ᠹᠧᠩ ᠢᠦᠶ ᠵᠧᠨ ᠮᠠᠨ ᠤ ᠬᠤᠲᠠ ᠶᠢᠨ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠰᠣᠩᠭᠤᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ  ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ ᠵᠢᠷᠤᠮᠵᠢᠭᠤᠯᠤᠨ ᠬᠠᠮᠢᠶᠠᠷᠴᠤ ᠠᠶᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ
ᠨᠡᠶᠢᠲᠡᠯᠡᠭᠰᠡᠨ ᠴᠠᠭ᠄
2018-06-27
     6 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠹᠧᠩ ᠢᠦᠶ ᠵᠧᠨ ᠮᠠᠨ ᠤ ᠬᠤᠲᠠ ᠶᠢᠨ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠰᠣᠩᠭᠤᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠵᠢᠷᠤᠮᠵᠢᠭᠤᠯᠤᠨ ᠬᠠᠮᠢᠶᠠᠷᠴᠤ᠂ ᠬᠠᠷᠢᠴᠠᠩᠭᠤᠶ ᠲᠥᠪᠯᠡᠷᠡᠭᠦᠯᠬᠦ ᠵᠠᠷᠴᠢᠮ ᠶᠣᠰᠤᠭᠠᠷ᠂ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠶᠤᠯ ᠦᠭᠡᠢ ᠦᠢᠯᠡᠳᠪᠦᠷᠢᠯᠡᠯ ᠤᠨ ᠱᠠᠭᠠᠷᠳᠠᠯᠭ᠎ᠠ ᠳᠤ ᠨᠡᠶᠢᠴᠡᠭᠰᠡᠨ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢᠨ ᠣᠷᠣᠨ ᠪᠠᠶᠢᠷᠢ ᠶᠢ ᠵᠦᠢ ᠵᠣᠬᠢᠰᠲᠠᠶ ᠴᠢᠯᠥᠭᠡᠲᠡᠶ ᠰᠣᠩᠭᠤᠬᠤ ᠬᠡᠷᠡᠭᠲᠡᠢ ᠭᠡᠪᠡ᠃      ᠹᠧᠩ ᠢᠦᠶ ᠵᠧᠨ ᠨᠠᠷ ᠤᠷᠢᠳ ᠬᠤᠵᠢᠳ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤ᠂ ᠢᠦᠢ ᠴᠢᠤᠸᠠᠨ ᠲᠣᠭᠤᠷᠢᠭ ᠲᠤ ᠭᠦᠨᠵᠡᠭᠡᠶᠢᠷᠡᠨ᠂ ᠤᠭᠰᠠᠷᠠᠮᠠᠯ ᠪᠠᠷᠢᠯᠭ᠎ᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠰᠣᠩᠭᠤᠵᠤ ᠪᠠᠶᠢᠭ᠎ᠠ ᠪᠠᠶᠢᠳᠠᠯ᠂ ᠬᠥᠬᠡᠬᠤᠲᠠ ᠶᠢᠨ ᠰᠢᠨ ᠯᠸᠢ ᠴᠢᠯᠠᠭᠤᠨ ᠮᠠᠲ᠋ᠧᠷᠢᠶᠠᠯ ᠡᠳ᠋ᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠴᠢᠶᠠᠨ ᠵᠢᠩ ᠭᠧᠤ ᠲᠣᠰᠬᠤᠨ ᠤ 1 ᠳ᠋ᠦ᠋ᠭᠡᠷ 2 ᠳ᠋ᠤᠭᠠᠷ ᠪᠠᠷᠢᠯᠭ᠎ᠠ ᠶᠢᠨ ᠴᠢᠯᠠᠭᠤᠨ ᠮᠠᠲ᠋ᠧᠷᠢᠶᠠᠯ ᠤᠨ ᠠᠭᠤᠷᠬᠠᠶ ᠵᠢᠴᠢ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤ᠂ ᠢᠦᠶ ᠴᠢᠤᠸᠠᠨ ᠲᠣᠭᠤᠷᠢᠭ ᠤᠨ ᠬᠤᠳᠠᠯᠳᠤᠭᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠰᠣᠩᠭᠤᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠲᠤᠬᠠᠢ ᠶᠢᠨ ᠲᠠᠯᠠᠪᠠᠢ ᠳᠤ ᠪᠠᠷᠢᠯᠭ᠎ᠠ ᠶᠢᠨ ᠮᠠᠲ᠋ᠧᠷᠢᠶᠠᠯ᠂ ᠴᠢᠯᠠᠭᠤᠨ ᠮᠠᠲ᠋ᠧᠷᠢᠶᠠᠯ ᠦᠢᠯᠡᠳᠪᠦᠷᠢᠯᠡᠵᠦ ᠡᠳ᠋ᠰᠢᠭᠦᠯᠬᠦ ᠬᠥᠭᠵᠢᠯᠲᠡ ᠶᠢᠨ ᠣᠳᠣᠬᠢ ᠪᠠᠶᠢᠳᠠᠯ᠂ ᠣᠷᠣᠨ ᠪᠠᠶᠢᠷᠢ ᠰᠣᠩᠭᠤᠬᠤ ᠪᠠᠷ ᠲᠥᠯᠥᠪᠯᠡᠵᠦ ᠪᠠᠶᠢᠭ᠎ᠠ ᠭᠠᠵᠠᠷ ᠣᠷᠣᠨ ᠤ ᠭᠠᠵᠠᠷ ᠲᠠᠷᠢᠶᠠᠨ ᠤ ᠪᠠᠶᠢᠳᠠᠯ᠂ ᠵᠠᠮ ᠲᠡᠭᠡᠭᠡᠪᠦᠷᠢ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃      ᠹᠧᠩ ᠢᠦᠶ ᠵᠧᠨ ᠪᠠᠶᠢᠴᠠᠭᠠᠨ ᠰᠤᠳᠤᠯᠬᠤ ᠳᠠᠭᠠᠨ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠢ ᠵᠢᠷᠤᠮᠵᠢᠭᠤᠯᠤᠨ ᠪᠠᠶᠢᠭᠤᠯᠬᠤ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠳᠠ ᠶᠢᠨ ᠲᠣᠭᠤᠷᠢᠭ ᠠᠴᠠ ᠵᠠᠶᠢᠳᠠᠭᠤ᠂ ᠠᠷᠠᠳ ᠤᠨ ᠰᠠᠭᠤᠴᠠ ᠠᠴᠠ ᠵᠠᠶᠢᠳᠠᠭᠤ᠂ ᠤᠰᠤᠨ ᠰᠤᠷᠪᠤᠯᠵᠢ ᠶᠢᠨ ᠭᠠᠵᠠᠷ ᠠᠴᠠ ᠵᠠᠶᠢᠳᠠᠭᠤ᠂ ᠥᠨᠳᠥᠷ ᠬᠦᠴᠦᠳᠡᠯᠲᠦ ᠴᠠᠬᠢᠯᠭᠠᠨ ᠤᠲᠠᠰᠤ ᠠᠴᠠ ᠵᠠᠶᠢᠳᠠᠭᠤ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠶᠤᠯ ᠦᠭᠡᠢ ᠦᠢᠯᠡᠳᠪᠦᠷᠢᠯᠡᠯ ᠤᠨ ᠱᠠᠭᠠᠷᠳᠠᠯᠭ᠎ᠠ ᠶᠣᠰᠤᠭᠠᠷ᠂ ᠰᠢᠨᠵᠢᠯᠡᠬᠦ ᠤᠬᠠᠭᠠᠨᠴᠢ ᠪᠠᠷ ᠣᠷᠣᠨ ᠪᠠᠶᠢᠷᠢ ᠰᠣᠩᠭᠤᠵᠤ᠂ ᠵᠦᠢ ᠵᠣᠬᠢᠰᠲᠠᠶ ᠪᠠᠷ ᠲᠥᠯᠥᠪᠵᠢᠭᠦᠯᠵᠦ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠵᠡᠮ ᠲᠡᠭᠡᠭᠡᠪᠦᠷᠢ᠂ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ᠂ ᠲᠡᠭᠡᠭᠡᠪᠦᠷᠢ ᠶᠢᠨ ᠵᠠᠮ ᠢ ᠬᠠᠲᠠᠭᠤᠷᠠᠭᠤᠯᠤᠨ ᠳᠡᠪᠢᠰᠬᠦ᠂ ᠤᠰᠤ ᠬᠠᠩᠭᠠᠬᠤ᠂ ᠤᠰᠤ ᠲᠠᠲᠠᠷᠠᠭᠤᠯᠬᠤ ᠵᠡᠷᠭᠡ ᠠᠰᠠᠭᠤᠳᠠᠯ ᠢ ᠭᠦᠢᠴᠡᠳ ᠪᠣᠳᠣᠯᠬᠢᠯᠠᠨ᠂ ᠥᠨᠳᠥᠷ ᠪᠠᠷᠢᠮᠵᠢᠶᠠᠲᠤ ᠪᠣᠬᠢᠷᠲᠤᠯ ᠦᠭᠡᠢ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠢ ᠬᠠᠷᠢᠴᠠᠩᠭᠤᠶ ᠲᠥᠪᠯᠡᠷᠡᠭᠦᠯᠦᠨ ᠪᠠᠶᠢᠭᠤᠯᠬᠤ ᠬᠡᠷᠡᠭᠲᠡᠢ ᠭᠡᠪᠡ᠃      ᠹᠧᠩ ᠢᠦᠶ ᠵᠧᠨ ᠨᠠᠷ ᠪᠠᠰᠠ ᠴᠢᠩ ᠱᠦᠢ ᠾᠧ ᠰᠢᠶᠠᠨ ᠤ ᠬᠠᠶ ᠢᠦᠢ ᠬᠤᠩ ᠬᠤᠷᠰᠢᠶ᠎ᠠ ᠶᠢᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠳᠤ ᠬᠦᠷᠴᠦ ᠶᠠᠳᠠᠭᠤ ᠶᠢ ᠲᠡᠳᠬᠦᠬᠦ ᠲᠥᠷᠥᠯ ᠵᠦᠢᠯ ᠢ ᠪᠠᠶᠢᠴᠠᠭᠠᠨ ᠰᠤᠳᠤᠯᠪᠠ᠃ ᠲᠤᠰ ᠬᠤᠷᠰᠢᠶ᠎ᠠ ᠪᠣᠯ ᠴᠢᠩ ᠱᠦᠢ ᠾᠧ ᠰᠢᠶᠠᠨ ᠤ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ᠎ᠠ᠂ ᠶᠠᠳᠠᠭᠤ ᠬᠦᠴᠢᠷᠳᠡᠯᠲᠡᠢ ᠡᠷᠦᠬᠡ ᠯᠦᠭᠡ ᠶᠢᠨ ᠢᠮᠠᠭ᠎ᠠ ᠶᠢ ᠨᠠᠶᠢᠳᠠᠯᠭ᠎ᠠ ᠪᠠᠷ ᠲᠡᠵᠢᠭᠡᠬᠦ ᠬᠡᠯᠡᠯᠴᠡᠭᠡᠷ ᠲᠣᠭᠲᠠᠭᠠᠬᠤ ᠪᠠᠷ ᠳᠠᠮᠵᠢᠭᠤᠯᠤᠨ᠂ ᠪᠦᠬᠦ ᠰᠢᠶᠠᠨ ᠤ ᠰᠠᠭᠠᠯᠢ ᠶᠢᠨ ᠢᠮᠠᠭ᠎ᠠ ᠶᠢᠨ ᠠᠵᠤ ᠦᠢᠯᠡᠰ ᠢ ᠵᠢᠯᠣᠭᠤᠳᠤᠨ ᠬᠥᠭᠵᠢᠭᠦᠯᠦᠨ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠠᠴᠠ ᠠᠩᠭᠢᠵᠢᠷᠠᠨ ᠪᠠᠶᠠᠵᠢᠬᠤ ᠠᠯᠬᠤᠴᠠ ᠶᠢ ᠲᠦᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠮᠠᠨ ᠤ ᠰᠢᠶᠠᠨ ᠤ ᠤᠳᠤᠷᠢᠳᠤᠯᠭ᠎ᠠ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号