ᠬᠤᠷᠢᠨᠭᠡᠷ ᠰᠢᠶᠠᠨ2018 ᠣᠨ ᠤ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠠᠵᠢᠯ ᠤᠨ ᠲᠣᠬᠢᠷᠠᠭᠤᠯᠣᠯᠲᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-06-27
     6 ᠳ᠋ᠤᠭᠠᠷ ᠰᠠᠷ᠎ᠠ ᠶᠢᠨ26 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠯᠢᠨ ᠯᠢᠨ2018 ᠣᠨ ᠤ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠠᠵᠢᠯ ᠤᠨ ᠲᠣᠬᠢᠷᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ ᠡᠯ᠎ᠡ ᠰᠢᠶᠠᠩ ᠪᠠᠯᠭᠠᠰᠣ᠂ ᠠᠵᠣ ᠠᠬᠤᠢ ᠶᠢᠨ ᠨᠡᠭᠡᠭᠡᠯᠲᠡ ᠶᠢᠨ ᠲᠣᠭᠤᠷᠢᠭ ᠵᠢᠴᠢ ᠰᠢᠶᠠᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠣᠬᠠᠭᠤᠯᠬᠤ ᠬᠡᠯᠲᠡᠰ ᠤᠨ ᠳᠠᠷᠤᠭ᠎ᠠ᠂ ᠬᠦᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠵᠠᠩ ᠰᠢᠣᠸᠠᠢ ᠮᠧᠢ ᠰᠠᠶ᠋ᠢᠬᠠᠨ ᠬᠤᠷᠠᠯᠳᠣᠭᠰᠠᠨ ᠬᠤᠲᠠ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠲᠣᠬᠢᠷᠠᠭᠤᠯᠣᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠣ᠂ ᠪᠦᠬᠦ ᠰᠢᠶᠠᠨ ᠤ ᠣᠷᠣᠨ ᠬᠤᠲᠠ ᠶᠢᠨ ᠭᠤᠣᠯᠳᠠᠯᠭ᠎ᠠ ᠲᠠᠢ ᠲᠦᠷᠥᠯ ᠵᠦᠢᠯ ᠳᠤ ᠵᠢᠭᠰᠠᠭᠠᠭᠳᠠᠭᠰᠠᠨ ᠪᠠᠶᠢᠳᠠᠯ ᠢ ᠵᠠᠷᠯᠠᠨ ᠨᠡᠶᠢᠲᠡᠯᠡᠵᠦ᠂ ᠡᠭᠦᠨ ᠤ ᠬᠠᠮᠲᠣ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠣᠨ ᠪᠠᠶᠢᠷᠢᠰᠢᠭᠤᠯᠣᠯᠲᠠ ᠬᠢᠪᠡ᠃ ᠬᠤᠷᠢᠨᠭᠡᠷ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠬᠠᠷᠢᠭᠤᠴᠠᠯᠭᠠᠲᠠᠨ ᠪᠦᠬᠦ ᠰᠢᠶᠠᠨ ᠤ2018 ᠣᠨ ᠤ5 ᠳ᠋ᠤᠭᠠᠷ ᠰᠠᠷ᠎ᠠ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠨᠡᠶᠢᠲᠡᠯᠡᠪᠡ᠃      ᠵᠠᠩ ᠯᠢᠨ ᠯᠢᠨ ᠴᠢᠩᠭᠠᠳᠬᠠᠭᠰᠠᠨ ᠨᠢ᠂ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠬᠠᠮᠵᠢᠯᠴᠠᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠳᠡᠭᠡᠭᠰᠢ ᠮᠡᠳᠡᠭᠦᠯᠬᠦ ᠠᠵᠢᠯ ᠢ ᠰᠠᠶᠢᠲᠣᠷ ᠬᠢᠵᠦ᠂ ᠪᠦᠷᠢᠳᠬᠡᠵᠦ ᠪᠣᠯᠬᠤ ᠪᠦᠬᠦᠨ ᠢ ᠪᠦᠷᠢᠳᠬᠡᠵᠦ᠂ ᠭᠤᠣᠯᠳᠠᠯᠭ᠎ᠠ ᠲᠠᠢ ᠲᠦᠷᠥᠯ ᠵᠦᠢᠯ ᠤᠨ ᠠᠵᠢᠯ ᠡᠬᠢᠯᠡᠬᠦ ᠪᠣᠯᠣᠨ ᠳᠠᠬᠢᠨ ᠠᠵᠢᠯ ᠡᠬᠢᠯᠡᠬᠦ ᠶᠢ ᠰᠠᠶᠢᠲᠣᠷ ᠠᠳᠬᠤᠵᠣ᠂ ᠲᠦᠷᠥᠯ ᠵᠦᠢᠯ ᠤᠨ ᠠᠬᠢᠴᠠ ᠶᠢᠨ ᠳᠣᠮᠳᠠ ᠲᠠᠭᠠᠷᠠᠯᠳᠣᠭᠰᠠᠨ ᠡᠯ᠎ᠡ ᠵᠦᠢᠯ ᠤᠨ ᠠᠰᠠᠭᠤᠳᠠᠯ ᠢ ᠴᠠᠭ ᠳᠠᠷᠣᠢ ᠳᠤᠨᠢ ᠰᠢᠢᠳᠪᠦᠷᠢᠯᠡᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢᠨ ᠨᠡᠯᠢᠶᠡᠳ ᠦᠨᠳᠦᠷ ᠥᠰᠥᠯᠲᠡ ᠶᠢᠨ ᠬᠤᠷᠳᠣᠴᠠ ᠶᠢ ᠪᠠᠲᠣᠯᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号