ᠬᠤᠳᠠ ᠶᠢᠨ ᠳᠠᠷᠤᠭ᠎ᠠ ᠹᠧᠩ ᠢᠦᠶ ᠵᠧᠨ ᠬᠥᠬᠡᠬᠤᠲᠠ ᠶᠢᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠥᠪ ᠳᠤ ᠭᠦᠨᠵᠡᠭᠡᠶᠢᠷᠡᠨ ︽ᠨᠢᠭᠡ ᠴᠣᠩᠬᠤᠪᠴᠢ︾ ᠮᠠᠶ᠋ᠢᠭ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018-06-28
     6 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠳᠠᠷᠤᠭ᠎ᠠ ᠹᠧᠩ ᠢᠦᠶ ᠵᠧᠨ ᠨᠠᠷ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠯᠲᠠ ᠶᠢᠨ ᠲᠥᠪ ᠲᠤ ᠭᠦᠨᠵᠡᠭᠡᠶᠢᠷᠡᠨ ︽ᠨᠢᠭᠡ ᠴᠣᠩᠬᠤᠪᠴᠢ︾ ᠮᠠᠶ᠋ᠢᠭ ᠤᠨ ᠦᠢᠯᠡᠴᠢᠯᠡᠭᠡ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠵᠠᠩ ᠷᠦᠢ ᠰᠢᠨ ᠤ ᠪᠠᠷ᠎ᠠ ᠪᠤᠯᠤᠯᠭ᠎ᠠ ᠲᠠᠢ ᠪᠠᠷ ︽ᠨᠢᠭᠡ ᠴᠣᠩᠬᠤᠪᠴᠢ︾ ᠮᠠᠶ᠋ᠢᠭ ᠤᠨ ᠠᠵᠢᠯ ᠤᠨ ᠪᠠᠶᠢᠳᠠᠯ ᠢ ᠲᠤᠬᠠᠶ ᠭᠠᠵᠠᠷ ᠲᠤᠨᠢ ᠪᠠᠶᠢᠴᠠᠭᠠᠨ ᠦᠵᠵᠦ᠂ ᠲᠤᠬᠠᠶ ᠶᠢᠨ ᠭᠠᠵᠠᠷ ᠤᠨ ᠠᠵᠢᠯᠲᠠᠳ ᠪᠠ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠢᠷᠡᠭᠰᠡᠨ ᠬᠤᠳᠠ ᠶᠢᠨ ᠠᠷᠠᠳ ᠲᠠᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠳᠡᠰ ᠳᠠᠷᠠᠭᠠᠯᠠᠯ ᠪᠣᠯᠣᠨ ᠠᠵᠢᠯ ᠤᠨ ᠦᠷ᠎ᠡ ᠪᠦᠲᠦᠮᠵᠢ ᠶᠢᠨ ᠪᠠᠶᠢᠳᠠᠯ ᠢ ᠨᠠᠷᠢᠨ ᠠᠰᠠᠭᠤᠨ ᠣᠶᠢᠯᠠᠭᠠᠪᠠ᠃ ᠡᠭᠦᠨ ᠤ ᠬᠠᠮᠲᠤ ᠲᠡᠷᠡᠭᠠᠴᠢ ᠶᠢᠨ ᠠᠯᠬᠤᠮ ᠤᠨ ᠠᠵᠢᠯ ᠢ ᠵᠢᠯᠣᠭᠤᠳᠪᠠ᠃       ᠬᠤᠳᠠ ᠶᠢᠨ ᠳᠠᠷᠤᠭ᠎ᠠ ᠹᠧᠩ ᠢᠦᠶ ᠵᠧᠨ ᠴᠢᠬᠤᠯᠠᠴᠢᠯᠠᠭᠰᠠᠨ ᠨᠢ᠂ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠤ ᠳᠥᠭᠦᠮ ᠦᠵᠡᠭᠦᠯᠬᠦ ᠠᠷᠠᠳ ᠲᠤ ᠠᠰᠢᠭ ᠬᠦᠷᠲᠡᠭᠡᠬᠦ ᠪᠠᠷ ᠨᠢᠭᠡᠳᠦᠯᠲᠡᠶ ᠳᠠᠩᠰᠠᠯᠠᠯ ᠤᠨ ᠡᠭᠦᠰᠭᠡᠯ ᠪᠠ ᠲᠡᠭᠦᠰᠬᠡᠯ ᠢᠶᠠᠨ ᠪᠣᠯᠭᠠᠵᠤ᠂ ︽ᠨᠢᠭᠡ ᠴᠣᠩᠬᠤᠪᠴᠢ ᠳᠤ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠥᠷᠲᠡᠭᠡ ᠲᠤ ᠲᠥᠪᠯᠡᠷᠡᠭᠦᠯᠦᠨ ᠦᠢᠯᠡᠴᠢᠯᠡᠬᠦ︾ ᠶᠢ ᠬᠦᠴᠦᠯᠡᠨ ᠰᠢᠯᠢᠳᠡᠭᠵᠢᠭᠦᠯᠦᠨ ᠥᠭᠡᠷᠡᠴᠢᠯᠡᠵᠦ᠂ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢ ᠨᠡᠩ ᠥᠨᠳᠥᠷ ᠪᠦᠲᠦᠮᠵᠢᠲᠡᠶ᠂ ᠨᠡᠩ ᠤᠯᠠᠨ ᠲᠦᠮᠡᠨ ᠳᠤ ᠳᠦᠭᠦᠮ ᠦᠵᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号