ᠴᠢᠩ ᠱᠦᠢ ᠾᠧ ᠰᠢᠶᠠᠨ 2018 ᠣᠨ ᠤ ᠪᠦᠬᠦ ᠰᠢᠶᠠᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-06-04
     6 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠴᠢᠩ ᠱᠦᠢ ᠾᠧ ᠰᠢᠶᠠᠨ 2018 ᠣᠨ ᠤ ᠪᠦᠬᠦ ᠰᠢᠶᠠᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠪᠠ᠃ ᠬᠤᠷᠠᠯ ᠤᠨ ᠭᠤᠣᠯ ᠡᠭᠦᠷᠭᠡ ᠪᠣᠯ ᠮᠠᠨ ᠤ ᠰᠢᠶᠠᠨ ᠤ ᠡᠨᠡ ᠵᠢᠯ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠳᠠᠯ ᠢ ᠵᠠᠳᠠᠯᠵᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠬᠤ ᠪᠣᠯᠣᠨ᠎ᠠ᠃      ᠰᠢᠶᠠᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠬᠡᠯᠲᠡᠰ ᠤᠨ ᠪᠠᠶᠢᠩᠭᠤ ᠶᠢᠨ ᠳᠡᠳ᠋ ᠶᠡᠷᠦᠩᠬᠡᠶ ᠵᠢᠯᠤᠭᠤᠳᠤᠭᠴᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠶᠦ᠋ᠨ᠂ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ᠂ ᠰᠢᠶᠠᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠳ᠋ᠠᠩ ᠶᠠᠩ ᠴᠢᠶᠣᠤ᠂ ᠱᠢ ᠰᠢᠶᠠ ᠭᠸᠦ ᠤᠰᠤᠨ ᠴᠥᠭᠦᠷᠥᠮ ᠤᠨ ᠬᠠᠷᠢᠭᠤᠴᠠᠯᠭᠠᠲᠠᠨ᠂ ᠰᠢᠶᠠᠨ ᠤ ᠦᠶᠡᠷ ᠢ ᠰᠡᠷᠭᠡᠶᠢᠯᠡᠬᠦ ᠠᠵᠢᠯ ᠤᠨ ᠠᠯᠪᠠᠨ ᠬᠡᠷ ᠪᠣᠯᠤᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠠᠩᠭᠢ ᠥᠷᠳᠡᠭᠡ ᠶᠢᠨ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠱᠠᠨᠰᠢ ᠮᠤᠵᠢ ᠶᠢᠨ ᠰᠦᠢᠳᠧ ᠰᠢᠶᠠᠨ ᠤ 2017 ᠣᠨ ᠤ ︽7· 26︾ ᠦᠶᠡᠷ ᠲᠠᠢ ᠲᠡᠮᠡᠴᠡᠵᠦ ᠭᠠᠮᠰᠢᠭ ᠠᠴᠠ ᠠᠪᠦᠷᠡᠬᠤ ᠦᠨᠡᠨ ᠪᠠᠶᠢᠳᠠᠯ ᠢ ᠲᠡᠮᠳᠡᠭᠯᠡᠬᠦ ᠺᠢᠨᠣ᠋ ᠶᠢ ᠰᠣᠨᠢᠷᠬᠠᠨ ᠦᠵᠡᠪᠡ᠃ ᠬᠤᠷᠠᠯ ᠳᠡᠭᠡᠷ᠎ᠡ᠂ ᠰᠢᠶᠠᠨ ᠴᠠᠭ ᠠᠭᠤᠷ ᠤᠨ ᠲᠣᠪᠴᠢᠶ᠎ᠠ ᠶᠢᠨ ᠳᠠᠷᠤᠭ᠎ᠠ ᠸᠠᠩ ᠬᠠᠶ ᠫᠢᠩ 2018 ᠣᠨ ᠤ ᠦᠶᠡᠷ ᠤᠨ ᠬᠤᠭᠤᠴᠠᠭᠠᠨ ᠤ ᠴᠠᠭ ᠠᠭᠤᠷ ᠤᠨ ᠵᠢᠱᠢᠯᠲᠡ ᠶᠢᠨ ᠲᠤᠬᠠᠢ ᠮᠡᠳᠡᠭᠡᠯᠡᠯ ᠢ ᠨᠡᠶᠢᠲᠡᠯᠡᠵᠦ᠂ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠰᠢᠨ ᠠᠴᠠ 2018 ᠣᠨ ᠤ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠡᠷᠬᠢᠯᠡᠭᠴᠢ ᠬᠡᠰᠢᠭᠦᠴᠢ ᠯᠢ ᠶᠦᠩ ᠫᠢᠩ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠶ᠃       ᠯᠢ ᠵᠢᠶᠦ᠋ᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠲᠤ᠂ ᠮᠠᠨ ᠤ ᠰᠢᠶᠠᠨ ᠣᠨᠴᠠ ᠶᠡᠭᠡ ᠦᠶᠡᠷ ᠤᠰᠤᠲᠤᠯ ᠤᠨ ᠭᠠᠮᠰᠢᠭ ᠭᠠᠷᠤᠭ᠎ᠠ ᠦᠭᠡᠢ ᠪᠠᠶᠢᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠭᠠᠮᠰᠢᠭ ᠲᠠᠢ ᠲᠡᠮᠡᠴᠡᠬᠦ ᠳᠤ ᠦᠵᠡᠯ ᠤᠬᠠᠮᠰᠠᠷ ᠨᠢ ᠪᠠᠭ᠋ᠠᠨ ᠰᠤᠯᠠᠷᠠᠵᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠡᠷᠬᠡᠪᠰᠢ ᠮᠢᠨᠴᠦᠭᠦᠷᠡᠬᠦ ᠦᠵᠡᠯ ᠰᠠᠨᠠᠭ᠎ᠠ ᠪᠣᠯᠣᠨ ᠭᠤᠷᠢᠳᠠᠬᠤ ᠪᠣᠳᠣᠯ ᠢ ᠢᠯᠠᠨ ᠳᠠᠪᠠᠵᠤ᠂ ᠳᠡᠭᠡᠳᠦ ᠬᠡᠮᠵᠢᠶ᠎ᠡ ᠪᠠᠷ ᠬᠦᠨᠳᠦᠳᠬᠡᠵᠦ᠂ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠡᠷᠲᠡ ᠠᠴᠠ ᠪᠣᠳᠣᠯᠬᠢᠯᠠᠵᠤ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠦᠶᠡᠷ ᠢ ᠰᠡᠷᠭᠡᠶᠢᠯᠡᠬᠦ ᠭᠠᠩ ᠬᠠᠭᠰᠠᠷᠠᠭᠠᠨ ᠲᠠᠢ ᠲᠡᠮᠡᠴᠡᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠶᠢ ᠦᠨᠡᠨᠬᠦ ᠨᠡᠮᠡᠭᠳᠡᠭᠦᠯᠬᠦ ᠬᠡᠷᠡᠭᠲᠡᠢ᠃ ᠯᠢ ᠵᠢᠶᠦ᠋ᠨ 2018 ᠣᠨ ᠤ ᠪᠦᠬᠦ ᠰᠢᠶᠠᠨ ᠤ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠭᠤᠷᠪᠠᠨ ᠱᠠᠭᠠᠷᠳᠠᠯᠭ᠎ᠠ ᠳᠤᠷᠠᠳᠪᠠ᠂ ᠨᠢᠭᠡ ᠳᠤ᠂ ᠪᠠᠶᠢᠳᠠᠯ ᠢ ᠲᠣᠳᠣᠷᠬᠠᠶ ᠲᠠᠨᠢᠵᠤ᠂ ᠦᠵᠡᠯ ᠰᠠᠨᠠᠭᠠᠨ ᠤ ᠲᠠᠯ᠎ᠠ ᠠᠴᠠ ᠡᠨᠡ ᠵᠢᠯ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ︔ ᠬᠤᠶᠠᠷ ᠲᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠦᠢᠯᠡ ᠠᠵᠢᠯᠯᠠᠭ᠎ᠠ ᠠᠴᠠ ᠪᠠᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠶ︔ ᠭᠤᠷᠪᠠ ᠳᠤ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠦᠷᠢᠮ ᠤᠨ ᠲᠠᠯ᠎ᠠ ᠠᠴᠠ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号