2018 ᠣᠨ ᠤ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠲᠠᠨ ᠤ ᠬᠢᠷᠢ ᠬᠡᠮ ᠤᠨ ᠳᠠᠬᠢᠨ ᠬᠢᠨᠠᠯᠲᠠ ᠶᠢᠨ ᠠᠵᠢᠯ ᠲᠡᠭᠦᠰ ᠠᠮᠵᠢᠯᠲᠠ ᠲᠠᠢ ᠳᠠᠭᠤᠰᠪᠠ
ᠨᠡᠶᠢᠲᠡᠯᠡᠭᠰᠡᠨ ᠴᠠᠭ᠄
2018-06-26
     2018 ᠣᠨ ᠤ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ 36 ᠰᠢᠯᠭᠠᠨ ᠡᠯᠰᠡᠬᠦ ᠲᠦᠯᠦᠪᠯᠡᠭᠡ ᠮᠡᠳᠡᠭᠦᠯᠵᠦ᠂ ᠪᠣᠳᠠᠲᠠᠢ ᠳᠤ ᠰᠢᠯᠭᠠᠨ ᠡᠯᠰᠡᠯᠲᠡ ᠬᠢᠭᠰᠡᠨ ᠨᠢ 33 ᠪᠣᠢ᠃ ᠥᠪᠡᠷᠲᠡᠭᠡᠨ ᠵᠠᠰᠠᠬᠤ ᠣᠷᠣᠨ ᠤ ᠨᠢᠭᠡᠲᠦᠯᠲᠡᠢ ᠲᠣᠬᠢᠷᠠᠭᠤᠯᠣᠯᠲᠠ ᠶᠢ ᠦᠨᠳᠦᠰᠦᠯᠡᠵᠦ᠂ ᠡᠨᠡ ᠵᠢᠯ ᠮᠠᠨ ᠤ ᠬᠤᠲᠠ ᠠᠴᠠ ᠵᠣᠬᠢᠶᠠᠨ ᠪᠠᠶᠢᠭᠤᠯᠵᠣ ᠶᠠᠪᠣᠭᠳᠠᠭᠤᠯᠣᠭᠰᠠᠨ ᠬᠢᠷᠢ ᠬᠡᠮ ᠤᠨ ᠳᠠᠬᠢᠨ ᠬᠢᠨᠠᠯᠲᠠ ᠨᠡᠶᠢᠲᠡ 33 ᠰᠢᠯᠭᠠᠨ ᠡᠯᠰᠡᠬᠦ ᠲᠦᠯᠦᠪᠯᠡᠭᠡ ᠪᠠᠶᠢᠵᠣ᠂ ᠡᠭᠦᠨ ᠳᠤ ᠳᠣᠲᠣᠭᠠᠳᠣ ᠶᠢ ᠬᠠᠮᠠᠭᠠᠯᠠᠬᠤ᠂ ᠣᠢ ᠰᠢᠭᠤᠢ ᠶᠢᠨ ᠳᠣᠲᠣᠭᠠᠳᠣ ᠶᠢ ᠬᠠᠮᠠᠭᠠᠯᠠᠬᠤ ᠠᠵᠢᠯ ᠤᠨ ᠪᠠᠶᠢᠷᠢ ᠶᠢᠨ ᠬᠢᠷᠢ ᠬᠡᠮ ᠤᠨ ᠳᠠᠬᠢᠨ ᠬᠢᠨᠠᠯᠲᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠲᠦᠯᠲᠡᠢ ᠵᠣᠬᠢᠶᠠᠨ ᠪᠠᠶᠢᠭᠤᠯᠣᠨ ᠶᠠᠪᠣᠭᠳᠠᠭᠤᠯᠣᠨ᠎ᠠ᠃ ᠡᠨᠡ ᠣᠳᠠᠭᠠᠨ ᠤ ᠬᠦᠬᠡᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠬᠢᠷᠢ ᠬᠡᠮ ᠤᠨ ᠳᠠᠬᠢᠨ ᠬᠢᠨᠠᠯᠲᠠ ᠳᠤ 43 ᠰᠢᠯᠭᠠᠭᠤᠯᠣᠭᠴᠢ ᠲᠠᠢ᠃      ᠮᠠᠨ ᠤ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠠᠯᠪᠠᠲᠠᠨ ᠤ ᠬᠢᠷᠢ ᠬᠡᠮ ᠤᠨ ᠳᠠᠬᠢᠨ ᠬᠢᠨᠠᠯᠲᠠ ᠶᠢᠨ ᠠᠵᠢᠯ2018 ᠣᠨ ᠤ 6 ᠳ᠋ᠤᠭᠠᠷ ᠰᠠᠷ᠎ᠠ ᠶᠢᠨ12 ᠤ ᠡᠳᠦᠷ ᠤᠨ ᠦᠳᠡ ᠶᠢᠨ ᠡᠮᠦᠨ᠎ᠡ ᠶᠠᠪᠣᠭᠳᠠᠪᠠ᠃ 43 ᠰᠢᠯᠭᠠᠭᠤᠯᠣᠭᠴᠢ ᠶᠢᠨ ᠳᠣᠲᠣᠷ᠎ᠠ 41 ᠬᠦᠮᠦᠨ ᠳᠠᠬᠢᠨ ᠬᠢᠨᠠᠯᠲᠠ ᠶᠢ ᠥᠩᠭᠡᠷᠡᠵᠦ᠂ 2 ᠬᠦᠮᠦᠨ ᠬᠢᠷᠢ ᠬᠡᠮ ᠢᠶᠠᠨ ᠬᠠᠶᠠᠪᠠ᠃ ᠬᠢᠷᠢ ᠬᠡᠮ ᠢᠶᠠᠨ ᠬᠠᠶᠠᠭᠰᠠᠨ ᠠᠵᠢᠯ ᠤᠨ ᠪᠠᠶᠢᠷᠢᠨ ᠳᠤ ᠡᠨᠡᠬᠦ ᠠᠵᠢᠯ ᠤᠨ ᠪᠠᠶᠢᠷᠢᠨ ᠳᠤ ᠰᠢᠯᠭᠠᠭᠤᠯᠣᠭᠰᠠᠨ ᠰᠢᠯᠭᠠᠭᠤᠯᠣᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠦᠨᠳᠦᠷ ᠬᠤᠪᠢ ᠠᠴᠠ ᠳᠣᠣᠷ᠎ᠠ ᠬᠤᠪᠢ ᠶᠢᠨ ᠳᠠᠷᠠᠭᠠᠯᠠᠯ ᠢᠶᠠᠷ ᠳᠠᠷᠠᠭᠠᠯᠠᠨ ᠨᠦᠬᠦᠵᠦ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢᠬᠠᠨ ᠠᠴᠠ ᠪᠤᠯᠵᠤ3᠄1 ᠶᠢᠨ ᠬᠠᠷᠢᠴᠠᠯ ᠠᠴᠠ ᠬᠡᠲᠦᠷᠡᠭᠰᠡᠨ ᠪᠠᠶᠢᠪᠠᠯ ᠪᠦᠬᠦᠨ ᠢ ᠬᠠᠮᠲᠣ ᠳᠤᠨᠢ ᠬᠢᠷᠢ ᠬᠡᠮ ᠤᠨ ᠳᠠᠬᠢᠨ ᠬᠢᠨᠠᠯᠲᠠ ᠶᠢᠨ ᠬᠡᠪᠴᠢᠶᠡᠨ ᠳᠤ ᠣᠷᠣᠭᠤᠯᠣᠨ᠎ᠠ᠃      ᠬᠢᠷᠢ ᠬᠡᠮ ᠤᠨ ᠳᠠᠬᠢᠨ ᠬᠢᠨᠠᠯᠲᠠ ᠳᠤ ᠭᠤᠣᠯᠳᠠᠭᠤ ᠰᠢᠯᠭᠠᠭᠤᠯᠣᠭᠰᠠᠳ ᠤᠨ ᠲᠠᠭᠯᠠᠵᠣ ᠮᠡᠳᠡᠭᠦᠯᠦᠭᠰᠡᠨ ᠮᠡᠳᠡᠭᠡ ᠵᠠᠩᠭᠢ ᠦᠨᠡᠨ ᠪᠣᠳᠠᠲᠠᠢ ᠡᠰᠡᠬᠦ ᠶᠢ ᠬᠢᠨᠠᠨ ᠬᠠᠷᠭᠤᠭᠤᠯᠬᠤ ᠳᠤ ᠪᠣᠢ᠃ ᠨᠡᠷ᠎ᠡ ᠮᠡᠳᠡᠭᠦᠯᠦᠭᠰᠡᠨ ᠰᠢᠯᠭᠠᠭᠤᠯᠬᠤ ᠨᠥᠬᠦᠴᠡᠯ ᠳᠤ ᠨᠡᠶᠢᠴᠡᠬᠦ ᠦᠭᠡᠢ᠂ ᠬᠤᠪᠢ ᠬᠦᠮᠦᠨ ᠥᠪᠡᠷ ᠤᠨ ᠦᠨᠳᠦᠰᠦᠲᠡᠨ ᠤ ᠰᠣᠷᠠᠭ ᠵᠠᠩᠭᠢ ᠪᠠᠨ ᠪᠤᠷᠤᠭᠤ ᠲᠠᠭᠯᠠᠭᠰᠠᠨ ᠠᠴᠠ ᠪᠤᠯᠵᠤ ᠬᠤᠪᠢ ᠨᠡᠮᠡᠭᠳᠡᠭᠰᠡᠨ︔ ᠲᠠᠭᠯᠠᠨ ᠮᠡᠳᠡᠭᠦᠯᠦᠭᠰᠡᠨ ᠬᠤᠪᠢ ᠬᠥᠮᠦᠨ ᠤ ᠮᠡᠳᠡᠭᠡ ᠵᠠᠩᠭᠢ ᠬᠢᠭᠡᠳ ᠬᠤᠪᠢ ᠬᠦᠮᠦᠨ ᠤ ᠭᠡᠷᠡᠴᠢ ᠲᠡᠮᠳᠡᠭ ᠨᠢ ᠬᠠᠷᠢᠯᠴᠠᠨ ᠨᠡᠶᠢᠴᠡᠬᠦ ᠦᠭᠡᠢ᠂ ᠰᠤᠷᠭᠠᠭᠤᠯᠢ ᠳᠤ ᠪᠠᠶᠢᠬᠤ ᠰᠤᠳᠤᠯᠬᠤ ᠰᠤᠷᠤᠭᠴᠢ ᠪᠤᠶᠤ ᠶᠡᠭᠡ ᠰᠤᠷᠭᠠᠭᠤᠯᠢ ᠳᠤ ᠰᠣᠷᠣᠯᠴᠠᠵᠣ ᠪᠠᠶᠢᠭ᠎ᠠ ᠣᠶᠣᠲᠠᠨ᠂ ᠠᠯᠪᠠᠲᠠᠨ ︵ᠠᠯᠪᠠᠲᠠᠨ ᠤ ᠬᠠᠣᠯᠢ ᠪᠠᠷ ᠯᠠᠪᠯᠠᠯᠲᠠ ᠪᠣᠯᠭᠠᠭᠰᠠᠨ ᠣᠷᠣᠨ ᠲᠤᠭ᠎ᠠ︶ ᠶᠢᠨ ᠪᠠᠶᠢᠳᠠᠯ ᠢᠶᠠᠨ ᠨᠢᠭᠤᠨ ᠳᠠᠯᠳᠠᠯᠠᠭᠰᠠᠨ ᠦᠨᠡᠨ ᠪᠣᠳᠠᠲᠠᠶ ᠪᠠᠶᠢᠳᠠᠯ᠂ ᠴᠢᠬᠤᠯᠠ ᠮᠡᠳᠡᠭᠡ ᠵᠠᠩᠭᠢ ᠵᠢᠴᠢ ᠬᠤᠳᠠᠯ ᠬᠠᠭᠤᠷᠮᠠᠭ ᠠᠵᠢᠯ ᠤᠨ ᠥᠩᠭᠡᠷᠡᠯᠲᠡ ᠶᠢᠨ ᠭᠡᠷᠡᠴᠢᠯᠡᠯᠲᠡ ᠵᠡᠷᠭᠡ ᠭᠡᠷᠡᠴᠢ ᠮᠠᠲ᠋ᠧᠷᠢᠶᠠᠯ ᠢ ᠬᠠᠩᠭᠠᠭᠠᠭᠰᠠᠨ ᠪᠠᠶᠢᠪᠠᠯ ᠪᠦᠬᠦᠨ ᠢ ᠨᠢᠭᠤᠷᠲᠠᠨ ᠰᠢᠯᠭᠠᠬᠤ ᠬᠢᠷᠢ ᠬᠡᠮ ᠠᠴᠠ ᠨᠢ  ᠬᠠᠰᠣᠵᠣ᠂ ᠲᠤᠰ ᠠᠵᠢᠯ ᠤᠨ ᠪᠠᠶᠢᠷᠢ ᠶᠢᠨ ᠰᠢᠯᠭᠠᠭᠤᠯᠣᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠦᠨᠳᠦᠷ ᠬᠤᠪᠢ ᠠᠴᠠ ᠳᠣᠣᠷ᠎ᠠ ᠬᠤᠪᠢ ᠶᠢᠨ ᠳᠠᠷᠠᠭᠠᠯᠠᠯ ᠢᠶᠠᠷ ᠳᠠᠷᠠᠭᠠᠯᠠᠨ ᠨᠥᠬᠦᠪᠥᠷᠢᠯᠡᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号