| | 6 ᠳ᠋ᠤᠭᠠᠷ ᠰᠠᠷ᠎ᠠ ᠶᠢᠨ 25 ᠤ ᠡᠳᠦᠷ᠂ ᠴᠢᠩ ᠱᠦᠢ ᠾᠧ ᠰᠢᠶᠠᠨ 2018 ᠣᠨ ᠤ ᠵᠤᠰᠠᠬᠤ ᠤᠷᠠᠨ | ᠰᠠᠶᠢᠬᠠᠨ ᠤ ᠦᠳᠡᠰᠢᠯᠡᠭᠡ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠨᠠᠶᠢᠷ ᠤᠨ | ᠠᠵᠢᠯᠯᠠᠭ᠎ᠠ ᠶᠢ ᠵᠣᠬᠢᠴᠠᠭᠤᠯᠬᠤ ᠬᠤᠷᠠᠯ ᠢ ᠰᠢᠶᠠᠨ ᠤ ᠵᠠᠰᠠᠭ ᠤᠨ ᠣᠷᠳᠣᠨ ᠤ ᠬᠤᠷᠠᠯ ᠤᠨ ᠭᠡᠷ ᠲᠤ | ᠬᠤᠷᠠᠯᠳᠤᠭᠤᠯᠪᠠ᠃ | ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠠᠵᠤ ᠠᠬᠤᠶ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠱᠢ ᠶᠦᠩ ᠫᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠶ᠃ | ᠬᠤᠷᠠᠯ ᠳᠡᠭᠡᠷ᠎ᠡ ᠤᠷᠢᠳ ᠢᠶᠠᠷ ︽ ᠴᠢᠩ ᠱᠦᠢ ᠾᠧ ᠰᠢᠶᠠᠨ ᠤ ᠵᠤᠰᠠᠬᠤ ᠤᠷᠠᠨ ᠰᠠᠶᠢᠬᠠᠨ ᠤ ᠦᠳᠡᠰᠢᠯᠡᠭᠡ | ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ | ᠨᠠᠶᠢᠷ ᠤᠨ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠴᠢᠩ ᠱᠦᠢ ᠾᠧ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠢ ᠤᠩᠰᠢᠨ ᠨᠡᠶᠢᠲᠡᠯᠡᠪᠡ᠃ | ᠱᠢ ᠶᠦᠩ ᠫᠢᠩ ᠶᠠᠷᠢᠶ᠎ᠠ ᠳᠠᠭᠠᠨ ᠵᠢᠭᠠᠵᠤ ᠭᠠᠷᠭᠠᠭᠰᠠᠨ ᠨᠢ᠂ ᠨᠢᠭᠡ ᠳᠤ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ | ᠠᠵᠢᠯᠯᠠᠭ᠎ᠠ ᠶᠢᠨ ᠠᠮᠤᠷ ᠲᠦᠪᠰᠢᠨ ᠤ ᠲᠠᠯ᠎ᠠ ᠪᠠᠷ ᠬᠢ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠳᠡᠭᠡᠳᠦ | ᠬᠡᠮᠵᠢᠶ᠎ᠡ ᠪᠠᠷ ᠬᠦᠨᠳᠦᠳᠬᠡᠬᠦ᠂ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ︔ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠡᠭᠦᠷᠭᠡ ᠲᠤᠰᠢᠶᠠᠯ ᠢᠶᠠᠨ ᠬᠢᠨᠠᠮᠠᠭᠠᠶ ᠭᠦᠢᠴᠡᠳᠬᠡᠵᠦ᠂ ᠢᠳᠡᠪᠬᠢᠲᠡᠶ ᠪᠠᠷ ᠬᠠᠮᠵᠢᠯᠴᠠᠨ᠂ ᠠᠵᠢᠯᠯᠠᠭ᠎ᠠ ᠶᠢᠨ | ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠢᠯᠠᠩᠭᠤᠶ᠎ᠠ ᠰᠤᠷᠭᠠᠨ ᠬᠥᠮᠦᠵᠢᠯ ᠤᠨ ᠰᠢᠰᠲ᠋ᠧᠮ ᠪᠣᠯᠣᠨ | ᠰᠣᠶᠣᠯ ᠤᠨ ᠰᠢᠰᠲ᠋ᠧᠮ ᠯᠤᠭ᠎ᠠ ᠢᠳᠡᠪᠬᠢᠲᠡᠶ ᠪᠠᠷ ᠨᠡᠪᠲᠡᠷᠡᠯᠴᠡᠨ᠂ ᠵᠣᠬᠢᠴᠠᠭᠤᠯᠤᠨ ᠬᠠᠮᠵᠢᠯᠴᠠᠵᠤ᠂ ᠵᠤᠰᠠᠬᠤ ᠤᠷᠠᠨ | ᠰᠠᠶᠢᠬᠠᠨ ᠤ ᠦᠳᠡᠰᠢᠯᠡᠭᠡ ᠪᠣᠯᠣᠨ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠢ ᠣᠷᠭᠠᠨᠢᠭ ᠢᠶᠠᠷ | ᠤᠶᠠᠯᠳᠤᠭᠤᠯᠵᠤ᠂ ᠪᠦᠲᠦᠮᠵᠢᠲᠡᠶ ᠵᠣᠯᠭᠠᠭᠤᠯᠬᠤ ᠳᠤ ᠴᠢᠷᠮᠠᠶᠢᠨ᠂ ᠥᠷᠭᠡᠨ ᠤᠯᠡᠨ ᠠᠷᠠᠳ ᠲᠦᠮᠡᠨ ᠳᠤ ᠨᠢᠭᠡᠨ | ᠭᠤᠶᠢᠳᠠ ᠰᠠᠶᠢᠬᠠᠨ ᠰᠣᠶᠣᠯ ᠤᠨ ᠦᠵᠡᠰᠬᠦᠯᠡᠩ ᠢ ᠡᠷᠭᠦᠬᠦ ᠬᠡᠷᠡᠭᠲᠡᠢ᠃ ᠭᠤᠷᠪᠠ ᠳᠤ ᠬᠠᠷᠢᠭᠤᠴᠠᠯᠭ᠎ᠠ ᠪᠠᠨ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ᠲᠥᠰᠦᠯ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ᠲᠤᠰ ᠲᠤᠰ ᠤᠨ ᠢᠶᠠᠨ ᠲᠤᠰᠢᠶᠠᠯ ᠢ ᠭᠦᠢᠴᠡᠳᠬᠡᠵᠦ᠂ ᠲᠤᠰ ᠲᠤᠰ ᠲᠠᠭᠠᠨ ᠬᠠᠷᠢᠭᠤᠴᠠᠵᠤ᠂ | ᠡᠯ᠎ᠡ ᠵᠦᠢᠯ ᠤᠨ ᠠᠵᠢᠯ ᠤᠨ ᠪᠠᠲᠤᠯᠠᠭ᠎ᠠ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ | ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠶᠡᠭᠡ ᠪᠠᠷ | ᠪᠠᠶᠠᠯᠢᠭᠵᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠢᠳᠡᠪᠬᠢᠲᠡᠶ ᠪᠠᠷ ᠬᠠᠷᠭᠤᠭᠤᠯᠤᠨ | ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠰᠢᠶᠠᠨ ᠤ ᠠᠷᠠᠳ | ᠤᠯᠠᠨ ᠤ ᠰᠣᠶᠣᠯ ᠤᠨ ᠲᠠᠲᠠᠬᠤ ᠬᠦᠴᠦᠨ ᠪᠣᠯᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠠᠶᠢᠨ ᠰᠠᠶᠢᠬᠠᠨ | ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠬᠤ ᠶᠢᠨ ᠲᠤᠰᠠᠳᠠ᠂ ᠴᠢᠩ ᠱᠦᠢ ᠾᠧ ᠰᠢᠶᠠᠨ | 2018 ᠣᠨ ᠤ ᠵᠤᠰᠠᠬᠤ ᠤᠷᠠᠨ ᠰᠠᠶᠢᠬᠠᠨ ᠤ ᠦᠳᠡᠰᠢᠯᠡᠭᠡ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ | ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠨᠠᠶᠢᠷ ᠠᠵᠢᠯᠯᠠᠭ᠎ᠠ ᠶᠢ 6 ᠳ᠋ᠤᠭᠠᠷ ᠰᠠᠷ᠎ᠠ ᠶᠢᠨ | 26 ᠤ ᠡᠳᠦᠷ — 6 ᠳ᠋ᠤᠭᠠᠷ ᠰᠠᠷ᠎ᠠ ᠶᠢᠨ 27 ᠤ ᠡᠳᠦᠷ ᠲᠤ ᠶᠠᠪᠤᠭᠳᠠᠬᠤ ᠪᠠᠷ ᠪᠤᠢ᠃ | | |