ᠺᠠᠩ ᠶᠦᠩ ᠴᠢᠶᠠᠩ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018-06-28
     6 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠺᠠᠩ ᠶᠦᠩ ᠴᠢᠶᠠᠩ ᠨᠢ ᠸᠠᠩ ᠱᠠᠨ ᠴᠢᠤᠸᠠᠨ᠂ ᠸᠠᠩ ᠴᠥᠩ ᠶᠢᠩ᠂ ᠱᠢ ᠶᠦᠩ ᠫᠢᠩ ᠵᠡᠷᠭᠡ ᠰᠢᠶᠠᠨ ᠤ ᠤᠳᠤᠷᠢᠳᠤᠯᠭ᠎ᠠ ᠶᠢᠨ ᠪᠠᠷ᠎ᠠ ᠪᠣᠯᠣᠯᠭ᠎ᠠ ᠪᠠᠷ᠂ ᠰᠢᠶᠠᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠳᠦᠷᠰᠦ ᠪᠠᠶᠢᠳᠠᠯ᠂ ᠤᠰᠤᠨ ᠤ ᠶᠠᠪᠤᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠮᠠᠨ ᠤ ᠰᠢᠶᠠᠨ ᠤ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠨᠠᠷ ᠤᠷᠢᠳ ᠬᠤᠵᠢᠳ ᠵᠡᠪᠰᠡᠭᠲᠦ ᠬᠦᠴᠦᠨ ᠤ ᠬᠡᠯᠲᠡᠰ ᠠᠴᠠ ᠲᠡᠷᠭᠡᠨ ᠥᠷᠲᠡᠭᠡ ᠵᠡᠭᠡᠯᠢ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ᠂ ᠵᠡᠭᠡᠯᠢ ᠭᠤᠳᠤᠮᠵᠢ ᠬᠤᠶᠠᠷ ᠲᠠᠯ᠎ᠠ ᠶᠢᠨ ᠲᠣᠭᠲᠠᠭᠠᠯ ᠠᠴᠠ ᠵᠥᠷᠢᠴᠡᠨ ᠲᠡᠷᠭᠡ ᠬᠥᠰᠬᠡ ᠵᠣᠭᠰᠣᠭᠠᠵᠤ ᠲᠠᠯᠪᠢᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠵᠢᠴᠢ ᠪᠢᠨ ᠾᠧ ᠬᠤᠶᠢᠲᠤ ᠵᠠᠮ ᠤᠨ ᠪᠣᠬᠢᠷ ᠤᠰᠤᠨ ᠤ ᠬᠤᠭᠤᠯᠠᠶ ᠲᠣᠣᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠪᠠ ᠃ ᠺᠠᠩ ᠶᠦᠩ ᠴᠢᠶᠠᠩ ᠵᠢᠭᠠᠵᠤ ᠭᠠᠷᠭᠠᠭᠰᠠᠨ ᠨᠢ᠂ ᠣᠷᠴᠢᠨ ᠲᠣᠭᠤᠷᠢᠨ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠨᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠵᠤ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ‍ ᠨᠢᠭᠡ ᠵᠦᠢᠯ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠣᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠦᠨ᠂ ᠨᠢᠭᠡᠳᠦᠯᠲᠡᠶ ᠲᠥᠯᠥᠪᠯᠡᠨ ᠬᠠᠮᠵᠢᠯᠴᠠᠨ ᠠᠵᠢᠯᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠵᠢᠵᠢᠭ ᠵᠡᠭᠡᠯᠢ ᠭᠤᠳᠤᠮᠵᠢ ᠳᠤ ᠨᠡᠶᠢᠲᠡ ᠶᠢᠨ ᠵᠣᠷᠯᠣᠩ ᠢ ᠵᠦᠢ ᠵᠣᠬᠢᠰᠲᠠᠶ ᠲᠥᠯᠥᠪᠵᠢᠭᠦᠯᠦᠨ ᠵᠠᠰᠠᠨ ᠪᠠᠶᠢᠭᠤᠯᠵᠤ᠂ ᠵᠠᠮ ᠬᠠᠷᠢᠯᠴᠠᠭᠠᠨ ᠤ ᠴᠠᠭᠳᠠᠭ᠎ᠠ ᠪᠣᠯᠤᠨ ᠬᠤᠲᠠ ᠶᠢᠨ ᠳᠦᠷᠰᠦ ᠪᠠᠶᠢᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠣᠭᠲᠠᠭᠠᠯ ᠠᠴᠠ ᠵᠥᠷᠢᠴᠡᠨ ᠶᠠᠪᠠᠭᠠᠨ ᠬᠥᠮᠦᠨ ᠤ ᠵᠠᠮ ᠳᠤ ᠲᠡᠷᠭᠡ ᠲᠠᠯᠪᠢᠬᠤ ᠠᠰᠠᠭᠤᠳᠠᠯ ᠢ ᠬᠦᠴᠦ ᠪᠠᠨ ᠨᠡᠶᠢᠯᠡᠭᠦᠯᠦᠨ ᠴᠡᠭᠴᠡᠯᠡᠨ ᠵᠠᠰᠠᠵᠤ᠂ ᠭᠠᠵᠠᠷ ᠳᠤ ᠨᠢ ᠲᠣᠬᠢᠷᠠᠭᠤᠯᠤᠨ ᠲᠡᠷᠭᠡᠨ ᠵᠣᠭᠰᠣᠭᠠᠯ ᠢ ᠲᠥᠯᠥᠪᠵᠢᠭᠦᠯᠵᠦ᠂ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠲᠡᠷᠭᠡ ᠵᠣᠭᠰᠣᠬᠤ ᠳᠥᠭᠦᠮ ᠢ ᠪᠠᠲᠤᠯᠠᠬᠤ ᠮᠥᠷᠲᠡᠭᠡᠨ ᠪᠠᠰᠠ ᠵᠠᠮ ᠬᠠᠷᠢᠯᠴᠠᠭᠠᠨ ᠤ ᠭᠤᠣᠯ ᠵᠠᠮ ᠨᠡᠪᠲᠡᠷᠡᠯᠭᠡ ᠶᠢᠨ ᠰᠠᠭᠠᠳ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号