ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢ ᠠᠬᠢᠭᠤᠯᠬᠤ ᠨᠡᠶᠢᠭᠡᠮᠯᠢᠭ ᠤᠨ ᠬᠢᠨ ᠬᠤᠷᠢᠨᠭᠡᠷ ᠰᠢᠶᠠᠨ ᠳᠤ ᠬᠦᠷᠴᠦ ᠲᠣᠰᠬᠠᠢ ᠰᠡᠳᠦᠪᠲᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2018-06-27
     6 ᠳ᠋ᠤᠭᠠᠷ ᠰᠠᠷ᠎ᠠ ᠶᠢᠨ26 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠣᠨ ᠤ ᠪᠦᠲᠦᠭᠡᠨ ᠪᠠᠶᠢᠭᠤᠯᠣᠯᠲᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠬᠤᠣ ᠢ ᠳ᠋ᠦᠩ ᠨᠠᠷ ᠬᠦᠬᠡᠬᠤᠲᠠ ᠶᠢᠨ ᠱᠧᠩ ᠯᠧ ᠣᠳᠣ ᠦᠶ᠎ᠡ ᠶᠢᠨ ᠦᠢᠯᠡᠴᠢᠯᠡᠭᠡ ᠶᠢᠨ ᠲᠦᠪᠯᠡᠷᠡᠯ ᠤᠨ ᠲᠣᠭᠤᠷᠢᠭ ᠲᠤ ᠬᠦᠷᠴᠦ ︽ᠳᠣᠣᠷ᠎ᠠ ᠨᠡᠭᠦᠷᠡᠰᠦᠲᠥ᠋ᠷᠥᠭᠴᠢ ᠶᠢᠨ ᠵᠠᠭᠪᠣᠷ ᠳᠣᠣᠷᠠᠬᠢ ᠥᠪᠥᠷ ᠮᠣᠩᠭᠤᠯ ᠤᠨ ᠶᠡᠷᠦᠩᠬᠡᠢ ᠡᠨᠧᠷᠭᠢ ᠵᠢᠴᠢ ᠳᠡᠭᠡᠳᠦ ᠬᠡᠮᠵᠢᠶᠡᠨ ᠤ ᠬᠤᠯᠪᠣᠭᠳᠠᠯ ᠪᠦᠬᠦᠢ ᠠᠵᠣ ᠦᠢᠯᠡᠰ ᠤᠨ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢᠨ ᠰᠣᠳᠣᠯᠣᠯ︾ ᠬᠡᠮᠡᠬᠦ ᠲᠣᠰᠬᠠᠢ ᠰᠡᠳᠦᠪᠲᠦ ᠪᠠᠶᠢᠴᠠᠭᠠᠨ ᠰᠣᠳᠣᠯᠣᠯᠲᠠ ᠬᠢᠪᠡ᠃ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠰᠢᠶᠠᠨ ᠤ ᠳᠠᠷᠤᠭ᠎ᠠ ᠳᠠᠶᠢᠴᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠠᠷ᠎ᠠ ᠪᠣᠯᠣᠨ ᠪᠠᠶᠢᠴᠠᠭᠠᠯᠲᠠ ᠬᠢᠪᠡ᠃      ᠪᠠᠶᠢᠴᠠᠭᠠᠨ ᠰᠣᠳᠣᠯᠣᠯᠲᠠ ᠶᠢᠨ ᠳᠣᠭᠤᠶᠢᠯᠠᠩ ᠤᠨ ᠬᠢᠨ ᠲᠦᠪᠯᠡᠷᠡᠯ ᠤᠨ ᠲᠣᠭᠤᠷᠢᠭ ᠤᠨ ᠠᠵᠣ ᠠᠬᠤᠶᠢᠯᠠᠯ ᠤᠨ ᠶᠡᠷᠦᠩᠬᠡᠢ ᠬᠡᠯᠲᠡᠰ᠂ ᠡᠭᠦᠯᠡᠨ ᠪᠣᠳᠣᠯᠳᠠ ᠶᠢᠨ ᠡᠭᠦᠳᠦᠭᠴᠢ ᠶᠢᠨ ᠲᠥᠪ᠂ ᠰᠠᠢ ᠺᠧ ᠰᠢᠩ ᠰᠣᠳᠣᠯᠭᠠᠨ ᠤ ᠬᠦᠷᠢᠶᠡᠯᠡᠩ᠂ ᠳᠣᠮᠳᠠᠳᠣ ᠣᠯᠣᠰ ᠤᠨ ᠴᠠᠬᠢᠯᠭᠠᠨ ᠬᠤᠯᠪᠣᠭᠠᠨ ᠤ ᠥᠪᠥᠷ ᠮᠣᠩᠭᠤᠯ ᠤᠨ ᠮᠡᠳᠡᠭᠡ ᠵᠠᠩᠬᠢ ᠶᠢᠨ ᠬᠦᠷᠢᠶᠡᠯᠡᠩ ᠵᠡᠷᠭᠡ ᠭᠠᠵᠠᠷ ᠲᠤ ᠭᠦᠨᠵᠡᠭᠡᠶᠢᠷᠡᠨ ᠪᠠᠶᠢᠴᠠᠭᠠᠯᠲᠠ ᠬᠢᠵᠦ᠂ ᠤᠯᠠᠨ ᠵᠣᠭᠰᠣᠴᠠ ᠠᠴᠠ᠂ ᠪᠦᠬᠦᠶᠢᠯᠡ ᠣᠷᠣᠨ ᠪᠠᠶᠢᠷᠢ ᠠᠴᠠ᠂ ᠬᠠᠨᠳᠣᠯᠭᠠᠲᠣ ᠴᠢᠨᠠᠷ ᠲᠠᠢ ᠪᠠᠷ ᠲᠦᠪᠯᠡᠷᠡᠯ ᠤᠨ ᠲᠣᠭᠤᠷᠢᠭ ᠤᠨ ᠠᠵᠢᠯ ᠦᠢᠯᠡᠰ ᠪᠣᠰᠬᠠᠬᠤ ᠶᠢ ᠪᠣᠢ ᠪᠣᠯᠭᠠᠬᠤ᠂ ᠠᠵᠣ ᠠᠬᠤᠶᠢᠯᠠᠯ ᠤᠨ ᠰᠢᠨ᠎ᠡ ᠶᠢ ᠡᠭᠦᠳᠬᠦ᠂ ᠡᠭᠦᠯᠡᠨ ᠪᠣᠳᠣᠯᠲᠠ᠂ ᠲᠣᠮᠤ ᠳ᠋ᠠᠶᠢᠲ᠋ᠠ ᠪᠣᠯᠣᠨ ᠲᠠᠷᠢᠶᠠᠯᠠᠩ ᠮᠠᠯ ᠠᠵᠣ ᠠᠬᠤᠢ ᠵᠡᠷᠭᠡ ᠲᠠᠯ᠎ᠠ ᠪᠠᠷ ᠬᠢ ᠦᠷ᠎ᠡ ᠪᠦᠲᠦᠮᠵᠢ᠂ ᠠᠷᠭ᠎ᠠ ᠬᠡᠮᠵᠢᠶ᠎ᠡ ᠪᠣᠯᠣᠨ ᠬᠦᠴᠢᠷᠳᠡᠯ ᠵᠡᠷᠭᠡ ᠲᠠᠯ᠎ᠠ ᠠᠴᠠ ᠭᠦᠨᠵᠡᠭᠡᠢ ᠣᠶᠢᠯᠠᠭᠠᠯᠲᠠ ᠬᠢᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号