ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2018/6/25
      6 ᠰᠠᠷ᠎ᠠ ᠶᠢᠨ 22 ᠤᠨ ᠡᠳᠤᠷ᠂ ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ᠃      ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠪᠢᠴᠢᠭ ᠤᠨ ᠬᠡᠯᠪᠡᠷᠢ ᠶᠢᠨ ᠶᠠᠷᠢᠶᠠᠨ ᠳᠠᠭᠠᠨ᠂ ᠤᠯᠠᠭᠠᠨᠮᠦ᠋ᠴᠢᠷ ᠪᠤᠯ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠤᠳᠬ᠎ᠠ ᠤᠷᠠᠯᠢᠭ ᠤᠨ ᠤᠨᠤᠯ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠭᠰᠠᠨ ᠪᠦᠳᠦᠭᠡᠭᠳᠡᠭᠦᠨ ᠪᠠᠶᠢᠵᠤ᠂ ᠨᠡᠶᠢᠬᠡᠮ ᠵᠢᠷᠤᠮ ᠤᠨ ᠰᠤᠶᠤᠯ ᠤᠨ ᠪᠠᠶᠢᠭᠤᠯᠤᠯᠳᠠ ᠶᠢᠨ ᠨᠢᠭᠡᠨ ᠠᠭᠤᠤ ᠶᠡᠭᠡ ᠡᠭᠦᠳᠦᠯᠳᠡ ᠪᠤᠯᠤᠨ᠎ᠠ᠃ ᠠᠷᠠᠳ ᠲᠦᠮᠡᠨ ᠳᠤ ᠦᠢᠯᠡᠴᠢᠯᠡᠵᠤ᠂ ᠨᠡᠶᠢᠬᠡᠮ ᠵᠢᠷᠤᠮ ᠳᠤ ᠦᠢᠯᠡᠴᠢᠯᠡᠬᠦ ᠦᠢᠯᠡᠳᠦᠯᠭᠡ ᠳᠤᠮᠳᠠ ᠪᠤᠢ ᠪᠤᠯᠤᠭᠰᠠᠨ ᠤᠯᠠᠭᠠᠨᠮᠦ᠋ᠴᠢᠷ ᠤᠨ ᠵᠤᠷᠢᠭ ᠰᠠᠨᠠᠭ᠎ᠠ ᠨᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠡᠷᠬᠢᠮ ᠨᠠᠨᠳᠢᠨ ᠡᠳ᠋ ᠪᠠᠶᠠᠯᠢᠭ ᠪᠤᠯᠬᠤ ᠶᠤᠮ᠃ ᠰᠢᠨ᠎ᠡ ᠴᠠᠭ ᠦᠶ᠎ᠡ ᠳᠤ ᠶᠡᠷᠦᠩᠬᠡᠢ ᠱᠦᠵᠢ ᠰᠢ ᠶᠢᠨ ᠫᠢᠩ ᠤᠯᠠᠭᠠᠨᠮᠦ᠋ᠴᠢᠷ ᠢ ᠦᠨᠢ ᠡᠭᠦᠷᠢᠳᠡ ᠳᠠᠯ᠎ᠠ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠪᠤᠯᠰᠤᠭᠠᠢ ᠬᠡᠵᠤ ᠴᠢᠩ ᠰᠡᠳᠬᠢᠯ ᠠᠴᠠ ᠪᠠᠨ ᠬᠦᠰᠡᠨ ᠨᠠᠶᠢᠳᠠᠭᠰᠠᠨ ᠪᠠᠶᠢᠨ᠎ᠠ᠃ ᠪᠢᠳᠡ ᠡᠷᠬᠡᠪᠰᠢ ᠤᠯᠠᠭᠠᠨᠮᠦ᠋ᠴᠢᠷ ᠤᠨ ᠬᠤᠪᠢᠰᠬᠠᠯ ᠤᠨ ᠤᠳᠤᠮᠰᠢᠯ ᠢ ᠦᠨᠢ ᠡᠭᠦᠷᠢᠳᠡ ᠬᠤᠪᠢᠷᠠᠭᠤᠯᠬᠤ ᠦᠭᠡᠢ᠂ ᠳᠠᠯ᠎ᠠ ᠨᠤᠳᠤᠭ ᠲᠤ ᠦᠨᠳᠦᠰᠦᠯᠡᠭᠦᠯᠵᠤ᠂ ᠤᠯᠠᠨ ᠲᠦᠮᠡᠨ ᠳᠤ ᠦᠢᠯᠡᠴᠢᠯᠡᠬᠦ ᠰᠢᠯᠢᠳᠡᠭ ᠤᠯᠠᠮᠵᠢᠯᠠᠯ ᠢᠶᠠᠨ ᠡᠭᠦᠷᠢᠳᠡ ᠬᠤᠪᠢᠷᠠᠭᠤᠯᠬᠤ ᠦᠭᠡᠢ᠂ ᠤᠯᠠᠭᠠᠨᠮᠦ᠋ᠴᠢᠷ ᠤᠨ ᠨᠢᠭᠡ ᠳᠤ ᠴᠠᠭᠠᠷᠠᠵᠤ ᠤᠯᠠᠨ ᠳᠤ ᠮᠡᠷᠭᠡᠰᠢᠬᠦ ᠶᠢ ᠡᠭᠦᠷᠢᠳᠡ ᠪᠠᠷᠢᠮᠳᠠᠯᠠᠨ᠂ ᠬᠤᠷᠴᠠ ᠭᠠᠪᠰᠢᠭᠠᠢ ᠤᠶᠠᠨ ᠬᠠᠳᠠᠨ ᠴᠢᠨᠠᠷ ᠢᠶᠠᠨ ᠠᠯᠳᠠᠬᠤ ᠦᠭᠡᠢ ᠪᠠᠷ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠵᠤ᠂ ᠤᠳᠬ᠎ᠠ ᠤᠷᠠᠯᠢᠭ ᠤᠨ ᠰᠢᠨ᠎ᠠ ᠡᠭᠦᠲᠦᠯᠲᠡ ᠶᠢ ᠠᠬᠢᠭᠤᠯᠵᠦ᠂ ᠤᠯᠠᠠ ᠲᠦᠮᠡᠡ ᠲᠠᠢ ᠤᠶᠢᠷᠠᠲᠤᠭᠰᠠᠠ᠂ ᠤᠯᠠᠨ ᠲᠦᠮᠡᠨ ᠤ ᠲᠤᠮᠳᠠ ᠲᠡᠯᠭᠡᠷᠡᠵᠦ ᠲᠠᠭᠠᠰᠢᠶᠠᠭᠳᠠᠭᠰᠠᠨ ᠰᠢᠯᠢᠲᠡᠭ ᠪᠦᠲᠦᠭᠡᠯ ᠢ ᠨᠡᠩ ᠤᠯᠠᠠ ᠵᠤᠬᠢᠶᠠᠨ ᠪᠦᠲᠦᠭᠡᠬᠦ ᠪᠠᠷ ᠴᠢᠷᠮᠠᠶᠢᠵᠦ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠶᠢ ︽ᠦᠨᠳᠦᠷᠯᠢᠭ︾ ᠠᠴᠠ ︽ᠤᠷᠬᠢᠯ︾ ᠳᠤ ᠬᠦᠷᠬᠦ ᠳᠠᠪᠠᠯᠳᠠ ᠶᠢ ᠪᠡᠶᠡᠯᠡᠭᠦᠯᠦᠨ᠂ ᠤᠯᠠᠭᠠᠨᠮᠦ᠋ᠴᠢᠷ ᠤᠨ ᠡᠨᠡᠬᠦ ᠤᠯᠠᠭᠠᠨ ᠲᠤᠭ ᠢ ᠮᠠᠨ ᠤ ᠤᠯᠤᠰ ᠤᠨ ᠨᠡᠶᠢᠬᠡᠮ ᠵᠢᠷᠤᠮ ᠤᠨ ᠤᠳᠬ᠎ᠠ ᠤᠷᠠᠯᠢᠭ ᠤᠨ ᠹᠷᠤᠨᠲ ᠳᠡᠭᠡᠷ᠎ᠡ ᠦᠨᠳᠤᠷ ᠮᠠᠨᠳᠤᠭᠤᠯᠤᠶ᠎ᠠ ᠬᠡᠵᠦ ᠵᠢᠭᠠᠵᠦ ᠭᠠᠷᠭᠠᠪᠠ᠃      ᠤᠯᠤᠰ ᠤᠨ ᠰᠤᠶᠤᠯ ᠬᠢᠬᠡᠳ ᠵᠢᠭᠤᠯᠴᠢᠯᠠᠯ ᠤᠨ ᠶᠠᠮᠤᠨ ᠤ ᠳᠡᠳ᠋ ᠳᠠᠷᠤᠭ᠎ᠠ ᠯᠢ ᠴᠢᠶᠦ᠋ᠨ ᠶᠠᠷᠢᠶᠠᠨ ᠳᠠᠭᠠᠨ᠂ ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠢ ᠵᠤᠬᠢᠶᠠᠨ ᠪᠠᠶᠢᠭᠤᠯᠤᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠤᠶᠢᠯᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠴᠢᠬᠤᠯᠠ ᠨᠢᠭᠡᠨ ᠠᠵᠢᠯᠯᠠᠭ᠎ᠠ ᠪᠤᠯᠬᠤ ᠶᠤᠮ᠃ ᠬᠤᠷᠠᠯ ᠢᠶᠠᠷ ᠳᠠᠮᠵᠢᠵᠤ᠂ ᠨᠠᠮ ᠠᠴᠠ ᠤᠯᠠᠭᠠᠨᠮᠦ᠋ᠴᠢᠷ ᠤᠨ ᠦᠢᠯᠡᠰ ᠢ ᠤᠳᠤᠷᠢᠳᠬᠤ ᠶᠢ ᠴᠢᠩᠭᠠᠳᠬᠠᠨ᠂ ᠰᠢᠯᠢᠳᠡᠭ ᠤᠯᠠᠮᠵᠢᠯᠠᠯ ᠢᠶᠠᠨ ᠴᠢᠨᠠᠭᠰᠢᠳᠠ ᠪᠠᠳᠠᠷᠠᠭᠤᠯᠵᠤ᠂ ᠦᠨᠳᠦᠰᠦᠲᠡᠨ ᠤ ᠤᠨᠴᠠᠯᠢᠭ ᠢ ᠳᠤᠪᠤᠶᠢᠯᠭᠠᠨ᠂ ᠤᠷᠤᠨ ᠨᠤᠳᠤᠭ ᠤᠨ ᠤᠨᠴᠠᠯᠢᠭ ᠢ ᠬᠠᠷᠠᠭᠤᠯᠵᠤ᠂ ᠴᠠᠭ ᠦᠶ᠎ᠡ ᠶᠢᠨ ᠱᠠᠭᠠᠷᠳᠠᠯᠭ᠎ᠠ ᠶᠢ ᠳᠤᠳᠤᠷᠬᠠᠢᠢᠯᠠᠵᠤ᠂ ᠠᠵᠢᠯ ᠤᠨ ᠬᠡᠯᠪᠡᠷᠢ ᠪᠠᠨ ᠳᠡᠭᠦᠯᠳᠡᠷᠵᠢᠭᠦᠯᠤᠨ᠂ ᠦᠢᠯᠡᠴᠢᠯᠡᠭᠡ ᠶᠢᠨ ᠠᠷᠭ᠎ᠠ ᠠᠪᠴᠠᠯ ᠢᠶᠠᠨ ᠦᠷᠬᠡᠳᠭᠡᠵᠤ᠂ ᠤᠯᠠᠭᠠᠨᠮᠦ᠋ᠴᠢᠷ ᠤᠨ ᠬᠦᠭᠵᠢᠯᠳᠡ ᠪᠠᠷ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠡᠳᠤᠷ ᠢᠷᠡᠭᠦᠶ᠎ᠡ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ ᠬᠡᠪᠡ᠃      ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ ᠶᠠᠷᠢᠶᠠᠨ ᠳᠠᠭᠠᠨ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠳᠤ ᠬᠤᠪᠢᠰᠬᠠᠯ ᠤᠨ ᠤᠳᠤᠮᠰᠢᠯ ᠢ ᠡᠷᠬᠡᠪᠰᠢ ᠤᠯᠠᠮᠵᠢᠯᠠᠬᠤ ᠬᠡᠷᠡᠭᠳᠠᠢ᠂ ᠠᠮᠢᠳᠤᠷᠠᠯ ᠤᠨ ᠰᠢᠮᠡᠯᠢᠭ ᠬᠦᠷᠦᠰᠦᠨ ᠳᠤ ᠬᠠᠳᠬᠤᠬᠤ ᠬᠡᠷᠡᠭᠳᠠᠢ᠂ ᠠᠷᠠᠳ ᠲᠦᠮᠡᠨ ᠳᠤ ᠦᠢᠯᠡᠴᠢᠯᠡᠬᠦ ᠬᠡᠷᠡᠭᠳᠠᠢ᠂ ᠤᠳᠬ᠎ᠠ ᠤᠷᠠᠯᠢᠭ ᠤᠨ ᠰᠢᠨ᠎ᠡ ᠡᠭᠦᠳᠦᠯᠳᠡ ᠶᠢ ᠲᠦᠯᠬᠢᠨ ᠠᠬᠢᠭᠤᠯᠬᠤ ᠬᠡᠷᠡᠭᠳᠠᠢ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠦ᠋ᠴᠢᠷ ᠬᠡᠬᠦ ᠡᠨᠡᠬᠦ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠢᠶᠠᠷ ᠨᠠᠮ ᠤᠨ ᠳᠠᠭᠤᠨ ᠢ ᠨᠡᠩ ᠰᠠᠶᠢᠳᠤᠷ ᠳᠠᠮᠵᠢᠭᠤᠯᠤᠨ᠂ ᠳᠠᠯ᠎ᠠ ᠨᠤᠳᠤᠭ ᠤᠨ ᠪᠤᠯᠪᠠᠰᠤᠨ ᠢ ᠨᠡᠩ ᠰᠠᠶᠢᠳᠤᠷ ᠤᠯᠠᠮᠵᠢᠯᠠᠵᠤ᠂ ᠦᠨᠳᠦᠰᠦᠨ ᠱᠠᠳᠤᠨ ᠤ ᠠᠷᠠᠳ ᠤᠯᠠᠨ ᠳᠤ ᠦᠢᠯᠡᠴᠢᠯᠡᠵᠤ᠂ ᠡᠷᠡᠯᠭᠡᠭᠯᠡᠨ ᠳᠡᠮᠡᠴᠡᠬᠦ ᠵᠤᠷᠢᠭ ᠰᠠᠨᠠᠭ᠎ᠠ ᠶᠢ ᠤᠯᠠᠮᠵᠢᠯᠠᠨ᠂ ᠰᠤᠶᠤᠯ ᠴᠡᠴᠡᠭᠯᠡᠨ ᠬᠦᠭᠵᠢᠭᠰᠡᠨ ᠦᠵᠡᠰᠭᠦᠯᠡᠩᠳᠤ ᠰᠠᠶᠢᠬᠠᠨ ᠦᠵᠡᠮᠵᠢ ᠶᠢ ᠪᠤᠢ ᠪᠤᠯᠭᠠᠨ᠂ ᠦᠨᠳᠦᠰᠦᠲᠡᠨ ᠤ ᠪᠦᠯᠬᠦᠮᠳᠡᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠬᠢᠯᠢ ᠬᠢᠵᠠᠭᠠᠷ ᠤᠷᠤᠨ ᠢ ᠠᠮᠤᠷ ᠳᠤᠭᠳᠠᠭᠤᠨ ᠪᠠᠶᠢᠯᠭᠠᠬᠤ ᠪᠤᠯᠤᠳ ᠳᠡᠮᠦᠷ ᠤᠨ ᠤᠷᠳᠤ ᠴᠠᠭᠠᠨ ᠬᠡᠷᠡᠮ ᠢ ᠪᠠᠶᠢᠭᠤᠯᠬᠤ ᠬᠡᠷᠡᠭᠲᠡᠢ ᠬᠡᠪᠡ᠃      ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠰᠠᠨᠠᠭᠠᠴᠢᠯᠠᠵᠦ᠂ ᠳᠤᠮᠳᠠᠳᠤ ᠤᠯᠤᠰ ᠤᠨ ᠤᠷᠠᠯᠢᠭ ᠰᠤᠳᠤᠯᠭᠠᠨ ᠤ ᠬᠦᠷᠢᠶᠡᠯᠡᠩ ᠬᠢᠬᠡᠳ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠠᠴᠠ ᠵᠤᠬᠢᠶᠠᠨ ᠪᠠᠶᠢᠭᠤᠯᠪᠠ᠃ ᠶᠠᠷᠢᠯᠴᠠᠬᠤ ᠬᠤᠷᠠᠯ ᠳᠡᠭᠡᠷ᠎ᠡ ᠹᠧᠩ ᠱᠤᠸᠠᠩ ᠪᠠᠢ᠂ ᠯᠢ ᠴᠧᠨ᠂ ᠯᠦᠸᠧ ᠸᠧᠢ᠂ ᠮᠠᠶᠢᠯᠠᠰᠦ᠂ ᠶᠠᠩ ᠹᠸᠢ ᠶᠦᠨ᠂ ᠴᠤᠭ᠂ ᠴᠢ᠊ • ᠪᠤᠯᠠᠭ᠂ ᠯᡁᠠᠰᠦ᠋ᠷᠦᠩ᠂ ᠮᠦᠩᠬᠡᠵᠢᠷᠭᠠᠯ ᠵᠡᠷᠭᠡ ᠨᠡᠷᠡᠳᠦ ᠡᠷᠳᠡᠮᠳᠡᠨ ᠮᠡᠷᠭᠡᠵᠢᠯᠳᠡᠳ ᠬᠢᠬᠡᠳ ᠠᠬᠠᠮᠠᠳ ᠵᠠᠯᠠᠭᠤ ᠤᠷᠠᠯᠢᠭᠴᠢᠳ ᠲᠤᠰᠬᠠᠢ ᠰᠡᠳᠦᠪᠳᠤ ᠶᠠᠷᠢᠶ᠎ᠠ ᠢᠯᠡᠳᠭᠡᠯ ᠬᠢᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ