ᠮᠣᠩᠭᠤᠯ ᠬᠡᠯᠡᠨ ᠤ ᠰᠢᠨ᠎ᠡ ᠵᠠᠭᠤᠴᠢᠯᠠᠭᠤᠷ ᠤᠨ ᠬᠤᠯᠪᠤᠭ᠎ᠠ ᠬᠦᠬᠡᠬᠤᠲᠠ ᠳᠤ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2018-06-27
     6 ᠰᠠᠷ᠎ᠠ ᠶᠢᠨ 23 ᠤ ᠡᠳᠤᠷ᠂ ᠥᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠯᠡᠯ ‍ᠦᠨ‌‍ᠲ᠋ᠡᠭᠡᠳᠤ ᠰᠤᠷᠭᠠᠭᠤᠯᠢ ᠠᠴᠠ ᠭᠤᠣᠯᠯᠠᠨ ᠵᠣᠬᠢᠶᠠᠨ ᠪᠠᠶᠢᠭᠤᠯᠤᠭᠰᠠᠨ ᠮᠣᠩᠭᠤᠯ ᠬᠡᠯᠡᠨ ᠤ ᠰᠢᠨ᠎ᠡ ᠵᠠᠭᠤᠴᠢᠯᠠᠭᠤᠷ ᠤᠨ ᠬᠤᠯᠪᠤᠭ᠎ᠠ ᠪᠠᠶᠢᠭᠤᠯᠤᠭᠳᠠᠬᠤ ᠶᠡᠭᠡ ᠬᠤᠷᠠᠯ ᠵᠢᠴᠢ ᠶᠠᠷᠢᠯᠴᠠᠭᠠᠨ ᠤ ᠬᠤᠷᠠᠯ ᠬᠦᠬᠡᠬᠤᠲᠠ ᠳᠤ ᠠᠮᠵᠢᠯᠲᠠ ᠲᠡᠭᠦᠯᠳᠡᠷ ᠪᠣᠯᠤᠯ᠎ᠠ᠃      ᠬᠤᠷᠠᠯ ᠨᠢ ᠬᠤᠯᠪᠤᠭ᠎ᠠ ᠪᠠᠶᠢᠭᠤᠯᠤᠭᠳᠠᠬᠤ ᠶᠤᠰᠤᠯᠠᠯ᠂ ᠭᠤᠣᠯ ᠰᠡᠳᠤᠪᠲᠤ ᠶᠠᠷᠢᠯᠴᠠᠭᠠᠨ ᠤ ᠬᠤᠷᠠᠯ ᠪᠠ ᠴᠢᠯᠦᠭᠡᠲᠤ ᠶᠠᠷᠢᠯᠴᠠᠭᠠᠨ ᠤ ᠬᠤᠷᠠᠯ ᠵᠡᠷᠭᠡ ᠭᠤᠷᠪᠠᠨ ᠠᠭᠤᠯᠭ᠎ᠠ ᠪᠠᠷ ᠶᠠᠪᠤᠭᠳᠠᠪᠠ᠃ ᠬᠤᠷᠠᠯ ᠳᠤ ᠵᠠᠰᠠᠭ ᠤᠨ ᠣᠷᠳᠤᠨ  ᠤ ᠤᠳᠤᠷᠢᠳᠤᠯᠭ᠎ᠠ᠂ ᠡᠯ᠎ᠡ ᠶᠡᠭᠡ ᠳᠡᠭᠡᠳᠤ ᠰᠤᠷᠭᠠᠭᠤᠯᠢ ᠶᠢᠨ ᠬᠠᠮᠢᠶᠠᠲᠠᠢ ᠮᠡᠷᠭᠡᠵᠢᠯ ᠤᠨ ᠡᠷᠳᠡᠮᠲᠡᠨ ᠪᠠᠭᠰᠢ ᠨᠠᠷ ᠤᠷᠢᠭᠳᠠᠨ ᠣᠷᠤᠯᠴᠠᠭᠰᠠᠨ ᠤ ᠬᠠᠮᠲᠤ ᠠᠯᠪᠠᠨ ᠵᠠᠭᠤᠴᠢᠯᠠᠭᠤᠷ ᠤᠨ ᠲᠥᠯᠦᠭᠡᠯᠡᠭᠴᠢᠳ ᠪᠣᠯᠤᠨ ᠬᠤᠪᠢ ᠶᠢᠨ ᠵᠠᠭᠤᠴᠢᠯᠠᠭᠤᠷ ᠤᠨ ᠡᠵᠡᠩᠨᠡᠭᠴᠢᠳ ᠬᠤᠯᠪᠤᠭᠠᠨ ᠤ ᠭᠡᠰᠢᠭᠦᠨ ᠨᠢᠭᠡᠴᠡ ᠶᠢᠨ ᠬᠤᠪᠢ ᠪᠠᠷ ᠣᠷᠤᠯᠴᠠᠯ᠎ᠠ᠃ ᠥᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠯᠡᠯ ᠤᠨ ᠳᠡᠭᠡᠳᠤ ᠰᠤᠷᠭᠠᠭᠤᠯᠢ ᠶᠢᠨ ᠵᠠᠬᠢᠷᠤᠯ᠂ ᠫᠷᠤᠹᠧᠰᠰᠤᠷ ᠲᠤᠭᠲᠠᠬᠤ ᠠᠴᠠ ᠡᠨᠡᠬᠦ ᠬᠤᠯᠪᠤᠭ᠎ᠠ ᠶᠢ ᠪᠠᠶᠢᠭᠤᠯᠤᠭᠰᠠᠨ ᠤ ᠵᠣᠷᠢᠯᠭ᠎ᠠ ᠶᠢᠨ ᠲᠠᠯ᠎ᠠ ᠪᠠᠷ᠂ ᠮᠣᠩᠭᠤᠯ ᠰᠢᠨ᠎ᠡ ᠵᠠᠭᠤᠴᠢᠯᠠᠭᠤᠷ ᠤᠨ ᠲᠠᠷᠠᠬᠠᠢ ᠪᠤᠲᠠᠷᠬᠠᠢ ᠬᠦᠴᠦᠨ ᠢ ᠨᠢᠭᠡᠳᠬᠡᠵᠤ᠂ ᠬᠠᠮᠲᠤ ᠶᠢᠨ ᠲᠠᠪᠴᠠᠩ ᠢ ᠪᠠᠶᠢᠭᠤᠯᠤᠨ᠂ ᠬᠤᠶᠢᠰᠢᠲᠠ ᠶᠢᠨ ᠬᠥᠭᠵᠢᠯᠲᠡ ᠳᠤ ᠣᠯᠠᠮ ᠰᠠᠶᠢᠨ ᠦᠢᠯᠡᠴᠢᠯᠡᠬᠦ ᠶᠢ ᠵᠣᠷᠢᠵᠤ ᠲᠤᠰ ᠬᠤᠯᠪᠤᠭ᠎ᠠ ᠶᠢ ᠪᠠᠶᠢᠭᠤᠯᠵᠤ ᠪᠠᠶᠢᠭ᠎ᠠ ᠭᠡᠯ᠎ᠡ᠃      ᠬᠤᠷᠠᠯ ᠢᠶᠠᠷ᠂ ᠮᠣᠩᠭᠤᠯ ᠬᠡᠯᠡᠨ ᠤ ᠮᠡᠳᠡᠭᠡ ᠵᠠᠩᠬᠢ ᠶᠢᠨ ᠰᠢᠢᠳᠪᠦᠷᠢᠯᠡᠯᠲᠡ ᠶᠢᠨ ᠮᠡᠷᠭᠡᠵᠢᠯ ᠤᠨ ᠠᠬᠢᠴᠠ᠂ ᠰᠢᠨ᠎ᠡ ᠵᠠᠭᠤᠴᠢᠯᠠᠭᠤᠷ ᠤᠨ ᠦᠢᠯᠡᠳᠤᠯ᠂ ᠮᠣᠩᠭᠤᠯ ᠰᠢᠨ᠎ᠡ ᠵᠠᠭᠤᠴᠢᠯᠠᠭᠤᠷ ᠤᠨ ᠣᠳᠤᠬᠢ ᠪᠠᠶᠢᠳᠠᠯ᠂ ᠰᠢᠨ᠎ᠡ ᠵᠠᠭᠤᠴᠢᠯᠠᠭᠤᠷ ᠤᠨ ᠬᠦᠭᠵᠢᠯᠲᠡ ᠳᠤ ᠪᠤᠳᠠᠲᠠᠢ ᠣᠷᠤᠰᠢᠵᠤ ᠪᠠᠶᠢᠭ᠎ᠠ ᠠᠰᠠᠭᠤᠳᠠᠯ ᠵᠡᠷᠭᠡ ᠲᠠᠯ᠎ᠠ ᠪᠠᠷ ᠲᠤᠰᠬᠠᠢ ᠰᠡᠳᠤᠪᠲᠤ ᠶᠠᠷᠢᠯᠴᠠᠭ᠎ᠠ ᠬᠢᠵᠤ᠂ ᠪᠠᠰᠠ ᠦᠪᠦᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠯᠡᠯ ᠤᠨ ᠳᠡᠭᠡᠳᠤ ᠰᠤᠷᠭᠠᠭᠤᠯᠢ ᠶᠢᠨ ᠪᠥᠬᠦᠶᠢᠯᠡ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠃

 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号