠠᠢ᠃ | ᠭᠤᠴᠢᠨ ᠲᠠᠪᠤᠳᠤᠭᠠᠷ ᠵᠦᠢᠯ ᠲᠤᠰ ᠬᠤᠲᠠ ᠶᠢᠨ ᠪᠦᠬᠦ᠋ᠢᠯᠠ ᠭᠡᠷ ᠲᠤᠲᠤᠷᠠᠬᠢ ᠤᠯᠠᠨ ᠨᠡᠶᠢᠲᠠ ᠶᠢᠨ | ᠲᠠᠯᠠᠪᠤᠷ᠂ ᠠᠵᠢᠯ ᠤᠨ ᠲᠠᠯᠠᠪᠤᠷ ᠪᠠ ᠤᠯᠠᠨ ᠨᠡᠶᠢᠲᠠ ᠶᠢᠨ ᠵᠠᠮ ᠬᠠᠷᠢᠯᠴᠠᠭᠠᠨ ᠤ ᠪᠠᠭᠠᠵᠢ ᠲᠡᠭᠡᠷ᠎ᠡ ᠲᠠᠮᠡᠬᠢ | ᠲᠠᠳᠠᠬᠤ ᠶᠢ ᠪᠦᠬᠦ ᠲᠠᠯ᠎ᠠ ᠪᠠᠷ ᠴᠠᠭᠠᠵᠠᠯᠠᠬᠤ ᠶᠢᠨ ᠬᠠᠮᠲᠤ ᠲᠠᠮᠡᠬᠢ ᠲᠠᠳᠠᠬᠤ ᠶᠢ ᠴᠠᠭᠠᠵᠠᠯᠠᠬᠤ ᠢᠯᠡ ᠲᠤᠲᠤ | ᠢᠯᠡᠳᠭᠡᠮᠵᠢ ᠲᠡᠮᠳᠡᠭ ᠲᠠᠯᠪᠢᠨ᠎ᠡ᠃ ᠤᠳᠤᠭ᠎ᠠ ᠦᠭᠡᠢ ᠰᠤᠷᠭᠠᠭᠤᠯᠢ᠂ ᠤᠲᠤᠭ᠎ᠠ ᠦᠭᠡᠢ ᠪᠠᠶᠢᠭᠤᠯᠭ᠎ᠠ᠂ ᠤᠲᠤᠭ᠎ᠠ | ᠦᠭᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠤᠲᠤᠭ᠎ᠠ ᠦᠭᠡᠢ ᠲᠠᠯᠠᠪᠤᠷ ᠤᠨ ᠪᠦᠲᠦᠭᠡᠨ | ᠪᠠᠶᠢᠭᠤᠯᠤᠯᠲᠠ ᠶᠢ ᠦᠷᠨᠢᠭᠦᠯᠦᠨ᠎ᠡ᠃ ᠠᠯᠪᠠᠨ ᠲᠤᠰᠢᠶᠠᠯᠲᠡᠨ᠂ ᠪᠠᠭᠰᠢ᠂ ᠡᠮᠨᠡᠯᠭᠡ ᠶᠢᠨ ᠠᠵᠢᠯᠲᠡᠨ ᠲᠡᠮᠡᠬᠢ ᠪᠠᠨ | ᠵᠤᠭᠰᠤᠭᠠᠬᠤ ᠠᠵᠢᠯ ᠢ ᠲᠤᠯᠤᠭᠠᠶᠢᠯᠠᠨ ᠬᠢᠬᠦ ᠬᠡᠷᠡᠭᠲᠠᠢ᠃ | ᠨᠠᠰᠤᠨ ᠳᠤ ᠦᠯᠦ ᠬᠦᠷᠦᠭᠰᠡᠳ ᠲᠤ ᠲᠠᠮᠠᠬᠢ ᠬᠤᠳᠠᠯᠳᠤᠬᠤ ᠶᠢ ᠴᠠᠭᠠᠵᠠᠯᠠᠵᠤ᠂ ᠲᠤᠰ ᠵᠠᠰᠠᠭ ᠵᠠᠬᠢᠷᠭᠠᠨ ᠤ | ᠤᠷᠤᠨ ᠲᠤᠲᠤᠷ᠎ᠠ ᠨᠡᠪᠴᠢᠨ ᠲᠠᠮᠠᠬᠢᠨ ᠤ ᠵᠠᠷ ᠮᠡᠳᠡᠭᠡ ᠲᠤᠬᠢᠷᠠᠭᠤᠯᠵᠤ ᠪᠤᠯᠬᠤ ᠦᠭᠡᠢ᠃ | ᠲᠠᠪᠤᠳᠤᠭᠠᠷ ᠪᠦᠯᠦᠭ ᠡᠷᠡᠭᠦᠯ ᠬᠠᠮᠠᠭᠠᠯᠠᠯ ᠤᠨ ᠡᠭᠦᠳᠦᠨ ᠪᠠᠶᠢᠭᠤᠯᠤᠯᠲᠠ ᠪᠤᠯᠤᠨ ᠰᠢᠯᠭᠠᠨ ᠪᠠᠶᠢᠴᠠᠭᠠᠯᠲᠠ | ᠭᠤᠴᠢᠨ ᠵᠢᠷᠭᠤᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠨᠢ ᠠᠷᠢᠭᠤᠨ ᠴᠡᠪᠡᠷ ᠨᠢᠭᠡᠴᠢ᠂ ᠤᠳᠤᠭ᠎ᠠ ᠦᠭᠡᠢ ᠨᠢᠭᠡᠴᠢ᠂ ᠪᠤᠯᠪᠠᠰᠤᠨ ᠨᠢᠭᠡᠴᠢ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠨᠢᠭᠦᠯᠵᠤ᠂ ᠠᠷᠢᠭᠤᠨ ᠴᠡᠪᠡᠷ ᠨᠢᠭᠡᠴᠢ ᠶᠢᠨ ᠨᠡᠷᠡᠶᠢᠳᠦᠯ ᠢ ᠤᠯᠤᠭᠰᠠᠨ ᠦᠭᠡᠢ ᠪᠤᠯ | ᠪᠤᠯᠪᠠᠰᠤᠨ ᠨᠢᠭᠡᠴᠢ ᠶᠢᠨ ᠰᠢᠯᠭᠠᠨ ᠰᠤᠩᠭᠤᠯᠲᠠ ᠳᠤ ᠤᠷᠤᠯᠴᠠᠵᠤ ᠪᠤᠯᠬᠤ ᠦᠭᠡᠢ᠃ | ᠭᠤᠴᠢᠨ ᠲᠤᠯᠤᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠨᠢ ᠡᠷᠡᠭᠦᠯ ᠬᠠᠮᠠᠭᠠᠯᠠᠯ ᠤᠨ ᠡᠭᠦᠳᠦᠨ ᠪᠠᠶᠢᠭᠤᠯᠤᠯᠲᠠ ᠶᠢᠨ ᠬᠢᠨᠠᠨ | ᠰᠢᠯᠭᠠᠬᠤ ᠠᠵᠢᠯᠯᠠᠭ᠎ᠠ ᠶᠢ ᠦᠷᠨᠢᠭᠦᠯᠬᠦ ᠦᠶᠡᠰ᠂ ᠤᠯᠠᠨ ᠲᠦᠮᠡᠨ ᠤ ᠲᠦᠯᠦᠭᠡᠯᠡᠭᠴᠢ ᠶᠢ ᠤᠷᠢᠨ ᠤᠷᠤᠯᠴᠠᠭᠤᠯᠵᠤ᠂ | ᠲᠤᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠲᠠᠰᠢᠷᠠᠮ ᠢᠶᠠᠷ ᠰᠤᠭᠤᠯᠤᠨ ᠪᠠᠶᠢᠴᠠᠭᠠᠬᠤ ᠶᠢ | ᠤᠶᠠᠯᠳᠤᠭᠤᠯᠬᠤ᠂ ᠢᠯᠡ ᠪᠠᠷ ᠪᠠᠶᠢᠴᠠᠭᠠᠬᠤ ᠪᠠ ᠨᠢᠭᠤᠴᠠ ᠪᠠᠷ ᠪᠠᠶᠢᠴᠠᠭᠠᠬᠤ ᠶᠢ ᠤᠶᠠᠯᠳᠤᠭᠤᠯᠬᠤ ᠬᠡᠯᠪᠡᠷᠢ ᠶᠢ | ᠠᠪᠴᠤ ᠪᠤᠯᠤᠨ᠎ᠡ᠃ | ᠬᠢᠨᠠᠨ ᠰᠢᠯᠭᠠᠬᠤ ᠶᠠᠪᠤᠴᠠ ᠲᠤᠮᠲᠠ᠂ ᠬᠢᠨᠠᠨ ᠰᠢᠯᠭᠠᠬᠤ ᠪᠠᠷᠢᠮᠵᠢᠶ᠎ᠡ᠂ ᠮᠡᠳᠡᠭᠦᠯᠵᠤ ᠪᠠᠶᠢᠭ᠎ᠠ ᠨᠢᠭᠡᠴᠢ ᠶᠢᠨ | ᠲᠤᠬᠠᠢ ᠨᠡᠶᠢᠭᠡᠮ ᠲᠡᠭᠡᠷ᠎ᠡ ᠢᠯᠡ ᠪᠠᠷ ᠰᠠᠨᠠᠯ ᠬᠤᠷᠢᠶᠠᠵᠤ᠂ ᠢᠯᠡ ᠪᠠᠷ ᠰᠠᠨᠠᠯ ᠬᠤᠷᠢᠶᠠᠬᠤ ᠬᠤᠭᠤᠴᠠᠭ᠎ᠠ ᠨᠢ ᠠᠷᠪᠠᠨ | ᠡᠳᠦᠷ ᠠᠴᠠ ᠲᠤᠲᠠᠭᠤ ᠪᠠᠶᠢᠵᠤ ᠪᠤᠯᠬᠤ ᠦᠭᠡᠢ᠃ ᠬᠦᠴᠦᠨ ᠲᠠᠢ ᠬᠤᠭᠤᠴᠠᠭᠠᠨ ᠲᠤᠲᠤᠷ᠎ᠠ ᠤᠨᠳᠤᠤ ᠰᠠᠨᠠᠯ | ᠲᠤᠷᠠᠳᠤᠭᠰᠠᠨ ᠪᠤᠯ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠨᠢ ᠨᠠᠷᠢᠨ ᠬᠢᠨᠠᠮᠠᠭᠠᠢ | ᠪᠠᠶᠢᠴᠠᠭᠠᠨ ᠬᠠᠷᠭᠤᠭᠤᠯᠵᠤ᠂ ᠦᠨᠡᠨ ᠬᠦ ᠬᠤᠳᠠᠯ ᠬᠠᠭᠤᠷᠮᠠᠭ ᠪᠠᠶᠢᠪᠠᠯ᠂ ᠬᠢᠨᠠᠨ ᠰᠢᠯᠭᠠᠯᠲᠠ ᠳᠤ ᠤᠷᠤᠯᠴᠠᠬᠤ ᠬᠢᠷᠢ | ᠭᠡᠮ ᠢ ᠨᠢ ᠬᠦᠴᠦᠨ ᠦᠭᠡᠢ ᠪᠤᠯᠭᠠᠬᠤ ᠬᠡᠷᠡᠭᠲᠠᠢ᠃ | ᠭᠤᠴᠢᠨ ᠨᠠᠢᠮᠠᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠨᠢ ᠡᠷᠡᠭᠦᠯ ᠬᠠᠮᠠᠭᠠᠯᠠᠯ ᠤᠨ ᠡᠭᠦᠳᠦᠨ ᠪᠠᠶᠢᠭᠤᠯᠤᠯᠲᠠ ᠶᠢᠨ ᠪᠠᠷᠢᠮᠵᠢᠶ᠎ᠡ ᠳᠤ | ᠨᠡᠶᠢᠴᠡᠭᠰᠡᠨ ᠨᠢᠭᠡᠴᠢ ᠳᠤ ᠬᠦᠳᠡᠯᠦᠩᠭᠦᠢ ᠬᠠᠮᠢᠶᠠᠷᠤᠯᠲᠠ ᠬᠢᠵᠤ᠂ ᠤᠬᠤᠷᠢᠭᠤᠯᠤᠨ ᠭᠠᠷᠭᠠᠬᠤ ᠲᠤᠭᠲᠠᠴᠠ ᠶᠢ | ᠲᠡᠭᠦᠯᠳᠡᠷᠵᠢᠭᠦᠯᠵᠤ᠂ ᠪᠠᠶᠢᠴᠠᠭᠠᠨ ᠲᠤᠳᠤᠯᠠᠬᠤ ᠪᠠᠷ ᠲᠠᠮᠵᠢᠨ ᠡᠷᠡᠭᠦᠯ ᠬᠠᠮᠠᠭᠠᠯᠠᠯ ᠤᠨ ᠶᠠᠰᠤ ᠴᠢᠨᠠᠷ ᠨᠢ | ᠲᠤᠷᠤᠭᠰᠢᠯᠠᠭᠠᠳ ᠨᠢᠭᠡᠨᠲᠠ ᠡᠷᠡᠭᠦᠯ ᠬᠠᠮᠠᠭᠠᠯᠠᠯ ᠤᠨ ᠨᠢᠭᠡᠴᠢ ᠶᠢᠨ ᠪᠠᠷᠢᠮᠵᠢᠶ᠎ᠡ ᠳᠤ ᠨᠡᠶᠢᠴᠡᠬᠦ ᠦᠭᠡᠢ ᠪᠤᠯᠤᠭᠰᠠᠨ ᠪᠤᠯ | ᠂ ᠪᠠᠶᠢᠭ᠎ᠠ ᠭᠠᠵᠠᠷ ᠤᠨ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ | ᠪᠠᠶᠢᠭᠤᠯᠤᠮᠵᠢ ᠨᠢ ᠴᠡᠭᠴᠡᠯᠡᠨ ᠵᠠᠰᠠᠬᠤ ᠰᠠᠨᠠᠭᠤᠯᠭ᠎ᠠ ᠲᠤᠷᠠᠳᠤᠨ᠎ᠠ᠂ ᠴᠡᠭᠴᠡᠯᠡᠨ ᠵᠠᠰᠠᠭᠰᠠᠨ ᠤ ᠲᠠᠷᠠᠭ᠎ᠠ | ᠪᠠᠷᠢᠮᠵᠢᠶ᠎ᠡ ᠳᠤ ᠨᠡᠶᠢᠴᠡᠭᠰᠡᠨ ᠢ ᠨᠢ ᠠᠷᠢᠭᠤᠨ ᠴᠡᠪᠡᠷ ᠨᠢᠭᠡᠴᠢ ᠶᠢᠨ ᠢᠷᠡᠭᠤ ᠠᠯᠳᠠᠷ ᠤᠨ ᠴᠤᠯᠠ ᠶᠢ ᠨᠢ ᠦᠯᠡᠳᠡᠭᠡᠵᠤ᠂ | ᠮᠦᠨ ᠬᠦ ᠬᠢᠷᠢ ᠲᠡᠩᠴᠡᠭᠰᠡᠨ ᠦᠭᠡᠢ ᠶᠢ ᠨᠢ ᠠᠷᠢᠭᠤᠨ ᠴᠡᠪᠡᠷ ᠨᠢᠭᠡᠴᠢ ᠶᠢᠨ ᠢᠷᠡᠭᠤ ᠠᠯᠳᠠᠷ ᠤᠨ ᠴᠤᠯᠠ ᠶᠢ ᠨᠢ | ᠬᠦᠴᠦᠨ ᠦᠭᠡᠢ ᠪᠤᠯᠭᠠᠬᠤ ᠬᠡᠷᠡᠭᠲᠠᠢ᠃ | ᠲᠡᠭᠡᠲᠤ ᠱᠠᠲᠤᠨ ᠤ ᠪᠠᠶᠢᠭᠤᠯᠭ᠎ᠠ ᠠᠴᠠ ᠡᠷᠡᠭᠦᠯ ᠬᠠᠮᠠᠭᠠᠯᠠᠯ ᠤᠨ ᠨᠢᠭᠡᠴᠢ ᠶᠢᠨ ᠢᠷᠠᠭᠤ ᠠᠯᠳᠠᠷ ᠤᠨ ᠴᠤᠯᠠ ᠶᠢ | ᠤᠯᠭᠤᠭᠰᠠᠨ ᠪᠤᠯ᠂ ᠤᠯᠭᠤᠭᠰᠠᠨ ᠪᠠᠶᠢᠭᠤᠯᠤᠮᠵᠢ ᠳᠤ ᠠᠷᠢᠭᠤᠨ ᠴᠡᠪᠡᠷ ᠨᠢᠭᠡᠴᠢ ᠶᠢᠨ ᠢᠷᠠᠭᠤ ᠠᠯᠳᠠᠷ ᠤᠨ | ᠴᠤᠯᠠ ᠶᠢ ᠨᠢ ᠬᠦᠴᠦᠨ ᠦᠭᠡᠢ ᠪᠤᠯᠭᠠᠬᠤ ᠪᠠᠷ ᠰᠠᠨᠠᠭᠤᠯᠵᠤ ᠪᠤᠯᠤᠨ᠎ᠡ᠂ ᠪᠤᠯᠪᠠᠰᠤᠨ ᠨᠢᠭᠡᠴᠢ ᠶᠢᠨ ᠢᠷᠠᠭᠤ | ᠠᠯᠳᠠᠷ ᠤᠨ ᠴᠤᠯᠠ ᠶᠢ ᠨᠢᠭᠡᠨᠲᠠ ᠤᠯᠤᠭᠰᠠᠨ ᠪᠤᠯ᠂ ᠤᠯᠭᠤᠭᠰᠠᠨ ᠪᠠᠶᠢᠭᠤᠯᠤᠮᠵᠢ ᠳᠤ ᠪᠤᠯᠪᠠᠰᠤᠨ ᠨᠢᠭᠡᠴᠢ ᠶᠢᠨ | ᠢᠷᠠᠭᠤ ᠠᠯᠳᠠᠷ ᠤᠨ ᠴᠤᠯᠠ ᠶᠢ ᠨᠢ ᠬᠦᠴᠦᠨ ᠦᠭᠡᠢ ᠪᠤᠯᠭᠠᠬᠤ ᠪᠠᠷ ᠰᠠᠨᠠᠭᠤᠯᠬᠤ ᠬᠡᠷᠡᠭᠲᠠᠢ᠃ | ᠭᠤᠴᠢ ᠶᠢᠰᠦᠳᠦᠭᠡᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠤ ᠺᠤᠮᠢᠰ ᠨᠢ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠬᠢᠨᠠᠨ ᠰᠢᠯᠭᠠᠯᠲᠠ ᠶᠢ | ᠴᠢᠩᠭᠠᠳᠬᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢᠶᠠᠷ ᠺᠠᠳ᠋ᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠤᠳᠤᠷᠢᠳᠬᠤ ᠪᠠᠭ ᠪᠠ ᠬᠠᠮᠢᠶ᠎ᠠ ᠪᠦᠬᠦᠢ ᠤᠳᠤᠷᠢᠳᠤᠬᠤ ᠺᠠᠳ᠋ᠷ ᠢ ᠶᠡᠷᠦᠩᠭᠡᠶᠢᠯᠡᠨ ᠦᠨᠡᠯᠡᠬᠦ ᠯᠠᠪᠯᠠᠯᠲᠠ ᠶᠢᠨ | ᠦᠨᠳᠦᠰᠦᠯᠡᠯ ᠪᠤᠯᠭᠠᠬᠤ ᠬᠡᠷᠡᠭᠲᠠᠢ᠃ | ᠬᠤᠲᠠ ᠪᠠ ᠬᠤᠰᠢᠭᠤ ᠰᠢᠶᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠡᠬᠡ ᠤᠷᠤᠨᠴᠢ ᠡᠷᠡᠭᠦᠯ | ᠬᠠᠮᠠᠭᠠᠯᠠᠯ ᠤᠨ ᠠᠵᠢᠯ ᠲᠤᠮᠲᠠ ᠢᠯᠡᠷᠡᠯ ᠲᠤᠪᠤᠶᠢᠮ᠎ᠡ ᠨᠢᠭᠡᠴᠢ ᠪᠠ ᠬᠤᠪᠢ ᠬᠦᠮᠦᠨ ᠢ ᠰᠠᠶᠢᠰᠢᠶᠠᠨ ᠬᠦᠬᠢᠭᠦᠯᠵᠤ᠂ | ᠦᠨᠳᠦᠰᠦᠨ ᠱᠠᠲᠤᠨ ᠤ ᠨᠢᠭᠡᠴᠢ ᠪᠠ ᠨᠢᠭᠡᠳᠦᠭᠡᠷ ᠹᠷᠤᠨᠲ ᠤᠨ ᠠᠵᠢᠯᠲᠡᠨ ᠢ ᠭᠤᠤᠯᠳᠠᠯᠭ᠎ᠠ ᠲᠠᠢ ᠰᠠᠶᠢᠰᠢᠶᠠᠨ | ᠬᠦᠬᠢᠭᠦᠯᠬᠦ ᠬᠡᠷᠡᠭᠲᠠᠢ᠃ | ᠲᠦᠴᠢᠳᠦᠭᠡᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠲᠠᠢ ᠪᠤᠯ᠂ | ᠶᠠᠮᠠᠷᠪᠡ ᠨᠢᠭᠡᠴᠢ ᠪᠠ ᠬᠤᠪᠢ ᠬᠦᠮᠦᠨ ᠢᠳᠬᠠᠨ ᠬᠤᠷᠢᠭᠯᠠᠵᠤ ᠵᠤᠭᠰᠤᠭᠠᠬᠤ ᠶᠢᠨ ᠬᠠᠮᠲᠤ᠂ ᠡᠬᠡ ᠤᠷᠤᠨᠴᠢ ᠡᠷᠡᠭᠦᠯ | ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠪᠤᠶᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠲᠤ ᠢᠯᠡᠴᠢᠯᠡᠨ ᠮᠡᠳᠡᠭᠦᠯᠵᠤ ᠪᠤᠯᠤᠨ᠎ᠡ᠃ | ᠲᠦᠴᠢᠨ ᠨᠢᠭᠡᠳᠦᠭᠡᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠨᠢ ᠵᠠᠭᠠᠯᠳᠤᠬᠤ ᠢᠯᠡᠴᠢᠯᠡᠨ ᠮᠡᠳᠡᠭᠦᠯᠬᠦ ᠤᠳᠠᠰᠤ᠂ ᠡᠯᠧᠺᠲᠷᠤᠨ | ᠰᠢᠤᠳᠠᠨ ᠤ ᠬᠠᠶᠢᠷᠴᠠᠭ ᠢ ᠢᠯᠡ ᠪᠠᠷ ᠲᠤᠬᠢᠷᠠᠭᠤᠯᠬᠤ ᠬᠡᠷᠡᠭᠲᠠᠢ᠃ ᠡᠬᠡ ᠤᠷᠤᠨᠴᠢ ᠡᠷᠡᠭᠦᠯ ᠬᠠᠮᠠᠭᠠᠯᠠᠯ ᠤᠨ | ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶᠡᠨ ᠲᠤᠲᠤᠷ᠎ᠠ ᠵᠠᠭᠠᠯᠳᠤᠵᠤ ᠢᠯᠡᠴᠢᠯᠡᠨ ᠮᠡᠳᠡᠭᠦᠯᠬᠦ ᠳᠤ | ᠬᠠᠷᠢᠶᠠᠯᠠᠭᠳᠠᠪᠠᠯ ᠴᠠᠭ ᠲᠠᠷᠤᠢ ᠳᠤᠨᠢ ᠰᠢᠢᠳᠪᠦᠷᠢᠯᠡᠬᠦ ᠬᠡᠷᠡᠭᠲᠠᠢ︔ ᠠᠳᠠᠯᠢ ᠱᠠᠲᠤᠨ ᠤ ᠡᠬᠡ ᠤᠷᠤᠨᠴᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠤ ᠺᠤᠮᠢᠰ ᠤᠨ ᠭᠡᠰᠢᠭᠦᠨ ᠨᠢᠭᠡᠴᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ | ᠬᠦᠷᠢᠶ᠎ᠡ ᠬᠡᠪᠴᠢᠶᠡᠨ ᠳᠤ ᠬᠠᠷᠢᠶᠠᠯᠠᠭᠳᠠᠪᠠᠯ᠂ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠬᠤ ᠶᠢᠨ ᠬᠠᠮᠲᠤ | ᠰᠢᠢᠳᠪᠦᠷᠢᠯᠡᠬᠦ ᠪᠠᠷ ᠰᠢᠪᠠᠳᠠᠬᠤ ᠬᠡᠷᠡᠭᠲᠠᠢ︔ ᠦᠨᠡᠨ ᠨᠠᠷ᠎ᠡ ᠪᠠᠨ ᠪᠢᠴᠢᠵᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ | ᠪᠤᠯ᠂ ᠰᠢᠢᠳᠪᠦᠷᠢᠯᠡᠭᠰᠡᠨ ᠦᠷ᠎ᠡ ᠳ᠋ᠦᠩ ᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠦᠮᠦᠨ ᠳᠤ ᠲᠤᠰᠬᠠᠬᠤ ᠶᠢᠨ | ᠬᠠᠮᠲᠤ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠠᠢ᠃ | ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠺᠤᠮᠢᠰ ᠤᠨ ᠭᠡᠰᠢᠭᠦᠨ ᠨᠢᠭᠡᠴᠢ ᠨᠢ ᠠᠳᠠᠯᠢ | ᠱᠠᠲᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠠᠴᠠ ᠰᠢᠯᠵᠢᠭᠦᠯᠦᠨ ᠲᠤᠰᠢᠶᠠᠭᠰᠠᠨ | ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠠ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠲᠠᠪᠤᠨ ᠡᠳᠦᠷ ᠤᠨ | ᠲᠤᠲᠤᠷ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠠᠢ᠃ | ᠲᠦᠴᠢᠨ ᠬᠤᠶᠠᠳᠤᠭᠠᠷ ᠵᠦᠢᠯ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠤ ᠺᠤᠮᠢᠰ ᠨᠢ ᠲᠤᠰᠬᠠᠢ ᠲᠦᠷᠦᠯ ᠤᠨ ᠪᠠᠶᠢᠴᠠᠭᠠᠯᠲᠠ᠂ ᠲᠠᠯᠢᠮ ᠤᠨ ᠰᠤᠭᠤᠯᠤᠨ | ᠪᠠᠶᠢᠴᠠᠭᠠᠯᠲᠠ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠠ ᠶᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠠᠷᠭ᠎ᠠ | ᠬᠡᠯᠪᠡᠷᠢ ᠪᠠᠷ ᠲᠠᠮᠵᠢᠨ ᠠᠳᠠᠯᠢ ᠱᠠᠲᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠺᠤᠮᠢᠰ ᠤᠨ ᠡᠯ᠎ᠡ | ᠭᠡᠰᠢᠭᠦᠨ ᠨᠢᠭᠡᠴᠢ ᠶᠢᠨ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠦᠷᠨᠢᠭᠦᠯᠲᠠ ᠶᠢᠨ ᠪᠠᠶᠢᠳᠠᠯ ᠪᠠ | ᠲᠦᠷᠢᠮ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠬᠢᠨᠠᠨ ᠰᠢᠯᠭᠠᠬᠤ ᠬᠡᠷᠡᠭᠲᠠᠢ᠃ | ᠡᠬᠡ ᠤᠷᠤᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠺᠤᠮᠢᠰ ᠤᠨ ᠭᠡᠰᠢᠭᠦᠨ ᠨᠢᠭᠡᠴᠢ ᠳᠤ ᠲᠤᠤᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠬᠤᠲᠠ ᠪᠠ ᠬᠤᠰᠢᠭᠤ ᠰᠢᠶᠡᠨ ᠲᠤᠭᠤᠷᠢᠭ ᠤᠨ ᠡᠬᠡ ᠤᠷᠤᠨᠴᠢ ᠡᠷᠡᠭᠦᠯ | ᠬᠠᠮᠠᠭᠠᠯᠠᠯ ᠤᠨ ᠬᠦᠳᠡᠯᠭᠡᠭᠡᠨ ᠤ ᠺᠤᠮᠢᠰ ᠠᠴᠠ ᠵᠠᠷᠯᠠᠨ ᠰᠢᠭᠦᠮᠵᠢᠯᠡᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ | ᠵᠠᠷᠯᠢᠬᠳᠡᠨᠡ︔ ᠬᠤᠭᠤᠴᠠᠭ᠎ᠠ ᠨᠢ ᠬᠡᠲᠤᠷᠡᠭᠡᠳ ᠵᠠᠯᠠᠷᠠᠭᠤᠯᠬᠤ ᠦᠭᠡᠢ ᠪᠤᠯ᠂ ᠡᠬᠡ ᠤᠷᠤᠨᠴᠢ ᠡᠷᠡᠭᠦᠯ ᠬᠠᠮᠠᠭᠠᠯᠠᠯ ᠤᠨ | ᠬᠦᠳᠡᠯᠭᠡᠭᠡᠨ ᠤ ᠺᠤᠮᠢᠰ ᠠᠴᠠ ᠵᠠᠰᠠᠭ ᠵᠠᠬᠢᠷᠭᠠᠨ ᠤ ᠰᠢᠢᠳᠭᠡᠯ ᠦᠭᠬᠦ ᠰᠠᠨᠠᠭᠤᠯᠭ᠎ᠠ ᠲᠤᠷᠠᠳᠤᠨ ᠭᠠᠷᠭᠠᠵᠤ᠂ | ᠬᠠᠷᠢᠭᠤᠴᠠᠯᠭ᠎ᠠ ᠲᠠᠢ ᠨᠢᠭᠡᠴᠢ ᠶᠢᠨ ᠲᠡᠭᠡᠲᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ | ᠪᠠᠶᠢᠭᠤᠯᠭ᠎ᠠ ᠳᠤ ᠮᠡᠳᠡᠭᠦᠯᠦᠨ ᠬᠦᠷᠭᠡᠵᠤ ᠬᠠᠤᠯᠢ ᠶᠤᠰᠤᠭᠠᠷ ᠰᠢᠢᠳᠪᠦᠷᠢᠯᠡᠨ᠎ᠡ᠄ | ︵ᠨᠢᠭᠡ︶ ᠲᠤᠰᠢᠶᠠᠯ ᠬᠠᠷᠢᠭᠤᠴᠠᠯᠭ᠎ᠠ ᠶᠤᠰᠤᠭᠠᠷ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ | ᠦᠷᠨᠢᠭᠦᠯᠦᠭᠰᠡᠨ ᠦᠭᠡᠢ︔ | ︵ᠬᠤᠶᠠᠷ︶ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠠ ᠶᠢᠨ ᠵᠦᠢᠯᠡᠰ ᠢ ᠲᠤᠭᠲᠠᠭᠠᠯ ᠶᠤᠰᠤᠭᠠᠷ ᠴᠠᠭ | ᠲᠤᠬᠠᠢ ᠳᠤᠨᠢ ᠰᠢᠢᠳᠪᠦᠷᠢᠯᠡᠭᠰᠡᠨ ᠦᠭᠡᠢ︔ | ︵ᠭᠤᠷᠪᠡ︶ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠨᠢ ᠪᠠᠷᠢᠮᠵᠢᠶ᠎ᠡ ᠳᠤ ᠬᠦᠷᠦᠭᠰᠡᠨ ᠦᠭᠡᠢ︔ | ︵ᠲᠦᠷᠪᠡ︶ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠢ ᠬᠦᠨᠳᠦᠳᠭᠡᠵᠤ ᠦᠵᠡᠬᠦ ᠪᠠᠷ ᠬᠦᠷᠦᠯᠴᠡᠬᠦ | ᠦᠭᠡᠢ᠂ ᠵᠤᠬᠢᠶᠠᠨ ᠪᠠᠶᠢᠭᠤᠯᠤᠯᠲᠠ ᠨᠢ ᠬᠦᠴᠦᠯᠡᠴᠡ ᠦᠭᠡᠢ᠂ ᠠᠵᠢᠯᠯᠠᠭ᠎ᠠ ᠪᠠᠨ ᠤᠳᠠᠭᠠᠰᠢᠷᠠᠭᠤᠯᠤᠭᠰᠠᠨ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠦᠴᠢᠨ ᠭᠤᠷᠪᠠᠳᠤᠭᠠᠷ ᠵᠦᠢᠯ ᠲᠤᠰ ᠲᠦᠷᠢᠮ ᠤᠨ ᠬᠤᠷᠢᠨ ᠵᠢᠷᠭᠤᠳᠤᠭᠠᠷ ᠵᠦᠢᠯ ᠤᠨ ᠲᠤᠭᠲᠠᠭᠠᠯ ᠠᠴᠠ | ᠵᠦᠷᠢᠴᠡᠵᠤ᠂ ᠡᠪᠡᠳᠴᠢᠨ ᠲᠠᠮᠵᠢᠭᠤᠯᠤᠭᠴᠢ ᠠᠮᠢᠲᠤ ᠪᠤᠳᠠᠰ ᠤᠨ ᠨᠢᠭᠲᠠᠴᠠ ᠨᠢ ᠤᠯᠤᠰ ᠤᠨ ᠲᠤᠭᠲᠠᠭᠠᠭᠰᠠᠨ | ᠪᠠᠷᠢᠮᠵᠢᠶ᠎ᠡ ᠳᠤ ᠨᠡᠶᠢᠴᠡᠬᠦ ᠦᠭᠡᠢ ᠪᠤᠯ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠠᠴᠠ | ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠱᠠᠭᠠᠷᠳᠠᠨ᠎ᠡ︔ ᠬᠤᠭᠤᠴᠠᠭ᠎ᠠ ᠨᠢ ᠬᠡᠲᠦᠷᠡᠨ ᠵᠠᠯᠠᠷᠠᠭᠤᠯᠬᠤ ᠦᠭᠡᠢ ᠪᠤᠯ | ᠂ 1000 ᠲᠦᠭᠦᠷᠢᠭ ᠠᠴᠠ ᠲᠡᠭᠡᠭᠰᠢ 3000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃ | ᠲᠦᠴᠢᠨ ᠲᠦᠷᠪᠡᠳᠦᠭᠡᠷ ᠵᠦᠢᠯ ᠲᠤᠰ ᠲᠦᠷᠢᠮ ᠤᠨ ᠬᠤᠷᠢᠨ ᠲᠤᠯᠤᠳᠤᠭᠠᠷ ᠵᠦᠢᠯ ᠤᠨ ᠬᠤᠶᠠᠳᠤᠭᠠᠷ | ᠪᠠᠳᠠᠭ ᠤᠨ ᠲᠤᠭᠲᠠᠭᠠᠯ ᠠᠴᠠ ᠵᠦᠷᠢᠴᠡᠵᠤ᠂ ᠪᠤᠯᠪᠠᠰᠤᠷᠠᠯ ᠢ ᠲᠠᠮᠵᠢᠨ ᠬᠢᠷᠢ ᠲᠡᠩᠴᠡᠭᠰᠡᠨ ᠦᠭᠡᠢ ᠪᠠᠷ ᠡᠪᠡᠳᠴᠢᠨ | ᠲᠠᠮᠵᠢᠭᠤᠯᠤᠭᠴᠢ ᠠᠮᠢᠲᠤ ᠪᠤᠳᠠᠰ ᠢ ᠤᠷᠢᠳᠴᠢᠯᠡᠨ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠬᠢᠭᠰᠡᠨ ᠪᠤᠯ᠂ ᠡᠬᠡ | ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠠᠴᠠ ᠰᠡᠷᠡᠮᠵᠢᠯᠡᠭᠦᠯᠵᠤ᠂ ᠵᠠᠯᠠᠷᠠᠭᠤᠯᠬᠤ ᠪᠠᠷ | ᠱᠠᠭᠠᠷᠳᠠᠨ᠎ᠡ︔ ᠬᠤᠭᠤᠴᠠᠭ᠎ᠠ ᠨᠢ ᠬᠡᠲᠤᠷᠡᠭᠡᠳ ᠵᠠᠯᠠᠷᠠᠭᠤᠯᠤᠭᠰᠠᠨ ᠦᠭᠡᠢ ᠪᠤᠯ᠂ 1000 ᠲᠦᠭᠦᠷᠢᠭ ᠠᠴᠠ | ᠲᠡᠭᠡᠭᠰᠢ 5000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃ | ᠲᠦᠴᠢᠨ ᠲᠠᠪᠤᠳᠤᠭᠠᠷ ᠵᠦᠢᠯ ᠲᠤᠰ ᠲᠦᠷᠢᠮ ᠤᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ | ᠪᠠᠳᠠᠭ ᠤᠨ ᠲᠤᠭᠲᠠᠭᠠᠯ ᠢ ᠵᠦᠷᠢᠴᠡᠵᠤ᠂ ᠨᠢᠭᠡᠴᠢ ᠪᠠ ᠬᠤᠪᠢ ᠬᠦᠮᠦᠨ ᠨᠢ ᠡᠪᠡᠳᠴᠢᠨ ᠲᠠᠮᠵᠢᠭᠤᠯᠤᠭᠴᠢ ᠠᠮᠢᠲᠤ | ᠪᠤᠳᠠᠰ ᠢ ᠤᠷᠢᠳᠴᠢᠯᠡᠨ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠦᠷᠨᠢᠭᠦᠯᠬᠦ ᠦᠶᠡᠰ ᠤᠯᠤᠰ ᠠᠴᠠ ᠬᠢᠵᠠᠭᠠᠷᠯᠠᠭᠰᠠᠨ | ᠬᠤᠷᠤᠬᠠᠢ ᠠᠯᠠᠬᠤ ᠡᠮ ᠪᠠ ᠲᠦᠷᠭᠡᠨ ᠴᠢᠨᠠᠷᠲᠠᠢ ᠲᠤᠭᠰᠢᠨ ᠴᠢᠨᠠᠷᠲᠠᠢ ᠬᠤᠯᠤᠭᠠᠨ᠎ᠠ ᠤᠰᠠᠳᠬᠠᠬᠤ ᠬᠤᠤᠷ ᠢ | ᠬᠡᠷᠡᠭᠯᠡᠪᠡᠯ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯ ᠤᠨ ᠪᠠᠶᠢᠭᠤᠯᠤᠮᠵᠢ ᠠᠴᠠ ᠬᠠᠤᠯᠢ ᠪᠤᠰᠤ ᠤᠯᠵᠠᠪᠤᠷᠢ ᠪᠠ | ᠡᠮ ᠢ ᠨᠢ ᠬᠤᠷᠢᠶᠡᠨ ᠠᠪᠬᠤ ᠶᠢᠨ ᠬᠠᠮᠲᠤ ᠬᠠᠤᠯᠢ ᠪᠤᠰᠤ ᠤᠯᠵᠠᠪᠤᠷᠢ ᠶᠢᠨ ᠨᠢᠭᠡ ᠲᠠᠬᠢᠨ ᠠᠴᠠ ᠲᠡᠭᠡᠭᠰᠢ ᠭᠤᠷᠪᠠᠨ | ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠡ︔ ᠬᠠᠤᠯᠢ ᠪᠤᠰᠤ ᠤᠯᠵᠠᠪᠤᠷᠢ ᠦᠭᠡᠢ ᠪᠤᠯ᠂ ᠨᠢᠭᠡᠴᠢ ᠶᠢ | 5000 ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ᠂ ᠬᠤᠪᠢ | ᠬᠦᠮᠦᠨ ᠢ 1000 ᠲᠦᠭᠦᠷᠢᠭ ᠠᠴᠠ ᠲᠡᠭᠡᠭᠰᠢ 5000 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠡ᠃ | ᠲᠦᠴᠢᠨ ᠵᠢᠷᠭᠤᠳᠤᠭᠠᠷ ᠵᠦᠢᠯ ᠡᠬᠡ ᠤᠷᠤᠨᠴᠢ ᠡᠷᠡᠭᠦᠯ ᠬᠠᠮᠠᠭᠠᠯᠠᠯ ᠤᠨ ᠠᠵᠢᠯᠲᠡᠨ ᠡᠷᠬᠡ ᠲᠤᠰᠢᠶᠠᠯ ᠢᠶᠠᠨ | ᠲᠤᠷ᠎ᠠ ᠪᠠᠷ ᠢᠶᠠᠨ ᠬᠡᠷᠡᠭᠯᠡᠵᠤ᠂ ᠭᠤᠶᠠᠴᠢᠯᠠᠨ ᠬᠠᠤᠯᠢ ᠶᠤᠰᠤ ᠶᠢ ᠵᠦᠷᠢᠴᠡᠵᠤ᠂ ᠠᠯᠪᠠᠨ ᠲᠤᠰᠢᠶᠠᠯ ᠳᠠᠭᠠᠨ ᠠᠯᠮᠠᠶᠢᠷᠠᠨ | ᠤᠰᠤᠯᠳᠠᠭᠰᠠᠨ ᠪᠤᠯ ᠲᠡᠭᠦᠨ ᠤ ᠪᠠᠶᠢᠭ᠎ᠠ ᠨᠢᠭᠡᠴᠢ ᠪᠤᠶᠤ ᠬᠠᠮᠢᠶ᠎ᠠ ᠪᠦᠬᠦᠢ ᠪᠠᠶᠢᠭᠤᠯᠭ᠎ᠠ ᠨᠢ ᠬᠠᠤᠯᠢ ᠶᠤᠰᠤᠭᠠᠷ ᠵᠠᠰᠠᠭ | ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠭᠦᠤ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠃ | ᠲᠤᠯᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠲᠦᠴᠢᠨ ᠲᠤᠯᠤᠳᠤᠭᠠᠷ ᠵᠦᠢᠯ ᠲᠤᠰ ᠲᠦᠷᠢᠮ ᠢ 2016 ᠤᠨ ᠤ 1 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ |