2018 ᠣᠨ ᠳᠤ ᠴᠢᠩ ᠱᠦᠢ ᠾᠧ ᠰᠢᠶᠠᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠪᠠᠭᠤᠷᠠᠶ ᠰᠤᠷᠭᠠᠭᠤᠯᠢ ᠶᠢ ᠰᠢᠨᠡᠳᠬᠡᠨ ᠵᠠᠰᠠᠬᠤ ᠲᠤᠰᠠᠯᠠᠮᠵᠢ ᠶᠢᠨ ᠪᠡᠯᠡ ᠮᠥᠩᠭᠦ ᠶᠢ 570 ᠲᠦᠮᠡᠨ ᠲᠥᠭᠦᠷᠢᠭ ᠰᠠᠯᠭᠠᠨ ᠥᠭᠪᠡ
ᠨᠡᠶᠢᠲᠡᠯᠡᠭᠰᠡᠨ ᠴᠠᠭ᠄
2018-06-29
     ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠰᠠᠶᠢᠵᠢᠷᠠᠭᠤᠯᠵᠤ᠂ ᠵᠢᠭᠠᠨ ᠰᠤᠷᠭᠠᠯᠲᠠ ᠪᠣᠯᠤᠨ ᠰᠤᠷᠤᠭᠴᠢᠳ ᠤᠨ ᠠᠮᠢᠳᠤᠷᠠᠯ ᠤᠨ ᠬᠠᠮᠤᠭ ᠤᠨ ᠪᠠᠴᠢᠮ ᠬᠡᠷᠡᠭᠴᠡᠭᠡ ᠪᠦᠬᠦᠢ ᠦᠨᠳᠦᠰᠦᠨ ᠲᠥᠬᠦᠭᠡᠷᠦᠮᠵᠢ ᠪᠣᠯᠣᠨ ᠪᠡᠯᠡᠳᠬᠡᠮᠵᠢ ᠢ ᠪᠦᠲᠦᠭᠡᠨ ᠪᠠᠶᠢᠭᠤᠯᠬᠤ ᠶᠢᠨ ᠲᠤᠰᠠᠳᠠ᠂ ︽2018 ᠣᠨ ᠤ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠪᠠᠭᠤᠷᠠᠶ ᠰᠤᠷᠭᠠᠭᠤᠯᠢ ᠶᠢ ᠵᠠᠰᠠᠨ ᠰᠠᠶᠢᠵᠢᠷᠠᠭᠤᠯᠬᠤ ᠨᠥᠬᠦᠪᠥᠷᠢ ᠶᠢᠨ ᠪᠡᠯᠡ ᠮᠥᠩᠭᠦᠨ ᠤ ᠵᠢᠱᠢᠯᠲᠡ ᠲᠤᠭ᠎ᠠ ᠶᠢ ᠤᠷᠢᠳᠴᠢᠯᠠᠨ ᠪᠠᠭᠤᠯᠭᠠᠬᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠴᠢᠩ ᠱᠦᠢ ᠾᠧ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠪᠠᠭᠤᠷᠠᠶ ᠰᠤᠷᠭᠠᠭᠤᠯᠢ ᠶᠢ ᠰᠢᠨᠡᠳᠬᠡᠨ ᠵᠠᠰᠠᠬᠤ ᠨᠥᠬᠦᠪᠥᠷᠢ ᠶᠢᠨ ᠪᠡᠯᠡ ᠮᠥᠩᠭᠦ ᠶᠢ 570 ᠲᠦᠮᠡᠨ ᠲᠥᠭᠦᠷᠢᠭ ᠰᠠᠯᠭᠠᠨ ᠥᠭᠴᠦ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠵᠢᠭᠠᠨ ᠰᠤᠷᠭᠠᠯᠲᠠ ᠪᠣᠯᠤᠨ ᠰᠤᠷᠤᠭᠴᠢᠳ ᠤᠨ ᠠᠮᠢᠳᠤᠷᠠᠯ ᠤᠨ ᠪᠠᠴᠢᠮ ᠬᠡᠷᠡᠭᠴᠡᠭᠡ ᠪᠦᠬᠦᠢ ᠦᠨᠳᠦᠰᠦᠨ ᠲᠥᠬᠦᠭᠡᠷᠦᠮᠵᠢ ᠪᠡᠯᠡᠳᠬᠡᠮᠵᠢ ᠶᠢ ᠤᠷᠢᠳᠠᠪᠠᠷ ᠬᠤᠳᠠᠯᠳᠤᠨ ᠠᠪᠤᠨ ᠪᠦᠲᠦᠭᠡᠨ ᠪᠠᠶᠢᠭᠤᠯᠵᠤ᠂ ᠰᠤᠷᠤᠭᠴᠢ ᠨᠢᠭᠡᠪᠦᠷᠢ ᠳᠤ ᠴᠥᠮ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠡᠳ᠋ᠯᠡᠭᠦᠯᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号