ᠦᠴᠦᠸᠠᠨ ᠰᠢᠶᠠᠨ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠲᠤᠭᠲᠠᠭᠠᠵᠤ ᠦᠨᠡᠮᠯᠡᠯ ᠣᠯᠭᠤᠬᠤ ᠡᠬᠢᠯᠡᠯᠲᠡ ᠶᠢᠨ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2018/6/29
         ᠳᠡᠭᠡᠳᠤ ᠱᠠᠲᠤᠨ ᠤ ᠱᠠᠭᠠᠷᠳᠠᠯᠭ᠎ᠠ ᠪᠠᠷ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠤᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠢᠭᠡᠳᠦᠯᠲᠠᠢ ᠤᠳᠤᠷᠢᠳᠤᠯᠭ᠎ᠠ ᠲᠤᠤᠷ᠎ᠠ᠂ ᠮᠠᠨ ᠤ ᠰᠢᠶᠠᠨ ᠤ ᠬᠤᠶᠠᠷ ᠵᠢᠯ ᠭᠠᠷᠤᠢ ᠶᠢᠨ ᠴᠠᠭ ᠵᠠᠷᠤᠴᠠᠭᠤᠯᠤᠭᠰᠠᠨ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠲᠤᠭᠲᠠᠭᠠᠬᠤ ᠠᠵᠢᠯ ᠰᠢᠪᠲᠤᠷᠠᠭᠠᠨ ᠳᠤ ᠪᠠᠨ ᠣᠷᠤᠪᠠ᠃      6 ᠳ᠋ᠤᠭᠠᠷ ᠰᠠᠷ᠎ᠠ ᠶᠢᠨ15 ᠤ ᠡᠳᠤᠷ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠨᠤᠲᠤᠭ ᠪᠡᠯᠴᠢᠭᠡᠷ ᠢ ᠬᠢᠨᠠᠨ ᠬᠠᠮᠢᠶᠠᠷᠠᠬᠤ ᠭᠠᠵᠠᠷ᠂ ᠪᠠᠷᠠᠭᠤᠨ ᠤᠯᠠᠭᠠᠨ ᠪᠤᠯᠠᠭ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠰᠧ ᠳ᠋ᠠ ᠶᠦᠩ ᠲᠤᠰᠬᠤᠨ ᠤ ᠵᠥᠪᠯᠯᠡᠯ ᠤᠨ ᠬᠠᠷᠢᠭᠤᠴᠠᠯᠭᠠᠲᠠᠨ ᠪᠠ ᠲᠤᠰᠬᠤᠨ ᠤ ᠵᠦᠪᠯᠡᠯ ᠤᠨ ᠬᠠᠷᠢᠶ᠎ᠠ ᠡᠯ᠎ᠡ ᠲᠤᠰᠬᠤᠨ ᠤ ᠲᠥᠯᠦᠭᠡᠯᠡᠭᠴᠢ ᠰᠧ ᠳ᠋ᠠ ᠶᠦᠩ ᠲᠤᠰᠬᠤᠨ ᠤ ᠵᠦᠪᠯᠡᠯ ᠳᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠵᠤ ᠦᠨᠡᠮᠯᠡᠯ ᠣᠯᠭᠤᠬᠤ ᠡᠬᠢᠯᠡᠯᠲᠡ ᠶᠢᠨ ᠶᠣᠰᠤᠯᠠᠯ ᠶᠠᠪᠤᠭᠳᠠᠭᠤᠯᠪᠠ᠃      ᠨᠤᠲᠤᠭ ᠪᠡᠯᠴᠢᠭᠡᠷ ᠨᠢ ᠪᠠᠶᠢᠭᠠᠯᠢ ᠶᠢᠨ ᠪᠡᠯᠴᠢᠭᠡᠷ ᠪᠠ ᠲᠠᠷᠢᠮᠠᠯ ᠪᠡᠯᠴᠢᠭᠡᠷ ᠢ ᠵᠢᠭᠠᠳᠠᠭ᠃ ᠪᠠᠶᠢᠭᠠᠯᠢ ᠶᠢᠨ ᠪᠡᠯᠴᠢᠭᠡᠷ ᠨᠢ ᠪᠡᠯᠴᠢᠭᠡᠷᠯᠢᠭ ᠭᠠᠵᠠᠷ᠂ ᠡᠪᠡᠰᠤᠲᠤ ᠠᠭᠤᠯᠠ᠂ ᠡᠪᠡᠰᠤᠲᠤ ᠬᠦᠲᠦᠯ ᠢ ᠪᠠᠭᠲᠠᠭᠠᠨ᠎ᠠ᠃ ᠲᠠᠷᠢᠮᠠᠯ ᠪᠡᠯᠴᠢᠭᠡᠷ ᠨᠢ ᠰᠠᠶᠢᠵᠢᠷᠠᠭᠤᠯᠤᠭᠰᠠᠨ ᠪᠡᠯᠴᠢᠭᠡᠷ ᠪᠠ ᠲᠠᠷᠢᠶᠠᠯᠠᠬᠤ ᠪᠠᠨ ᠵᠣᠭᠰᠤᠵᠤ ᠡᠪᠡᠰᠤ ᠪᠡᠯᠴᠢᠭᠡᠷ ᠢ ᠰᠡᠷᠭᠦᠭᠡᠭᠰᠡᠨ ᠭᠠᠵᠠᠷ ᠢ ᠪᠠᠭᠲᠠᠭᠠᠨ᠎ᠠ᠃ ᠬᠠᠮᠲᠤ ᠶᠢᠨ ᠦᠮᠴᠢᠯᠡᠯᠲᠤ ᠨᠤᠲᠤᠭ ᠪᠡᠯᠴᠢᠭᠡᠷ ᠪᠤᠶᠤ ᠬᠠᠤᠯᠢ ᠶᠤᠰᠤᠭᠠᠷ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠳᠤ ᠦᠭᠴᠦ ᠬᠡᠷᠡᠭᠯᠡᠭᠦᠯᠦᠭᠰᠡᠨ ᠤᠯᠤᠰ ᠤᠨ ᠦᠮᠴᠢᠯᠡᠯᠲᠤ ᠪᠤᠢ ᠪᠦᠬᠦᠢ ᠨᠤᠲᠤᠭ ᠪᠡᠯᠴᠢᠭᠡᠷ ᠢ ᠬᠠᠮᠲᠤ ᠶᠢᠨ ᠠᠵᠤ ᠠᠬᠤᠢ ᠶᠢᠨ ᠲᠤᠲᠤᠭᠠᠳᠤ ᠶᠢᠨ ᠭᠡᠷ ᠪᠦᠯᠢ ᠪᠤᠶᠤ ᠬᠤᠯᠪᠤᠭᠠᠲᠤ ᠡᠷᠦᠬᠡ ᠬᠠᠮᠲᠤ ᠪᠠᠷ ᠡᠵᠡᠩᠨᠡᠨ᠎ᠡ᠃ ᠤᠯᠤᠰ ᠤᠨ ᠦᠮᠴᠢᠯᠡᠯᠲᠤ ᠨᠤᠲᠤᠭ ᠪᠡᠯᠴᠢᠭᠡᠷ ᠢ ᠬᠡᠷᠡᠭᠯᠡᠬᠦ ᠡᠷᠬᠡ ᠪᠦᠬᠦᠢ ᠨᠢᠭᠡᠴᠡ ᠠᠴᠠ ᠲᠤᠲᠤᠭᠠᠳᠤ ᠶᠢᠨ ᠭᠡᠰᠢᠭᠦᠨ ᠳᠤ ᠪᠠᠨ ᠳᠠᠭᠠᠭᠠᠴᠢᠯᠠᠨ ᠦᠭᠴᠦ ᠡᠵᠡᠩᠨᠡᠭᠦᠯᠵᠤ ᠪᠤᠯᠤᠨ᠎ᠠ᠃      ᠪᠠᠷᠠᠭᠤᠨ ᠤᠯᠠᠭᠠᠨ ᠪᠤᠯᠠᠭ ᠪᠠᠯᠭᠠᠰᠤ ᠶᠢᠨ ᠰᠧ ᠳ᠋ᠠ ᠶᠦᠩ ᠲᠤᠰᠬᠤᠨ ᠤ ᠵᠦᠪᠯᠡᠯ ᠤᠨ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠲᠤᠭᠲᠠᠭᠠᠬᠤ ᠠᠵᠢᠯ ᠨᠡᠯᠢᠶᠡᠳ ᠤᠷᠤᠭᠰᠢᠲᠠᠢ ᠶᠠᠪᠤᠭᠳᠠᠪᠠ᠂ ᠪᠤᠯᠪᠠᠰᠤᠷᠠᠯ ᠵᠤᠬᠢᠶᠠᠨ ᠪᠠᠶᠢᠭᠤᠯᠬᠤ᠂ ᠮᠡᠷᠭᠡᠵᠢᠯ ᠤᠨ ᠮᠡᠲ᠋ᠧᠷᠢᠶᠠᠯ ᠪᠡᠯᠡᠳᠬᠡᠬᠦ᠂ ᠲᠤᠬᠠᠢ ᠶᠢᠨ ᠭᠠᠵᠠᠷ ᠤᠨ ᠪᠠᠶᠢᠴᠠᠭᠠᠯᠲᠠ ᠪᠤᠯᠤᠨ ᠵᠢᠷᠤᠭᠯᠠᠯ᠂ ᠬᠠᠳᠤᠯᠠᠩ ᠤᠨ ᠬᠡᠮᠵᠢᠯᠲᠡ ᠪᠠ ᠰᠢᠢᠳᠪᠦᠷᠢᠯᠡᠯᠲᠡ᠂ ᠬᠦᠮᠦᠷᠭᠡ ᠪᠠᠶᠢᠭᠤᠯᠬᠤ ᠪᠠ ᠮᠡᠳᠡᠭᠡ ᠵᠠᠩᠬᠢᠴᠢᠯᠠᠯᠲᠠ᠂ ᠪᠦᠷᠢᠳᠬᠡᠨ ᠬᠤᠷᠢᠶᠠᠩᠭᠤᠶᠢᠯᠠᠬᠤ᠂ ᠦᠨᠡᠮᠯᠡᠯ ᠣᠯᠭᠤᠬᠤ᠂ ᠳᠠᠩᠰᠠ ᠡᠪᠬᠡᠮᠡᠯ ᠳᠤ ᠣᠷᠤᠭᠤᠯᠬᠤ᠂ ᠲᠠᠭᠠᠭᠠᠴᠯᠠᠯᠲᠠ ᠲᠠᠩᠰᠠᠯᠠᠬᠤ ᠶᠢ ᠭᠤᠶᠤᠴᠢᠯᠠᠬᠤ᠂ ᠬᠢᠨᠠᠨ ᠪᠠᠶᠢᠴᠠᠭᠠᠵᠤ ᠬᠤᠷᠢᠶᠠᠨ ᠠᠪᠬᠤ ᠪᠠ ᠦᠷ᠎ᠡ ᠪᠦᠲᠦᠭᠡᠯ ᠢ ᠡᠮᠬᠢᠳᠬᠡᠨ ᠲᠤᠰᠢᠶᠠᠬᠤ ᠵᠡᠷᠭᠡ ᠠᠯᠢ ᠣᠯᠠᠨ ᠡᠷᠬᠡ ᠶᠢ ᠨᠣᠲᠠᠯᠠᠨ ᠲᠤᠭᠲᠠᠭᠠᠬᠤ ᠶᠠᠪᠤᠴᠠ ᠶᠢᠨ ᠳᠠᠷᠠᠭ᠎ᠠ᠂ ᠵᠠᠭᠠᠭᠯᠠᠯ ᠲᠤᠳᠤ᠂ ᠶᠠᠮᠠᠷᠴᠤ ᠮᠠᠳᠠᠭ ᠦᠭᠡᠢ ᠪᠣᠯ ᠲᠤᠷᠰᠢᠯᠲᠠ ᠶᠢᠨ ᠴᠢᠭ᠋ ᠪᠤᠯᠭᠠᠵᠤ ᠦᠨᠡᠮᠯᠡᠯ ᠣᠯᠭᠤᠨ᠎ᠠ᠃ ᠲᠤᠰ ᠤᠳᠠᠭᠠᠨ ᠤ ᠲᠠᠷᠬᠠᠭᠠᠭᠰᠠᠨ《 ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠨᠤᠲᠤᠭ ᠪᠡᠯᠴᠢᠭᠡᠷ ᠤᠨ ᠥᠮᠴᠢᠯᠡᠯ ᠤᠨ ᠡᠷᠬᠡ ᠶᠢᠨ ᠦᠨᠡᠮᠯᠡᠯ》ᠪᠠ《 ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ  ᠤ ᠨᠤᠲᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ》 ᠢ ᠰᠧ ᠳ᠋ᠠ ᠶᠦᠩ ᠲᠤᠰᠬᠤᠨ ᠤ ᠵᠦᠪᠯᠡᠯ ᠠᠴᠠ ᠬᠠᠮᠲᠤ ᠪᠠᠷ ᠬᠠᠳᠠᠭᠠᠯᠠᠨ᠎ᠠ᠃
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ