ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠤᠰᠤᠨ ᠰᠤᠪᠤᠷᠭ᠎ᠠ ᠲᠣᠰᠠᠯᠠᠨ ᠪᠠᠶᠢᠭᠤᠯᠵᠤ ᠰᠢᠶᠠᠨ ᠤ ᠶᠠᠳᠠᠭᠤ ᠠᠴᠠ ᠠᠩᠭᠢᠵᠢᠷᠠᠭᠤᠯᠵᠣ ᠪᠣᠭᠤᠮᠲᠠ ᠰᠢᠪᠲᠣᠯᠬᠤ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2018-06-29
     6 ᠳ᠋ᠤᠭᠠᠷ ᠰᠠᠷ᠎ᠠ ᠶᠢᠨ25 ᠤ ᠡᠳᠦᠷ᠂ ᠳᠣᠮᠳᠠᠳᠣ ᠣᠯᠣᠰ ᠤᠨ ᠦᠢᠯᠡᠳᠪᠦᠷᠢ ᠬᠤᠳᠠᠯᠳᠣᠭᠠᠨ ᠤ ᠪᠠᠩᠬᠢ ᠶᠢᠨ ᠬᠤᠪᠢᠴᠠᠭᠠᠲᠣ ᠬᠢᠵᠠᠭᠠᠷᠲᠣ ᠺᠤᠮᠫᠠᠨᠢ ᠶᠢᠨ ᠬᠦᠬᠡᠬᠤᠲᠠ ᠶᠢᠨ ᠬᠤᠪᠢᠶᠠᠷᠢ ᠪᠠᠩᠬᠢ ᠬᠤᠷᠢᠨᠭᠡᠷ ᠰᠢᠶᠠᠨ ᠤ ᠶᠡᠭᠡ ᠣᠯᠠᠭᠠᠨᠬᠤᠲᠠ ᠰᠢᠶᠠᠩ ᠤᠨ ᠴᠠᠭᠠᠨ ᠬᠤᠰᠢᠭᠤᠴᠢ ᠠᠶᠢᠯ ᠲᠣᠰᠬᠤᠨ ᠳᠤ ᠪᠡᠯᠡᠨ ᠮᠦᠩᠭᠦ ᠬᠠᠨᠳᠢᠪᠯᠠᠵᠣ ᠣᠰᠣᠨ ᠰᠣᠪᠣᠷᠭ᠎ᠠ ᠪᠠᠶᠢᠭᠤᠯᠬᠤ ᠳᠤ ᠲᠣᠰᠠᠯᠠᠪᠠ᠃ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠸᠧᠢ ᠯᠢᠶᠠᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ ᠯᠠᠢ ᠵᠣ᠋᠂ ᠰᠢᠶᠠᠨ ᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠭᠦᠸᠧ ᠸᠧᠨ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠬᠡᠰᠡᠭ ᠲᠣᠰᠬᠤᠨ ᠤ ᠠᠷᠠᠳ ᠤᠨ ᠲᠦᠯᠦᠭᠡᠯᠡᠭᠴᠢ ᠬᠠᠨᠳᠢᠪᠯᠠᠨ ᠪᠡᠯᠡᠭᠯᠡᠬᠦ ᠶᠣᠰᠣᠯᠠᠯ ᠳᠤ ᠣᠷᠣᠯᠴᠠᠵᠣ᠂ ᠡᠭᠦᠨ ᠤ ᠬᠠᠮᠲᠣ ᠴᠠᠭᠠᠨ ᠬᠤᠰᠢᠭᠤᠴᠢ ᠠᠶᠢᠯ ᠲᠣᠰᠬᠤᠨ ᠤ ᠠᠷᠠᠳ ᠤᠨ ᠦᠢᠯᠡᠴᠢᠯᠡᠭᠡᠨ ᠤ ᠲᠥᠪ ᠲᠤ ᠰᠠᠭᠤᠳᠠᠯ ᠤᠨ ᠬᠤᠷᠠᠯ ᠬᠢᠪᠡ᠃      ᠸᠠᠩ ᠸᠧᠢ ᠯᠢᠶᠠᠩ ᠳᠣᠮᠳᠠᠳᠣ ᠣᠯᠣᠰ ᠤᠨ ᠦᠢᠯᠡᠳᠪᠦᠷᠢ ᠬᠤᠳᠠᠯᠳᠣᠭᠠᠨ ᠤ ᠪᠠᠩᠬᠢ ᠶᠢᠨ ᠬᠦᠬᠡᠬᠤᠲᠠ ᠶᠢᠨ ᠬᠤᠪᠢᠶᠠᠷᠢ ᠪᠠᠩᠬᠢ ᠶᠢᠨ ᠬᠠᠨᠳᠢᠪᠯᠠᠨ ᠲᠣᠰᠠᠯᠠᠭᠰᠠᠨ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠪᠡ᠃ ᠲᠡᠷᠡ ᠴᠢᠩᠭᠠᠳᠬᠠᠭᠰᠠᠨ ᠨᠢ᠂ ᠲᠣᠰᠬᠤᠨ ᠤ ᠬᠤᠶᠠᠷ ᠵᠥᠪᠯᠡᠯ ᠡᠨᠡᠬᠦ ᠲᠣᠰᠠᠯᠠᠨ ᠬᠠᠨᠳᠢᠪᠯᠠᠭᠰᠠᠨ ᠮᠦᠩᠬᠦ ᠶᠢ ᠰᠠᠶᠢᠲᠣᠷ ᠬᠡᠷᠡᠭᠯᠡᠵᠦ᠂ ᠠᠵᠢᠯ ᠢᠶᠠᠨ ᠨᠠᠷᠢᠯᠢᠭ ᠮᠦᠷᠲᠡᠭᠡᠨ ᠪᠣᠳᠠᠲᠠᠢ ᠬᠢᠵᠦ᠂ ᠣᠷᠢᠳᠴᠢᠯᠠᠨ ᠲᠣᠭᠲᠠᠭᠠᠭᠰᠠᠨ ᠬᠤᠭᠤᠴᠠᠭᠠᠨ ᠳᠣᠲᠣᠷ᠎ᠠ ᠠᠵᠢᠯ ᠢᠶᠠᠨ ᠳᠠᠭᠤᠰᠬᠠᠵᠣ᠂ ᠲᠣᠰᠬᠤᠨ ᠤ ᠠᠷᠠᠳ ᠤᠨ ᠣᠣᠭᠤᠬᠤ ᠣᠰᠤ ᠶᠢᠨ ᠠᠰᠠᠭᠤᠳᠠᠯ ᠢ ᠰᠢᠢᠳᠪᠦᠷᠢᠯᠡᠨ᠂ ᠡᠭᠦᠨ ᠤ ᠬᠠᠮᠲᠣ ᠶᠠᠳᠠᠭᠤ ᠶᠢ ᠳᠡᠳᠬᠦᠬᠦ ᠳᠤ ᠶᠠᠳᠠᠭᠤ ᠬᠦᠴᠢᠷᠳᠡᠯᠲᠡᠢ ᠡᠷᠦᠬᠡ ᠬᠢᠭᠡᠳ ᠲᠣᠯᠣᠭᠠᠶᠢᠯᠠᠭᠴᠢ ᠠᠵᠣ ᠠᠬᠤᠶᠢᠯᠠᠯ ᠢ ᠬᠤᠯᠪᠣᠭᠠᠯᠠᠭᠤᠯᠵᠣ᠂ ᠦᠨᠡᠨ ᠶᠠᠳᠠᠭᠤ ᠶᠢ ᠲᠡᠳᠬᠦᠵᠦ᠂ ᠶᠠᠳᠠᠭᠤ ᠶᠢ ᠦᠨᠡᠨᠬᠦ ᠳᠡᠳᠬᠦᠬᠦ ᠶᠢ ᠪᠠᠲᠣᠯᠠᠬᠤ ᠬᠡᠷᠡᠭᠲᠡᠢ᠃      ᠮᠡᠳᠡᠭᠡᠵᠢ ᠪᠠᠷ᠂ ᠣᠳᠣᠬᠠᠨ ᠤ ᠪᠠᠶᠢᠭ᠎ᠠ ᠣᠰᠣᠨ ᠰᠤᠪᠤᠷᠭ᠎ᠠ ᠬᠡᠪᠴᠢᠶ᠎ᠡ ᠨᠢ ᠪᠠᠭ᠎ᠠ᠂ ᠬᠤᠭᠤᠯᠠᠢ ᠨᠢ ᠬᠠᠭᠤᠴᠢᠨ᠂ ᠣᠰᠣᠨ ᠤ ᠬᠠᠳᠠᠭᠠᠯᠠᠯᠲᠠ ᠬᠦᠷᠦᠯᠴᠡᠬᠦ ᠦᠭᠡᠢ᠂ ᠲᠡᠭᠡᠬᠦ ᠪᠠᠷ ᠨᠢ ᠲᠣᠰᠬᠤᠨ ᠤ ᠠᠷᠠᠳ ᠤᠨ ᠣᠣᠭᠤᠬᠤ ᠣᠰᠣᠨ ᠤ ᠬᠡᠷᠡᠭᠴᠡᠭᠡ ᠶᠢ ᠬᠠᠩᠭᠠᠵᠣ ᠳᠡᠶᠢᠯᠬᠦ ᠦᠭᠡᠢ ᠪᠣᠯᠣᠭᠰᠠᠨ ᠪᠠᠶᠢᠨ᠎ᠠ᠃ ᠡᠶᠢᠮᠦᠷᠬᠦ ᠪᠠᠶᠢᠳᠠᠯ ᠳᠣᠣᠷ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠮᠠ ᠴᠠᠩ ᠴᠢᠩ ᠬᠠᠪᠰᠣᠷᠣᠨ ᠳᠡᠳᠬᠦᠬᠦ ᠪᠠᠶᠢᠭᠤᠯᠭ᠎ᠠ ᠪᠣᠯᠣᠭᠰᠠᠨ ᠦᠢᠯᠡᠳᠪᠦᠷᠢ ᠬᠤᠳᠠᠯᠳᠣᠭᠠᠨ ᠤ ᠪᠠᠩᠬᠢ ᠶᠢᠨ ᠬᠦᠬᠡᠬᠤᠲᠠ ᠶᠢᠨ ᠬᠤᠪᠢᠶᠠᠷᠢ ᠪᠠᠩᠬᠢ ᠲᠠᠢ ᠢᠳᠡᠪᠬᠢᠲᠡᠢ ᠬᠠᠷᠢᠴᠠᠵᠣ᠂ ᠰᠢᠨ᠎ᠡ ᠪᠠᠷ ᠣᠰᠣᠨ ᠰᠣᠪᠣᠷᠭ᠎ᠠ ᠪᠠᠶᠢᠭᠤᠯᠵᠣ ᠲᠣᠰᠬᠤᠨ ᠤ ᠠᠷᠠᠳ ᠤᠨ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠬᠦ ᠪᠠᠷ ᠲᠣᠭᠲᠠᠵᠣ᠂ ᠵᠠᠰᠠᠭᠰᠠᠨ ᠤ ᠳᠠᠷᠠᠭᠠᠬᠢ ᠣᠰᠣᠨ ᠰᠣᠪᠣᠷᠭ᠎ᠠ ᠪᠣᠯᠣᠨ ᠰᠢᠨ᠎ᠡ ᠪᠠᠷ ᠪᠠᠶᠢᠭᠤᠯᠣᠭᠰᠠᠨ ᠣᠰᠣᠨ ᠰᠤᠪᠣᠷᠭ᠎ᠠ ᠨᠢ ᠴᠠᠭᠠᠨ ᠬᠤᠰᠢᠭᠤᠴᠢ ᠠᠶᠢᠯ ᠲᠣᠰᠬᠤᠨ ᠤ ᠬᠠᠷᠢᠶᠠᠨ ᠳᠠᠬᠢ ᠳᠥᠷᠪᠡᠨ ᠲᠣᠰᠬᠤᠨ ᠤ148 ᠡᠷᠦᠬᠡ᠂ 352 ᠬᠦᠮᠦᠨ ᠤ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号