ᠰᠢᠨ᠎ᠡ  ᠬᠤᠲᠠ ᠲᠣᠭᠤᠷᠢᠭ ᠤᠨ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠦᠯᠲᠠ ᠶᠢᠨ  ᠲᠣᠪᠴᠢᠶ᠎ᠠ ᠶᠢᠨ ᠠᠵᠢᠯ ᠤᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2018-06-04
       ᠬᠥᠲᠥᠯᠥᠭᠴᠢ᠄ ᠥᠨᠥᠳᠦᠷ ᠤᠨ ᠮᠠᠨ ᠤ ᠤᠷᠢᠭᠰᠠᠨ ᠵᠣᠴᠢᠨ ᠪᠣᠯ ᠰᠢᠨ᠎ᠡ ᠬᠤᠲᠠ ᠲᠣᠭᠤᠷᠢᠭ ᠤᠨ ᠢᠳᠡᠭᠡᠨ‌‍ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳ᠋ᠠᠢ ᠼᠠᠢ ᠰᠢᠶᠠ ᠲᠣᠪᠴᠢᠶᠠᠨ ᠳᠠᠷᠤᠭ᠎ᠠ  ᠂ ᠬᠤᠭᠤᠯᠠ ᠤᠮᠳᠠᠭᠠᠨ  ᠤ ᠦᠢᠯᠡᠴᠢᠯᠡᠭᠡᠨ  ᠤ  ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠤᠨ ᠯᠢ ᠮᠧᠶ ᠵᠢᠶᠦ᠋ᠨ ᠡᠷᠬᠢᠯᠡᠭᠴᠢ᠂ ᠭᠦᠢᠯᠭᠡᠭᠡᠨ ᠤ  ᠬᠢᠨᠠᠯᠲᠠ ᠬᠠᠮᠢᠶᠠᠷᠦᠯᠲᠠ ᠶᠢᠨ ᠠᠯᠪᠠᠨ ᠭᠡᠷ ᠤᠨ ᠯᠢ ᠵᠢᠤᠢ ᠴᠢᠶᠠᠨ ᠡᠷᠬᠢᠯᠡᠭᠴᠢ᠂ ᠡᠮ ᠤᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠯᠢᠦ ᠵᠢᠶᠦ᠋ᠨ ᠡᠷᠬᠢᠯᠡᠭᠴᠢ ᠣᠷᠣᠯᠴᠠᠪᠠ  ᠃       ᠳ᠋ᠠᠢ ᠼᠠᠢ ᠰᠢᠶᠠ᠄ ︽ᠡᠷᠬᠢᠮ ᠵᠣᠴᠢᠨ︾᠄ ᠬᠥᠲᠥᠯᠥᠭᠴᠢ ᠰᠠᠶᠢᠨ  ᠦᠦ︖᠂ ᠰᠣᠨᠣᠰᠤᠭᠴᠢ ᠨᠠᠶᠢᠵᠠ ᠨᠠᠷ  ᠲᠠ ᠪᠦᠬᠦᠨ ᠰᠠᠶᠢᠨ ᠪᠠᠶᠢᠵᠠᠭᠠᠨ᠎ᠠ  ᠦᠦ︖᠂       ᠬᠥᠲᠥᠯᠥᠭᠴᠢ᠄ ᠰᠢᠨ᠎ᠡ ᠬᠤᠲᠠ‌‍ᠲ᠋ᠣᠭᠤᠷᠢᠭ ᠤᠨ ᠢᠳᠡᠭᠡᠨ ᠤ ᠵᠦᠢᠯ ᠡᠮ ᠤᠨ ᠵᠦᠢᠯ ᠤᠨ ᠲᠣᠪᠴᠢᠶ᠎ᠠ ᠨᠢᠭᠡᠨᠲᠡ ᠳᠥᠷᠪᠡᠳᠡᠬᠢ ᠤᠳᠠᠭ᠎ᠠ ᠮᠠᠨ ᠤ ᠫᠷᠦᠭᠷᠡᠮ  ᠳᠤ ᠵᠣᠴᠢᠨ ᠪᠣᠯᠵᠣ ᠰᠠᠭᠠᠲᠠᠵᠤ ᠪᠠᠶᠢᠨ᠎ᠠ᠃ ᠶᠠᠭᠤᠨ ᠤ ᠡᠮᠦᠨ᠎ᠡ ᠳ᠋ᠠᠶ ᠲᠣᠪᠴᠢᠶᠠᠨ ᠳᠠᠷᠤᠭ᠎ᠠ ᠠᠴᠠ ᠪᠢᠳᠡᠨ ᠳᠤ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠵᠦ ᠪᠠᠶᠢᠬᠤ ᠪᠠᠶᠢᠳᠠᠯ ᠢ ᠲᠠᠨᠢᠯᠴᠠᠭᠤᠯᠬᠤ ᠪᠠᠷ ᠪᠠᠶᠢᠨ᠎ᠠ᠃       ᠳ᠋ᠠᠢ ᠼᠠᠢ ᠰᠢᠶᠠ᠄ ᠣᠶᠢᠷ᠎ᠠ ᠶᠢᠨ ᠵᠢᠯ ᠤᠳ ᠲᠤ᠂ ᠮᠠᠨ ᠤ ᠲᠣᠪᠴᠢᠶ᠎ᠠ  ᠰᠢᠨ᠎ᠡ‌‍ᠲ᠋ᠣᠭᠤᠷᠢᠭ ‍ᠤᠨ‌ᠨᠠᠮ ᠤᠨ ᠬᠤᠷᠢᠶ᠎ᠠ᠂  ᠲᠣᠭᠤᠷᠢᠭ ᠤᠨ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠠ ᠬᠤᠲᠠ ᠶᠢᠨ ᠢᠳᠡᠭᠡᠨ ᠤ ᠵᠦᠢᠯ ᠡᠮ ᠤᠨ ᠵᠦᠢᠯ ᠤᠨ ᠲᠣᠪᠴᠢᠶᠠᠨ ᠤ  ᠵᠢᠯᠤᠭᠤᠳᠤᠯᠭ᠎ᠠ ᠳᠣᠣᠷ᠎ᠠ᠂ ᠠᠷᠠᠳ ᠣᠯᠠᠠ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ   ᠪᠠᠷ ᠭᠤᠣᠯ ᠡᠭᠦᠷᠭᠡ  ᠪᠣᠯᠭᠠᠭᠰᠠᠨ ᠪᠠᠷᠢᠮᠵᠢᠶᠠᠵᠢᠭᠰᠠᠨ  ᠴᠢᠳᠠᠮᠵᠢ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠠᠨ ᠪᠣᠯᠭᠠᠵᠤ᠂  ᠡᠩ ᠲᠡᠷᠢᠭᠦᠨ ᠳᠤ10 ᠪᠠᠷᠢᠮᠵᠢᠶᠠᠵᠢᠭᠰᠠᠨ ᠲᠠᠰᠤᠭ ᠢ  ᠪᠠᠶᠢᠭᠤᠯᠪᠠ᠃ ᠰᠤᠷᠭᠠᠭᠤᠯᠢ᠂ ᠬᠡᠦᠬᠡᠳ ᠤᠨ ᠠᠰᠠᠷᠠᠨ ᠬᠥᠮᠦᠵᠢᠭᠦᠯᠬᠦ ᠪᠠᠶᠢᠭᠤᠯᠤᠮᠵᠢ  ᠂ ᠬᠤᠭᠤᠯᠠᠨ ᠭᠡᠷ᠂ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠲᠦᠷᠭᠡᠨ ᠪᠠᠶᠢᠴᠠᠭᠠᠬᠤ ᠲᠠᠰᠤᠭ 12 ᠪᠠᠶᠢᠭᠤᠯᠵᠤ  ᠂ ᠰᠢᠯᠭᠠᠯᠲᠠ ᠪᠠᠷ ᠳᠠᠮᠵᠢᠨ ᠬᠢᠨᠠᠨ ᠬᠠᠮᠢᠶᠠᠷᠬᠤ ᠠᠵᠢᠯᠳᠡᠠ  55 ᠬᠥᠮᠦᠨ ᠡᠯᠡᠰᠴᠦ᠂ ᠬᠢᠨᠠᠨ ᠬᠠᠮᠢᠶᠠᠷᠬᠤ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠳᠠᠷᠠᠭ᠎ᠠ ᠨᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠣ 34 ᠵᠤᠷᠪᠤᠰ ᠢᠳᠡᠭᠡᠨ ᠤ  ᠵᠦᠢᠯ ᠤᠨ ᠠᠶᠤᠯᠭᠦᠢ ᠵᠢᠱᠢᠶ᠎ᠡ ᠦᠵᠡᠭᠦᠯᠬᠦ ᠵᠡᠭᠡᠯᠢ᠂ 392 ᠡᠯ᠎ᠡ ᠠᠵᠢᠯ  ᠲᠦᠷᠦᠯ ᠤᠨ ᠵᠢᠱᠢᠶ᠎ᠡ ᠦᠵᠡᠭᠦᠯᠬᠦ ᠳᠡᠯᠭᠡᠭᠦᠷ  ᠂ 6 ᠵᠢᠷᠤᠮᠵᠢᠭᠰᠠᠨ  ᠲᠠᠷᠢᠶᠠᠯᠠᠩ ᠤᠨ ᠪᠦᠳᠦᠭᠳᠡᠭᠦᠨ ᠤ ᠵᠠᠬ᠎ᠠ  ᠳᠡᠯᠭᠡᠭᠦᠷ ᠢ ᠪᠠᠶᠢᠭᠤᠯᠵᠠᠢ᠃ ᠣᠷᠴᠢᠨ  ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃  ︽ᠲᠣᠭᠤᠭᠠᠨ‌‍ᠭᠡᠷ ᠤᠨ ᠬᠤᠪᠢᠰᠬᠠᠯ︾ ᠲᠤᠰᠬᠠᠶ ᠳᠦᠷᠦᠯ ᠤᠨ ᠴᠡᠭᠴᠡᠯᠡᠨ ᠵᠠᠰᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ  ᠳᠡᠭᠡᠭᠰᠢᠯᠠᠭᠦᠯᠵᠦ  ᠂ ᠭᠤᠷᠪᠠᠨ ᠲᠤᠰᠬᠠᠶ  ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵︽ᠢᠳᠡᠭᠡᠨ ᠤ ᠵᠦᠢᠯ ‍ᠦᠨ‌‍ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠥᠰᠦᠯ︾᠂ ︽ᠰᠢᠨ᠎ᠡ ᠬᠤᠲᠠ ᠲᠣᠭᠤᠷᠢᠭ ᠤᠨ ᠬᠤᠭᠤᠯᠠ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠂ ︽ᠰᠢᠨ᠎ᠡ ᠬᠤᠲᠠ ᠲᠣᠭᠤᠷᠢᠭ ᠤᠨ ᠡᠮ ᠪᠠ ᠡᠮᠴᠢᠯᠡᠭᠡᠨ ᠤ ᠪᠠᠭᠠᠵᠢ ᠬᠡᠷᠡᠭᠯᠡᠭᠦᠷ ᠤᠨ ᠭᠡᠨᠡᠳᠲᠡ ᠶᠢᠨ ᠴᠢᠨᠠᠷᠲᠠᠶ ᠨᠡᠶᠢᠲᠡ ᠶᠢᠨ ᠠᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾︶ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠪᠠᠰᠤᠷᠠᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠠᠵᠢᠯ  ᠪᠠᠨ ᠴᠢᠩᠭᠠᠣᠬᠠᠨ᠂ ᠢᠳᠡᠭᠡᠨ ᠤᠮᠳᠠᠭᠠᠨ ᠤ  ᠤᠶᠤᠨᠴᠢ ᠠᠵᠤ ᠠᠬᠤᠶᠢᠯᠠᠯ  ᠶᠢᠨ ᠠᠵᠢᠯᠯᠠᠭ᠎ᠠ ᠥᠷᠨᠢᠭᠦᠯᠵᠦ᠂ ᠴᠠᠭ ᠲᠣᠬᠠᠢ ᠳᠤᠨᠢ ᠬᠢᠨᠠᠨ ᠡᠵᠡᠮᠳᠡᠬᠦ᠂ ︽ᠨᠢᠭᠡ ᠠᠵᠤ ᠠᠬᠤᠶᠢᠯᠠᠯ ᠨᠢᠭᠡ ᠳᠡᠰ︾ ᠪᠠᠶᠢᠭᠤᠯᠤᠯᠲᠠ ᠤᠨ ᠲᠤᠭ᠎ᠠ ᠪᠠᠷᠢᠮᠲᠠ ᠶᠢᠨ ᠬᠥᠮᠥᠷᠭᠡ ᠪᠣᠯᠤᠨ ᠠᠵᠤ  ᠠᠬᠤᠶᠢᠯᠠᠯ ᠤᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ᠂ ᠮᠡᠳᠡᠭᠡ ᠵᠠᠩᠭᠢᠵᠢᠯᠲᠠ  ᠪᠠᠨ ᠭᠦᠢᠴᠡᠳ ᠠᠰᠢᠭᠯᠠᠨ ᠬᠢᠨᠠᠨ ᠬᠠᠮᠢᠶᠠᠷᠬᠤ ᠠᠷᠭ᠎ᠠ ᠪᠠᠷᠢᠯ ᠪᠠᠨ ᠲᠠᠰᠦᠷᠦᠯᠲᠠ ᠦᠭᠡᠢ ᠳᠡᠭᠡᠭᠰᠢᠯᠠᠭᠦᠯᠦᠨ᠎ᠡ᠃       ᠬᠥᠲᠥᠯᠥᠭᠴᠢ᠄  ᠳ᠋ᠠᠶ ᠲᠣᠪᠴᠢᠶᠠᠨ ᠳᠠᠷᠤᠭ᠎ᠠ ᠨᠢ ᠣᠶᠢᠷ᠎ᠠ ᠶᠢᠨ ᠬᠤᠭᠤᠴᠠᠭᠠᠨ ᠤ ᠠᠵᠢᠯ ᠤᠨ ᠭᠤᠣᠯᠳᠠᠯᠭ᠎ᠠ ᠪᠠᠨ  ᠪᠠᠳᠡᠨ ᠳᠤ ᠲᠠᠨᠢᠯᠴᠠᠭᠤᠯᠤᠨ᠎ᠠ ᠦᠦ︖       ᠳ᠋ᠠᠢ ᠼᠠᠢ ᠰᠢᠶᠠ : ᠡᠨᠡ ᠵᠢᠯ ᠪᠢᠳᠡ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ  ᠂ ᠢᠳᠡᠭᠡᠨ ᠤ ᠵᠦᠢᠯ ᠤᠨ ᠠᠶᠤᠯᠭᠦᠶ ᠶᠢᠨ ᠠᠵᠢᠯ ᠲᠠᠢ ᠤᠶᠠᠯᠳᠤᠭᠤᠯᠤᠨ  ᠰᠢᠨ᠎ᠡ ᠲᠣᠭᠲᠠᠴᠠ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠢᠳᠡᠭᠡᠨ‌‍ᠤ ᠵᠦᠢᠯ ᠡᠮ ᠤᠨ ᠵᠦᠢᠯ ᠤᠨ ᠨᠡᠶᠢᠭᠡᠮ ᠤᠨ ᠬᠠᠮᠲᠤ ᠪᠠᠷ ᠵᠠᠰᠠᠬᠤ᠂ ᠣᠷᠣᠨ ᠪᠦᠰᠡ ᠶᠢᠨ ᠴᠢᠨᠠᠷᠲᠠᠶ  ᠂ ᠰᠢᠰᠲ᠋ᠧᠮᠲᠦ ᠴᠢᠨᠠᠷ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ  ᠠᠳᠡᠯ ᠬᠡᠷᠡᠭ ᠭᠠᠷᠬᠤ ᠦᠭᠡᠢ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠦ᠂ ᠤᠶᠤᠨᠴᠢ ᠬᠢᠨᠠᠨ ᠬᠠᠮᠢᠶᠠᠷᠤᠯᠲᠠ ᠶᠢ ᠶᠡᠬᠡᠪᠡᠷ ᠲᠦᠯᠬᠢᠨ ᠠᠬᠢᠭᠤᠯᠤᠨ᠎ᠠ᠂       ᠬᠥᠲᠥᠯᠥᠭᠴᠢ᠄ ᠨᠢᠳᠤᠨᠤᠨ ᠠᠴᠠ ᠡᠬᠢᠯᠡᠨ ︽ᠲᠣᠭᠤᠭᠠᠨ ᠭᠡᠷ ᠤᠨ ᠬᠤᠪᠢᠰᠬᠠᠯ︾ ᠤᠨ ᠠᠵᠢᠯ ᠢ ᠥᠷᠨᠢᠭᠦᠯᠵᠦ᠂  ᠡᠨᠡ ᠠᠵᠢᠯ ᠳᠤ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠂ ᠠᠷᠠᠳ ᠢᠷᠭᠡᠳ ᠬᠦᠯᠢᠶᠡᠨ ᠵᠥᠪᠰᠢᠶᠡᠷᠡᠵᠦ ᠪᠠᠶᠢᠭ᠎ᠠ ᠬᠡᠮᠵᠢᠶ᠎ᠡ ᠨᠢ ᠴᠦ ᠨᠡᠯᠢᠶᠡᠳ‌ᠥᠨᠳᠥᠷ᠂ ᠯᠢ ᠮᠧᠶ ᠵᠢᠶᠦ᠋ᠨ ᠡᠷᠬᠢᠯᠡᠭᠴᠢ  ᠲᠠ ᠨᠠᠷ ᠡᠨᠡ  ᠠᠵᠢᠯ ᠢ  ᠶᠠᠭᠠᠬᠢᠵᠦ ᠦᠷᠭᠦᠯᠵᠢᠯᠡᠨ ᠬᠢᠬᠦ ᠶᠤᠮ  ᠦᠦ︖       ᠯᠢ ᠮᠧᠶ ᠵᠢᠶᠦ᠋ᠨ᠄ ᠲᠡᠶᠢᠮᠦ ᠡ᠂  ᠪᠢᠳᠡ‌ᠡᠨᠡ ᠵᠢᠯ ᠲᠣᠬᠠᠢ ᠰᠠᠳᠣᠪᠲᠣ ᠠᠵᠢᠯ  ᠪᠠᠨ ᠦᠷᠭᠦᠯᠵᠢᠯᠡᠨ ᠬᠢᠬᠦ ᠪᠠᠷ ᠪᠠᠷᠠᠬᠤ ᠦᠭᠡᠢ ᠪᠠᠰᠠ ᠨᠠᠷᠢᠯᠢᠭ᠂ ᠪᠣᠳᠠᠲᠠᠶ ᠲᠠᠯ᠎ᠠ  ᠪᠠᠷ ᠶᠡᠭᠡ ᠬᠦᠴᠦ ᠲᠠᠯᠪᠢᠨ᠎ᠠ᠃ ᠢᠳᠡᠭᠡᠨ ᠤᠮᠳᠠᠭᠠᠨ ᠤ ᠶᠡᠷᠦᠩᠬᠡᠶ ᠣᠷᠴᠢᠨ ᠲᠣᠭᠤᠷᠢᠨ ᠢ ᠤᠯᠠᠮ ᠨᠢᠭᠡ ᠠᠯᠬᠤᠮ  ᠳᠡᠭᠡᠭᠰᠢᠯᠡᠭᠦᠯᠵᠦ  ᠂ ᠬᠤᠳᠠ ᠶᠢᠨ ᠣᠷᠴᠢᠨ ᠠᠬᠤᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠤᠨ ᠥᠷ᠎ᠡ ᠪᠦᠲᠦᠭᠡᠯ ᠢ ᠪᠠᠬᠢᠵᠢᠭᠦᠯᠬᠦ᠂ ᠮᠠᠨ ᠤ ᠲᠣᠪᠴᠢᠶ᠎ᠠ‌ᠡᠩ ᠲᠡᠷᠢᠭᠦᠨ ᠳᠤ  ︽ᠢᠳᠡᠭᠡᠨ ᠤ ᠵᠦᠢᠯ ᠤᠨ ᠠᠶᠤᠯᠭᠦᠶ 4D ᠬᠠᠮᠢᠶᠠᠷᠤᠯᠲᠠ ᠶᠢᠨ ᠬᠡᠪ ᠵᠠᠭᠪᠤᠷ︾ ᠢ ᠪᠦᠬᠦ ᠬᠦᠴᠦ ᠪᠠᠷ ᠬᠡᠷᠡᠭᠵᠢᠭᠦᠯᠦᠨ᠂ ᠲᠣᠪᠴᠢᠶᠠᠨ ᠤ ᠲᠦᠯᠦᠪᠯᠡᠭᠡ ᠪᠠᠷ ᠤᠷᠢᠳᠠᠪᠠᠷ 3 ᠵᠤᠷᠪᠤᠰ ᠢᠳᠡᠭᠡᠨ ᠤᠮᠳᠠᠭᠠᠨ ᠤ  ᠵᠡᠭᠡᠯᠢ ᠶᠢ  ᠰᠤᠭᠤᠴᠢᠨ4D ᠬᠠᠮᠢᠶᠠᠷᠤᠯᠲᠠ ᠶᠢᠨ ᠬᠡᠪ ᠵᠠᠭᠪᠤᠷ  ᠢ ᠲᠥᠪᠯᠡᠷᠡᠭᠦᠯᠦᠨ ᠥᠷᠨᠢᠭᠦᠯᠵᠦ᠂  ᠥᠨᠳᠥᠷ ᠪᠠᠷᠢᠮᠵᠢᠶ᠎ᠠ ᠪᠠᠷ ᠰᠣᠳᠣᠨ ᠪᠦᠲᠦᠭᠡᠯ ᠭᠠᠷᠭᠠᠨ ᠢᠳᠡᠭᠡᠨ  ᠤ ᠵᠦᠢᠯ ᠤᠨ ᠠᠶᠤᠯᠭᠦᠢ ᠵᠢᠱᠢᠶ᠎ᠡ ᠦᠵᠡᠭᠦᠯᠬᠦ ᠵᠡᠭᠡᠯᠢ ᠶᠢ  ᠡᠭᠦᠳᠦᠨ ᠪᠠᠶᠢᠭᠤᠯᠵᠤ ᠵᠢᠱᠢᠶ᠎ᠡ ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠨᠡ ᠬᠦ ᠰᠠᠭᠤᠷᠢᠨ ᠳᠡᠭᠡᠷ᠎ᠡ 8 — 9  ᠵᠤᠷᠪᠤᠰ  ᠵᠡᠭᠡᠯᠢ ᠶᠢ ᠰᠤᠩᠭᠤᠵᠤ᠂ ︽ᠪᠥᠬᠦ  ᠣᠷᠣᠨ ᠤ ᠵᠢᠱᠢᠶ᠎ᠡ ᠦᠵᠡᠭᠦᠯᠬᠦ ᠵᠡᠭᠡᠯᠢ ᠭᠤᠳᠤᠮᠵᠢ︾  ᠪᠣᠯᠭᠠᠨ  ᠬᠤᠭᠤᠯᠠ ᠤᠮᠳᠠᠭᠠᠨ  ᠤ ᠨᠢᠭᠡᠴᠡ ᠳᠤ ᠳᠡᠯᠭᠡᠷᠡᠭᠦᠯᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠦᠳᠦᠯᠦᠭᠴᠢ᠄ ᠯᠢ ᠡᠷᠬᠢᠯᠡᠭᠴᠢ ᠲᠠ ᠰᠠᠶ᠋ᠢᠬᠠᠨ ᠳᠤᠷᠠᠳᠤᠭᠰᠠᠨ4D ᠬᠠᠮᠢᠶᠠᠷᠤᠯᠲᠠ ᠪᠠᠨ ᠮᠠᠨ ᠳᠤ ᠳᠥᠭᠦᠮᠬᠡᠨ ᠲᠠᠨᠢᠯᠴᠠᠭᠤᠯᠵᠤ ᠥᠭᠭᠦᠨ᠎ᠡ ᠦᠦ︖       ᠯᠢ ᠮᠧᠶ ᠵᠢᠶᠦ᠋ᠨ  ᠄ 4D ᠬᠠᠮᠢᠶᠠᠷᠤᠯᠲᠠ ᠶᠢᠨ ᠬᠡᠪ ᠵᠠᠭᠪᠤᠷ᠂ ᠲᠤᠬᠠᠶᠢᠯᠠᠪᠠᠯ  ᠡᠮᠬᠢᠯᠡᠵᠦ ᠬᠠᠳᠠᠭᠠᠯᠠᠬᠤ ᠨᠢ ᠵᠢᠷᠤᠮᠲᠠᠢ᠂ ᠬᠠᠷᠢᠭᠤᠴᠠᠯᠭ᠎ᠠ ᠶᠢ ᠪᠣᠳᠠᠲᠠᠶ  ᠨᠠᠶᠢᠳᠠᠪᠦᠷᠢᠵᠢᠭᠤᠯᠬᠤ᠂  ᠠᠵᠢᠯ ᠮᠡᠷᠭᠡᠵᠢᠯ ᠤᠨ ᠪᠣᠯᠪᠠᠰᠤᠷᠠᠯ ᠪᠦᠷᠢᠨ᠂  ᠭᠦᠢᠴᠡᠳᠭᠡᠯ ᠶᠠᠪᠦᠴᠠ ᠲᠣᠳᠣᠷᠬᠠᠢ ᠪᠠᠶᠢᠬᠤ᠃      ᠬᠥᠲᠥᠯᠥᠭᠴᠢ᠄ ᠰᠤᠷᠤᠭᠴᠢᠳ ᠤᠨ ᠬᠤᠭᠤᠯᠠ ᠤᠮᠳᠠ ᠶᠢᠨ ᠠᠶᠤᠯᠭᠦᠢ ᠪᠣᠯ ᠪᠢᠳᠡ ᠤᠯᠠᠨ ᠢᠶᠠᠷ ᠢᠶᠠᠨ ᠶᠡᠷᠦ ᠶᠢᠨ ᠬᠠᠯᠠᠮᠵᠢᠯᠠ᠊ ᠠᠩᠬᠠᠷᠴᠤ ᠪᠠᠶᠢᠭ᠎ᠠ ᠠᠰᠠᠭᠤᠳᠠᠯ᠂ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠯ᠎ᠡ ᠵᠦᠢᠯ ᠤᠨ ︽ᠵᠢᠵᠢᠭ ᠬᠤᠭᠤᠯᠠᠨ ᠭᠡᠷ︾ ᠪᠠ ᠰᠤᠷᠭᠠᠭᠤᠯᠢ ᠶᠢᠨ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ᠂ ᠡᠳᠡᠭᠡᠷ ᠢᠳᠡᠭᠡᠨ ᠤᠮᠳᠠᠭᠠᠨ  ᠨᠢᠭᠡᠴᠡ ᠨᠢ ᠶᠡᠷᠦ ᠳᠡᠭᠡᠨ ᠡᠵᠡᠩᠨᠡᠯᠲᠡ ᠶᠢᠨ ᠭᠠᠵᠠᠷ   ᠨᠢ ᠳᠠᠯᠳᠠ᠂ ᠡᠵᠡᠩᠨᠡᠯᠲᠡ ᠶᠢᠨ ᠨᠥᠬᠦᠴᠡᠯ ᠠᠳᠠᠯᠢ ᠦᠭᠡᠢ ᠪᠠᠶᠢᠳᠠᠭ᠂  ᠡᠨᠡ ᠲᠠᠯ᠎ᠠ ᠪᠠᠷ ᠪᠢᠳᠠ ᠶᠠᠭᠠᠬᠢᠵᠤ ᠬᠠᠮᠢᠶᠠᠷᠬᠤ ᠪᠤᠢ︖       ᠯᠢ ᠮᠧᠶ ᠵᠢᠶᠦ᠋ᠨ  ᠄ ᠲᠡᠶᠢᠮᠦ ᠡ  ᠂  ᠰᠤᠷᠤᠭᠴᠢᠳ ᠤᠨ ᠢᠳᠡᠭᠡᠨ ᠣᠮᠳᠠᠭᠠᠨ ᠤ ᠠᠶᠣᠯᠭᠦᠢ ᠪᠣᠯ ᠶᠡᠷᠦ ᠨᠢ ᠪ᠊ ᠠᠷᠠᠳ ᠢᠷᠭᠡᠳ ᠤᠨ ᠠᠩᠬᠠᠷᠴᠤ ᠪᠠᠶᠢᠭ᠎ᠠ ᠬᠠᠯᠠᠭᠤᠨ ᠴᠡᠭ ᠂ ᠭᠤᠣᠯᠳᠠᠯᠭ᠎ᠠ ᠲᠠᠢ ᠠᠰᠠᠭᠤᠳᠠᠯ  ᠮᠦᠨ  ᠃ ᠤᠷᠳᠤ ᠬᠤᠭᠤᠴᠠᠭᠠᠨ ᠤ ᠲᠤᠷᠰᠢ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ  ᠡᠨᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂  ᠪᠠᠰᠠ ᠴᠤ ᠮᠠᠨ ᠤ ᠲᠣᠪᠴᠢᠶ᠎ᠠ ᠲᠣᠪᠴᠢᠶ᠎ᠠ ᠭᠤᠣᠯᠳᠠᠯᠭ᠎ᠠ ᠲᠠᠢ ᠠᠵᠢᠯ ᠪᠣᠯᠭᠠᠵᠤ᠂ ᠡᠨᠡ ᠵᠢᠯ ᠮᠠᠨ ᠤ ᠲᠣᠪᠴᠢᠶ᠎ᠠ ︽ᠵᠢᠵᠢᠭ ᠬᠤᠭᠤᠯᠠᠨ  ᠭᠡᠷ︾  ᠤᠨ ᠬᠠᠮᠢᠶᠠᠷᠦᠯᠲᠠ ᠶᠢᠨ ᠠᠵᠢᠯ ᠢ ᠣᠷᠴᠢᠨ  ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠭᠦᠷᠭᠡ  ᠪᠣᠯᠭᠠᠵᠤ  ᠂ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠳᠣᠣᠷᠠᠬᠢ ᠬᠡᠳᠦᠨ ᠲᠠᠯ᠎ᠠ ᠪᠠᠷ ᠠᠵᠢᠯ  ᠪᠠᠨ  ᠦᠷᠨᠢᠭᠦᠯᠦᠭᠰᠡᠨ ᠪᠠᠶᠢᠨ᠎ᠠ᠃ ᠨᠢᠭᠡ ᠳᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠶᠢᠳᠠᠯ ᠢ ᠡᠵᠡᠮᠰᠢᠬᠦ ᠬᠡᠷᠡᠭᠲᠡᠶ᠃ ᠬᠤᠶᠠᠷ ᠲᠤ ᠴᠢᠩᠭ᠎ᠠ ᠬᠢᠨᠠᠨ ᠬᠠᠷᠭᠤᠭᠤᠯᠵᠤ ᠦᠨᠡᠮᠯᠡᠯ ᠣᠯᠭᠤᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠭᠤᠷᠪᠠ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ  ᠬᠡᠷᠡᠭᠲᠡᠢ  ᠃ ᠲᠦᠷᠪᠡ ᠳᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠵᠢᠵᠢᠭ ᠬᠤᠭᠤᠯᠠᠨ ᠭᠡᠷ ᠬᠥᠲᠥᠯᠥᠨ ᠵᠢᠯᠣᠭᠤᠳᠴᠤ ᠪᠠᠶᠢᠭᠠᠳ ᠵᠢᠷᠤᠮᠵᠢᠭᠤᠯᠤᠨ ᠬᠥᠭᠵᠢᠭᠦᠯᠬᠦ ᠬᠡᠷᠡᠭᠲᠡᠶ᠃       ᠬᠥᠲᠥᠯᠥᠭᠴᠢ  ᠄ ᠣᠳᠠᠯ ᠦᠭᠡᠢ ᠵᠢᠭᠤᠯᠴᠢᠯᠠᠯ ᠤᠨ ᠥᠷᠨᠢᠭᠦᠨ ᠴᠠᠭ ᠬᠦᠷᠴᠦ ᠢᠷᠡᠯ᠎ᠡ᠂ ᠰᠢᠨ᠎ᠡ ᠬᠤᠲᠠ ᠲᠣᠭᠤᠷᠢᠭ ᠨᠢ ᠳᠠᠯᠠᠨ ᠬᠠᠷ᠎ᠠ ᠠᠭᠤᠯᠠ ᠵᠢᠨ‌ᠤᠢᠢᠷ᠎ᠠ ᠵᠠᠮ ᠨᠢ ᠵᠢᠭᠤᠯᠴᠢᠯᠠᠯ ᠤᠨ ᠦᠵᠡᠮᠵᠢᠲᠦ ᠣᠷᠣᠨ  ᠪᠣᠯᠵᠤ ᠴᠥᠭᠡᠨ ᠪᠤᠰᠤ ᠬᠤᠭᠤᠯᠠᠨ ᠭᠡᠷ  ᠪᠠᠶᠢᠳᠠᠭ᠂ ᠡᠳᠡᠭᠡᠷ ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯ ᠢ ᠬᠡᠷᠬᠢᠨ ᠬᠢᠭᠰᠡᠨ ᠪᠤᠢ︖      ᠯᠢ ᠮᠧᠶ ᠵᠢᠶᠦ᠋ᠨ  ᠄ ᠣᠳᠣᠬᠠᠨ ᠳᠤ᠂ ᠮᠠᠨ ᠤ ᠰᠢᠨ᠎ᠡ ᠬᠤᠲᠠ ᠲᠣᠭᠤᠷᠢᠭ ᠤᠨ ᠲᠠᠷᠢᠶᠠᠴᠢᠨ ᠠᠶᠢᠯ ᠤᠨ ᠵᠢᠭᠤᠯᠴᠢᠯᠠᠯ ᠤᠨ  ᠬᠤᠭᠤᠯᠠᠨ ᠭᠡᠷ 53  ᠪᠠᠶᠢᠨ᠎ᠠ᠂ ᠡᠷᠬᠢᠨ ᠲᠣᠭᠤᠷᠢᠨ ᠤ ᠬᠥᠳᠡᠭᠡ ᠲᠣᠰᠬᠤᠨ ᠤ ᠬᠤᠭᠤᠯᠠ ᠤᠮᠳᠠᠭᠠᠨ ᠨᠢᠭᠡᠴᠡ ᠶᠢᠨ 100 ᠭᠠᠷᠤᠶ ᠪᠠᠶᠢᠵᠤ ᠪᠢᠳᠡᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠮᠥᠨ᠃ ᠡᠮᠦᠨᠡᠬᠢ ᠬᠤᠭᠤᠴᠠᠭᠠᠨ  ᠳᠤ ᠮᠠᠨ ᠤ ᠲᠣᠪᠴᠢᠶ᠎ᠠ ᠨᠢᠭᠡᠨᠲᠡ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠳᠠᠭᠠᠭᠤᠯᠭ᠎ᠠ ᠳᠣᠣᠷ᠎ᠠ᠂ ᠡᠷᠭᠢᠨ ᠲᠣᠭᠤᠷᠢᠨ ᠤ ᠵᠤᠭᠠᠴᠠᠯ ᠤᠨ ᠦᠵᠡᠮᠵᠢ ᠶᠢᠨ ᠣᠷᠣᠨ᠂ ᠲᠠᠷᠢᠶᠠᠴᠢᠨ ᠠᠶᠢᠯ ᠤᠨ ᠵᠢᠭᠤᠯᠴᠢᠯᠠᠯ ᠤᠨ ᠬᠤᠭᠤᠯᠠ ᠣᠮᠳᠠᠭᠠᠨ ᠤ ᠨᠢᠭᠡᠴᠡ ᠶᠢ ᠰᠢᠮᠳᠠᠭᠤᠯᠤᠨ ᠪᠠᠶᠢᠴᠠᠭᠠᠵᠤ ᠰᠤᠳᠤᠯᠤᠯᠲᠠ ᠬᠢᠵᠦ᠂ ᠠᠰᠠᠭᠤᠳᠠᠯ ᠢ  ᠢᠯᠡᠷᠡᠭᠦᠯᠦᠨ  ᠰᠢᠢᠳᠪᠦᠷᠢᠯᠡᠬᠦ ᠠᠷᠭ᠎ᠠ ᠳᠤᠷᠠᠳᠴᠤ ᠴᠠᠭ ᠲᠤᠬᠠᠶ ᠳᠤᠨᠢ ᠬᠤᠯᠪᠣᠭᠳᠠᠯ ᠪᠦᠬᠦᠢ ᠠᠵᠢᠯ ᠲᠦᠷᠦᠯ ‍ᠦᠨ‌‍ᠲ᠋ᠥ᠋ᠰᠦᠯ ᠲᠣᠭᠲᠠᠭᠠᠵᠤ᠂  ᠲᠤᠰᠬᠠᠶ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ  ᠃ᠨᠢᠭᠡ ᠳᠤ ᠵᠦᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠨᠠᠷᠢᠯᠢᠭ ᠳᠡᠰ ᠬᠤᠪᠢᠶᠠᠨ  ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃ ᠬᠤᠶᠠᠷ ᠲᠤ ᠴᠡᠭᠴᠡᠯᠡᠨ ᠵᠠᠰᠠᠬᠤ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠶ᠃ ᠭᠤᠷᠪᠠ ᠳᠤ ᠭᠡᠷᠡᠴᠢ ᠪᠣᠯᠤᠨ ᠪᠠᠷᠢᠮᠲᠠ ᠠᠪᠬᠤ  ᠨᠠᠶᠢᠳᠠᠪᠤᠷᠢᠵᠢᠭᠤᠯᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠬᠡᠬᠦ ᠬᠡᠷᠡᠭᠲᠡᠶ᠃ ᠲᠦᠷᠪᠡ ᠳᠤ ᠲᠦᠭᠰᠢᠭᠦᠷᠢ  ᠢ ᠬᠢᠨᠠᠨ ᠬᠢᠵᠠᠭᠠᠷᠯᠠᠬᠤ᠂ ᠰᠤᠭᠤᠴᠠᠨ ᠪᠠᠶᠢᠴᠠᠭᠠᠬᠤ  ᠬᠦᠴᠦᠨ ᠢᠶᠠᠨ ᠨᠡᠮᠡᠭᠳᠡᠭᠦᠯᠬᠦ ᠬᠡᠷᠡᠭᠲᠡᠶ᠃ ᠲᠠᠪᠤ ᠳᠤ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠳᠡᠭᠡᠨ ᠤ ᠠᠶᠤᠯᠭᠦᠶ ᠶᠢ ᠪᠠᠲᠤᠯᠠᠨ᠎ᠠ᠃           ᠬᠥᠲᠥᠯᠥᠭᠴᠢ᠄ ᠣᠶᠢᠷ᠎ᠠ ᠶᠢᠨ ᠵᠢᠯ ᠠᠴᠠ ᠨᠠᠰᠢ᠂ ︽ᠢᠨᠲ᠋ᠤᠷ ᠰᠦᠯᠵᠢᠶ᠎ᠡ + ᠬᠤᠭᠤᠯᠠ ᠵᠠᠬᠢᠶᠠᠯᠠᠬᠤ︾ ᠨᠢ ᠮᠠᠨ ᠳᠤ ᠰᠢᠨ᠎ᠡ ᠬᠤᠭᠤᠯᠠ ᠵᠠᠬᠢᠶᠠᠯᠠᠨ ᠢᠳᠡᠬᠦ ᠭᠡᠯᠪᠡᠷᠢ ᠪᠣᠯᠵᠦ ᠪᠠᠶᠢᠨ᠎ᠠ᠂ ᠭᠡᠪᠡᠴᠦ ᠡᠵᠡᠩᠨᠡᠯᠲᠡ ᠶᠢᠨ ᠦᠨᠡᠮᠯᠡᠯ ᠦᠭᠡᠶ᠂ ᠪᠤᠵᠠᠷ ᠪᠠᠷᠤᠭᠲᠠᠶ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠤᠶ᠃ ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ ᠬᠢᠨᠠᠵᠤ ᠬᠠᠮᠢᠶᠠᠷᠬᠤ ᠠᠵᠢᠯ ᠢ ᠬᠡᠷᠬᠢᠨ ᠴᠢᠩᠭᠠᠳᠬᠠᠬᠤ ᠨᠢ ᠪᠢᠳᠡᠨ ᠤ ᠢᠮᠠᠭᠲᠠ ᠠᠩᠬᠠᠷᠴᠤ ᠪᠠᠶᠢᠭ᠎ᠠ ᠠᠰᠠᠭᠤᠳᠠᠯ᠂ ᠯᠢ ᠡᠷᠬᠢᠯᠡᠭᠴᠢ᠂ ᠪᠢᠳᠡ ᠣᠳᠣᠬᠠᠨ ᠳᠤ ᠮᠠᠨ ᠤ ᠲᠣᠪᠴᠢᠶ᠎ᠠ  ᠡᠨᠡ ᠠᠵᠢᠯ ᠢ ᠬᠡᠷᠬᠢᠨ‌‍ᠬᠢᠵᠦ ᠪᠠᠶᠢᠬᠤ ᠶᠢ ᠲᠠᠨᠢᠯᠴᠠᠭᠤᠯᠤᠨ᠎ᠠ   ᠦᠦ︖ ᠯᠢ ᠮᠧᠶ ᠵᠢᠶᠦ᠋ᠨ  ᠄ ᠨᠢᠳᠤᠨᠤᠨ ᠠᠴᠠ ᠡᠬᠢᠯᠡᠵᠦ ᠪᠢᠳᠠ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠣᠰᠣᠭᠠᠷ ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ ᠰᠢᠪᠳᠦᠷᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡ ᠡᠵᠡᠩᠨᠡᠭᠴᠢᠳ ᠤᠨ ᠵᠥᠪᠰᠢᠶᠡᠷᠡᠯ ᠣᠯᠭᠤᠭᠰᠠᠨ ᠪᠠᠶᠢᠳᠠᠯ᠂ ᠢᠳᠡᠭᠡᠨ ᠤᠮᠳᠠᠭᠠᠨ ᠤ ᠦᠢᠯᠡᠴᠢᠯᠡᠭᠡ ᠵᠢᠨ‌ᠡᠵᠡᠩᠨᠡᠭᠴᠢᠳ ‍ᠤᠨ‌‍ᠰᠦ᠋ᠯᠵᠢᠶᠡᠨ ᠳᠤ ᠣᠷᠣᠬᠤ ᠶᠢ ᠵᠢᠷᠤᠮᠵᠢᠭᠤᠯᠵᠤ᠂ ᠭᠤᠷᠪᠠᠳᠠᠬᠢ ᠡᠲᠡᠭᠡᠳ ᠤᠨ ᠡᠳ᠋ ᠪᠠᠷᠠᠭᠠᠨ ᠤ ᠭᠦᠢᠯᠭᠡᠭᠡ ᠺᠣᠮᠫᠠᠨᠢ ᠵᠢ᠊  ᠪᠠᠶᠢᠳᠠᠯ ᠢ ᠴᠡᠭᠴᠡᠯᠡᠨ ᠬᠠᠮᠢᠶᠠᠷᠴᠦ᠂ ᠵᠢᠯᠣᠭᠤᠳᠬᠤ ᠪᠠ ᠰᠢᠳᠬᠡᠯ ᠥᠭᠬᠦ ᠶᠢ ᠵᠡᠷᠭᠡᠪᠡᠷ ᠴᠢᠬᠤᠯᠠᠴᠢᠯᠠᠵᠤ᠂ ᠵᠢᠯᠣᠭᠤᠳᠬᠤ ᠪᠠᠷ ᠭᠤᠣᠯ ᠪᠣᠯᠭᠠᠵᠤ᠂ ᠰᠢᠳᠬᠡᠯ ᠢᠶᠠᠷ ᠳᠡᠳ᠋ᠯᠡᠭᠦᠯᠦᠨ ᠬᠥᠮᠦᠯᠢᠭ ᠬᠠᠤᠯᠢ ᠬᠡᠷᠡᠭᠵᠢᠭᠦᠯᠵᠦ᠂ ᠡᠯ᠎ᠡ ᠢᠳᠡᠭᠡᠨ ᠤ ᠵᠦᠢᠯ ᠡᠮ ᠤᠨ ᠵᠦᠢᠯ ᠤᠨ ᠡᠵᠡᠩᠨᠡᠯᠳᠡ ᠶᠢᠨ ᠡᠷᠦᠬᠡ ᠶᠢ ᠬᠡᠰᠡᠭ ᠬᠤᠪᠢᠶᠠᠨ ᠳᠠᠭᠠᠭᠠᠴᠢᠯᠠᠭᠤᠯᠤᠨ᠂ ᠬᠠᠷᠢᠭᠤᠴᠠᠯᠭ᠎ᠠ ᠶᠢ ᠠᠵᠢᠯᠲᠠᠨ ᠨᠢᠭᠡᠪᠦᠷᠢ ᠳᠤ ᠳᠠᠭᠠᠯᠭᠠᠨ ᠡᠷᠦᠬᠡ ᠳᠠᠷᠠᠭᠠᠯᠠᠨ ᠪᠠᠶᠢᠴᠠᠭᠠᠨ ᠳᠡᠪᠲᠡᠷᠯᠡᠵᠦ᠂ ᠨᠡᠶᠢᠳᠡᠮ ᠤᠨ ᠪᠠᠶᠢᠴᠠᠭᠠᠯᠲᠠ   ᠪᠠᠷ ᠪᠠᠶᠢᠳᠠᠯ ᠢ ᠣᠶᠢᠯᠠᠭᠠᠵᠦ ᠵᠢᠭᠠᠨ ᠵᠢᠯᠣᠭᠤᠳᠴᠤ  ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ ᠭᠤᠣᠯᠳᠠᠯᠭ᠎ᠠ ᠲᠠᠢ ᠪᠠᠷ  ᠪᠠᠶᠢᠴᠠᠭᠠᠵᠤ  ᠂ ᠬᠤᠭᠤᠯᠠ ᠤᠮᠳᠠᠭᠠᠨ ᠤ ᠦᠢᠯᠡᠴᠢᠯᠡᠭᠡᠨ ᠡᠵᠡᠩᠨᠡᠬᠦ  ᠵᠦᠪᠰᠢᠶᠡᠷᠡᠯ ᠤᠨ ᠦᠨᠡᠮᠯᠡᠯ  ᠪᠠᠶᠢᠬᠤ ᠡᠰᠡᠬᠦ᠂ ᠭᠤᠣᠯ ᠬᠠᠭᠤᠳᠠᠰᠤᠨ ᠨᠢᠭᠤᠷ ᠢᠯᠡ ᠪᠠᠶᠢᠷᠢᠨ ᠳᠤ ᠡᠵᠡᠩᠨᠡᠯᠲᠡ ᠶᠢᠨ ᠦᠨᠡᠮᠯᠡᠯ ᠢ ᠢᠳᠡᠭᠡᠨ ᠤᠮᠳᠠᠭᠠᠨ ᠤ  ᠦᠢᠯᠡᠴᠢᠯᠡᠭᠡ ᠶᠢᠨ ᠳᠡᠰ ᠵᠡᠷᠭᠡ ᠮᠡᠳᠡᠭᠡ ᠵᠠᠩᠭᠢ ᠶᠢ ᠮᠡᠳᠡᠭᠳᠡᠭᠰᠡᠨ ᠡᠰᠡᠬᠦ  ᠂ ᠰᠦᠯᠵᠢᠶᠡᠨ ᠳᠠᠬᠢ ᠵᠥᠪᠰᠢᠶᠡᠷᠡᠯ ᠤᠨ ᠦᠨᠡᠮᠯᠡᠯ ᠨᠢ ᠪᠣᠳᠠᠲᠠᠶ ᠵᠥᠪᠰᠢᠶᠡᠷᠡᠯ ᠤᠨ ᠦᠨᠡᠮᠯᠡᠯ   ᠲᠠᠢ ᠨᠢᠭᠡᠳᠦᠯᠲᠡᠶ ᠪᠠᠶᠢᠬᠤ ᠡᠰᠡᠬᠦ︔ ᠡᠵᠡᠩᠨᠡᠬᠦ ᠬᠠᠶ᠋ᠢᠭ᠂ ᠲᠥᠷᠥᠯ ᠵᠦᠢᠯ ᠵᠡᠷᠭᠡ ᠮᠡᠳᠡᠭᠡ ᠵᠠᠩᠭᠢ   ᠨᠢ ᠪᠣᠳᠠᠲᠤ ᠴᠣᠭᠴᠠᠲᠤ  ᠳᠡᠯᠭᠡᠭᠦᠷ ᠲᠠᠢ ᠨᠢᠭᠡᠳᠦᠯᠲᠡᠶ ᠪᠠᠶᠢᠬᠤ ᠡᠰᠡᠬᠦ᠃ ᠢᠳᠡᠭᠡᠨ ᠤᠮᠳᠠᠭᠠᠨ ᠤ  ᠰᠦᠯᠵᠢᠶᠡᠨ ᠳᠤ ᠣᠷᠣᠬᠤ ᠦᠢᠯᠡᠴᠢᠯᠡᠭᠡ ᠡᠵᠡᠩᠨᠡᠭᠴᠢᠳ ᠤᠨ ᠦᠨᠡᠮᠯᠡᠯ ᠲᠠᠢ ᠡᠰᠡᠬᠦ ᠶᠢ ᠬᠢᠨᠠᠨ ᠬᠠᠷᠭᠤᠭᠤᠯᠬᠤ ᠠᠵᠢᠯ᠂  ᠬᠠᠷᠢᠶ᠎ᠠ ᠣᠷᠣᠨ ᠳᠠᠭᠠᠨ ᠦᠨᠡᠮᠯᠡᠯ ᠦᠭᠡᠢ ᠪᠠᠷ ᠢᠳᠡᠭᠡᠨ ᠤᠮᠳᠠᠭᠠᠨ  ᠤ ᠦᠢᠯᠡᠴᠢᠯᠡᠭᠡ ᠡᠵᠡᠩᠨᠡᠭᠴᠢᠳ ᠤᠨ ᠰᠦᠯᠵᠢᠶᠡᠨ ᠳᠤ ᠣᠷᠣᠬᠤ ᠬᠠᠷᠢᠴᠠᠭᠤᠯᠤᠭᠰᠠᠨ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ ᠰᠢᠰᠲ᠋ᠧᠮ  ᠳᠤ ᠬᠠᠩᠭᠠᠭᠰᠠᠨ ᠨᠢ ᠨᠠᠷᠢᠨ ᠲᠣᠳᠣᠷᠬᠠᠶ᠂ ᠣᠳᠣᠬᠠᠨ ᠳᠤ ᠨᠢᠭᠡᠨᠲᠡ ᠰᠢᠭᠰᠢᠨ ᠪᠠᠶᠢᠴᠠᠭᠠᠵᠤ 51 ᠬᠠᠶ᠋ᠢᠭ ᠨᠢ ᠨᠡᠶᠢᠴᠡᠬᠦ ᠦᠭᠡᠢ᠂ ᠭᠡᠷᠡᠴᠢ ᠪᠢᠴᠢᠭ ᠳᠤᠲᠠᠭᠳᠠᠵᠤ ᠪᠠᠶᠢᠭ᠎ᠠ ᠵᠡᠷᠭᠡ ᠠᠰᠠᠭᠤᠳᠠᠯ ᠲᠠᠢ ᠬᠤᠳᠤᠯᠳᠠᠭᠠᠴᠢᠨ ᠤ ᠮᠡᠳᠡᠭᠡ ᠵᠠᠩᠭᠢ ᠶᠢ ᠢᠯᠡ ᠨᠡᠶᠢᠲᠡᠯᠡᠨ ᠠᠵᠤ ᠠᠬᠤᠶᠢᠯᠠᠯ ᠢ ᠵᠠᠬ᠎ᠠ ᠳᠡᠯᠭᠡᠭᠦᠷ ᠠᠴᠠ  ᠭᠠᠷᠭᠠᠵᠠᠢ᠃  ᠡᠭᠦᠨ ᠤ ᠬᠠᠮᠲᠤ ᠬᠤᠭᠤᠯᠠ ᠬᠦᠷᠭᠡᠬᠦ ᠲᠠᠯ᠎ᠠ ᠪᠠᠷ  ᠠᠶᠤᠯ ᠥᠭᠡᠢ ᠶᠢ ᠪᠠᠲᠤᠯᠠᠬᠤ ᠶᠢᠨ ᠲᠥᠯᠥᠭᠡ ᠡᠷᠡᠭᠦᠯ  ᠬᠠᠮᠠᠭᠠᠯᠠᠯ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠰᠦᠯᠵᠢᠶ᠎ᠡ ᠪᠠᠷ ᠬᠤᠭᠤᠯᠠ ᠵᠠᠬᠢᠶᠠᠯᠠᠬᠤ ᠳᠤ ᠭᠠᠷ ᠤᠨ ᠦᠰᠦᠭ ᠵᠢᠷᠤᠬᠤ  ᠶᠢ ᠬᠡᠷᠡᠭᠵᠢᠭᠦᠯᠵᠦ᠂ ᠭᠠᠷ ᠤᠨ ᠦᠰᠦᠭ ᠵᠢᠷᠤᠬᠤ ᠬᠡᠪ ᠬᠠᠪᠲᠠᠰᠤ ᠲᠠᠷᠬᠠᠭᠠᠵᠤ ᠥᠭᠭᠦᠭᠰᠡᠨ ᠡᠯ᠎ᠡ ᠢᠳᠡᠭᠡᠨ ᠤ ᠵᠦᠢᠯ᠂ ᠡᠮ ᠤᠨ  ᠵᠦᠢᠯ ᠤᠨ ᠭᠠᠵᠠᠷ ᠬᠤᠭᠤᠯᠠ ᠬᠦᠷᠭᠡᠬᠦ ᠭᠦᠢᠴᠡᠳᠬᠡᠬᠦ ᠶᠠᠪᠤᠴᠠ  ᠳᠤ ᠭᠠᠷ ᠤᠨ ᠦᠰᠦᠭ ᠵᠢᠷᠤᠵᠤ᠂ ᠢᠳᠡᠭᠡᠨ ᠢ ᠲᠣᠬᠢᠷᠠᠭᠤᠯᠤᠨ ᠬᠦᠷᠭᠡᠬᠦ ᠶᠠᠪᠤᠴᠠ ᠶᠢᠨ ᠪᠣᠬᠢᠷᠳᠤᠯ ᠥᠬᠡᠢ ᠪᠠᠶᠢᠬᠤ ᠢ ᠦᠨᠡᠨ ᠬᠦ ᠪᠠᠲᠤᠯᠠᠬᠤ ᠬᠡᠷᠡᠭᠲᠡᠶ᠃       ᠬᠥᠲᠥᠯᠥᠭᠴᠢ᠄ ᠡᠨᠡ ᠵᠢᠯ ᠠᠴᠠ ᠡᠬᠢᠯᠡᠵᠦ ᠮᠠᠨ ᠤ ᠬᠤᠳᠠ ᠶᠢᠨ ᠬᠤᠭ ᠨᠣᠪᠰᠢ ᠣᠪᠣᠭᠠᠯᠠᠬᠤ ᠪᠠᠶᠢᠳᠠᠯ ᠲᠦᠢᠯ ᠤᠨ ᠶᠡᠭᠡ ᠪᠠᠷ ᠰᠠᠶᠢᠵᠢᠷᠠᠵᠤ᠂ ᠢᠯᠠᠩᠭᠤᠶ᠎ᠠ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠭᠰᠠᠨ ᠪᠠᠶᠢᠳᠠᠯ ᠴᠥᠭᠡᠨ ᠪᠣᠯᠣᠯ᠎ᠠ᠂ ᠲᠠ ᠨᠠᠷ  ᠡᠨᠡ ᠠᠵᠢᠯ ᠢ ᠬᠡᠷᠬᠢᠨ ᠬᠢᠵᠦ ᠪᠠᠶᠢᠭ᠎ᠠ  ᠪᠣᠢ︖       ᠯᠢ ᠮᠧᠶ ᠵᠢᠶᠦ᠋ᠨ᠄ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠳᠠᠷᠦᠢ ᠲᠦᠷᠭᠡᠨ ᠵᠦᠭᠡᠭᠡᠪᠦᠷᠢᠯᠡᠨ ᠥᠷᠭᠡᠨ ᠤᠯᠠᠨ ᠰᠠᠭᠤᠭᠠᠯᠢ ᠠᠷᠠᠳ  ᠲᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ  ᠪᠣᠯᠭᠠᠬᠤ ᠶᠢᠨ ᠲᠦᠯᠦᠭᠡ ᠮᠠᠨ ᠤ ᠲᠣᠪᠴᠢᠶ᠎ᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠡᠷᠡᠭ ᠡᠷᠬᠢᠯᠡᠬᠦ ᠭᠠᠵᠠᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠦᠷᠠᠨ ᠬᠤᠭᠤᠯᠠᠨ ᠲᠢᠩᠬᠢᠮ ᠲᠣᠭᠤᠭᠠᠨ  ᠭᠡᠷ ᠤᠨ ᠬᠤᠭ ᠨᠣᠪᠰᠢ ᠶᠢ ᠴᠢᠳᠬᠤᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠦᠭᠴᠦ᠂ ᠬᠤᠭ ᠨᠣᠪᠰᠢ ᠶᠢ ᠳᠤᠷ᠎ᠠ ᠪᠠᠷ ᠬᠠᠶᠠᠬᠤ ᠬᠠᠤᠯᠢ  ᠵᠥᠷᠢᠴᠡᠭᠰᠡᠨ ᠦᠢᠯᠡ ᠠᠵᠢᠯᠯᠠᠭ᠎ᠠ  ᠳᠤ 3200 ᠢᠯᠡᠭᠦᠦ ᠬᠤᠪᠢ ᠠᠯᠪᠠᠨ ᠵᠠᠷᠯᠠᠯ ᠲᠷᠬᠠᠭᠠᠵᠦ᠂ ᠡᠵᠡᠩᠨᠡᠭᠴᠢ ᠶᠢ ᠰᠢᠪᠠᠳᠠᠨ ᠡᠳᠦᠷ ᠪᠦᠷᠢ ᠶᠢᠨ ᠴᠡᠪᠡᠷᠯᠡᠨ ᠲᠡᠭᠡᠭᠡᠪᠦᠷᠢᠯᠡᠬᠦ ᠱᠠᠭᠠᠷᠳᠠᠯᠭ᠎ᠠ  ᠶᠢ ᠴᠢᠩᠭ᠎ᠠ ᠬᠡᠷᠡᠭᠵᠢᠭᠦᠯᠵᠦ᠂ ᠴᠡᠪᠡᠷᠯᠡᠨ ᠲᠡᠭᠡᠭᠡᠪᠦᠷᠢᠯᠡᠬᠦ  ᠲᠡᠮᠳᠡᠭᠯᠡᠯ ᠢᠶᠠᠨ ᠰᠠᠶᠢᠲᠤᠷ ᠬᠢᠵᠦ  ᠂ ᠬᠤᠭ ᠨᠣᠪᠰᠢ ᠶᠢ ᠳᠤᠷ᠎ᠠ ᠪᠠᠷ ᠬᠠᠶᠠᠬᠤ ᠦᠢᠯᠡ ᠠᠵᠢᠯᠯᠠᠭ᠎ᠠ ᠶᠢ  ᠪᠠᠶᠢᠴᠠᠭᠠᠵᠦ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠠᠯᠬᠤᠮ ᠠᠯᠬᠤᠮ ᠢᠶᠠᠷ ᠢᠳᠡᠭᠡᠨ ᠤᠮᠳᠠᠭᠠᠨ ᠤ  ᠨᠢᠭᠡᠴᠡ ᠳᠤ ᠠᠵᠢᠯᠯᠠᠵᠤ ᠪᠠᠶᠢᠭ᠎ᠠ ᠬᠥᠮᠦᠰ ᠤᠨ ᠳᠤᠷ᠎ᠠ ᠪᠠᠷ ᠢᠶᠠᠨ ᠬᠤᠭ ᠨᠣᠪᠰᠢ ᠶᠢ  ᠬᠠᠶᠠᠬᠤ ᠦᠭᠡᠢ ᠰᠠᠶᠢᠨ ᠵᠠᠩᠰᠢᠯ ᠲᠠᠢ  ᠪᠣᠢ ᠪᠣᠯᠭᠠᠬᠤ   ᠪᠠᠷ ᠴᠢᠷᠮᠠᠶᠢᠵᠠᠢ᠃       ᠬᠥᠲᠥᠯᠥᠭᠴᠢ᠄  ᠲᠠᠷᠢᠶᠠᠯᠠᠩ ᠤᠨ ᠪᠦᠲᠦᠭᠳᠡᠭᠦᠨ ᠤ ᠵᠠᠬ᠎ᠠ ᠳᠡᠯᠭᠡᠭᠦᠷ  ᠤᠨ ᠢᠳᠡᠭᠡᠨ ᠣᠮᠳᠠᠭᠠᠨ ᠤ ᠴᠢᠨᠠᠷ ᠴᠢᠨᠰᠠᠭ᠎ᠠ ᠨᠢ‌ᠠᠷᠠᠳ ᠣᠯᠠᠨ ᠤ ᠡᠳᠦᠷ ᠲᠤᠲᠤᠮ ᠤᠨ ᠠᠮᠢᠳᠦᠷᠠᠯ   ᠲᠠᠢ ᠰᠢᠭᠤᠳ ᠬᠤᠯᠪᠣᠭᠳᠠᠵᠤ ᠪᠠᠶᠢᠳᠠᠭ᠃ ᠯᠢ ᠵᠢᠤᠢ ᠴᠢᠶᠠᠨ ᠡᠷᠬᠢᠯᠡᠭᠴᠢ ᠡᠳᠡᠭᠡᠷ ᠵᠠᠬ᠎ᠠ ᠳᠡᠯᠭᠡᠭᠦᠷ ᠢ ᠴᠡᠭᠴᠡᠯᠡᠬᠦ  ᠳᠤ ᠶᠠᠮᠠᠷ ᠶᠠᠮᠠᠷ ᠪᠣᠳᠠᠲᠠᠶ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠤᠭᠰᠠᠨ ᠪᠤᠢ︖       ᠯᠢ ᠵᠢᠤᠢ ᠴᠢᠶᠠᠨ  ᠄ ᠶᠠᠭᠤᠨ ᠤ ᠡᠮᠦᠨ᠎ᠡ ᠪᠢᠳᠡ ᠭᠤᠣᠯᠳᠠᠯᠭ᠎ᠠ   ᠪᠠᠨ ᠠᠳᠬᠤᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠪᠠ ᠡᠵᠡᠩᠨᠡᠬᠦ ᠡᠷᠦᠬᠡ ᠶᠢᠨ ᠢᠳᠡᠭᠡᠨ  ᠣᠮᠳᠠᠭᠠᠨ ᠤ ᠠᠶᠤᠯ  ᠭᠡᠨᠳᠡᠯ ᠤᠨ ᠤᠬᠠᠭᠤᠯᠭ᠎ᠠ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠵᠠᠬ᠎ᠠ ᠳᠡᠯᠭᠡᠭᠦᠷ ᠤᠨ ᠵᠢᠷᠤᠮᠵᠢᠭᠤᠯᠬᠤ ᠪᠠᠶᠢᠭᠤᠯᠤᠯᠲᠠ ᠶᠢᠨ ᠲᠤᠬᠠᠶ ᠲᠠᠨᠢᠯᠲᠠ ᠪᠠᠨ  ᠳᠡᠭᠡᠭᠰᠢᠯᠡᠭᠦᠯᠦᠨ᠎ᠡ᠃ ᠳᠠᠷᠠᠭ᠎ᠠ ᠨᠢ ᠢᠳᠡᠰᠢᠨ ᠨᠣᠭᠤᠭ᠎ᠠ ᠮᠢᠬ᠎ᠠ ᠭᠦᠢᠯᠭᠡᠭᠡᠨ ᠤ  ᠡᠯᠧᠺᠲᠷᠤᠨ ᠮᠥᠷᠳᠡᠨ ᠬᠠᠮᠢᠶᠠᠷᠬᠤ ᠲᠠᠪᠴᠠᠩ ᠢ ᠪᠠᠶᠢᠭᠤᠯᠵᠤ᠂ ᠡᠯ᠎ᠡ ᠡᠵᠡᠩᠨᠡᠭᠴᠢ  ᠶᠢᠨ ᠪᠠᠶᠢᠳᠠᠯ  ᠢ ᠦᠨᠡᠨ ᠪᠣᠳᠠᠳᠠᠢ ᠲᠡᠮᠳᠡᠭᠯᠡᠵᠦ  ᠂ ᠣᠪᠣᠭ ᠨᠡᠷ᠎ᠡ᠂ ᠬᠤᠯᠪᠣᠭ᠎ᠠ ᠠᠪᠬᠤ ᠠᠷᠭ᠎ᠠ ᠬᠡᠯᠪᠡᠷᠢ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠵᠡᠷᠭᠡ ᠭᠡᠷᠡᠴᠢ ᠮᠠᠲ᠋ᠧᠷᠢᠶᠠᠯ  ᠠᠪᠬᠤ᠂ ᠬᠥᠬᠡᠬᠤᠲᠠ ᠶᠢᠨ ᠮᠢᠬ᠎ᠠ ᠨᠣᠭᠤᠭ᠎ᠠ ᠭᠦᠢᠯᠭᠡᠭᠡᠨ ᠤ  ᠴᠢᠨᠠᠷ ᠢ ᠮᠥᠷᠳᠡᠨ ᠬᠠᠮᠢᠶᠠᠷᠬᠤ ᠲᠠᠪᠴᠠᠩ   ᠪᠠᠷ ᠡᠵᠡᠩᠨᠡᠭᠴᠢ ᠶᠢᠨ ᠡᠯᠧᠺᠲᠷᠣᠨ ᠳᠠᠩᠰᠠ ᠡᠪᠬᠡᠮᠡᠯ᠂ ᠦᠢᠯᠡᠳᠬᠦᠨ  ᠤ ᠴᠢᠨᠠᠷ  ᠢ ᠮᠥᠷᠳᠡᠵᠦ ᠪᠣᠯᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ ᠲᠦᠷᠭᠡᠨ ᠪᠠᠶᠢᠴᠠᠭᠠᠬᠤ ᠲᠠᠰᠤᠭ ᠢ ᠪᠠᠶᠢᠭᠤᠯᠵᠤ ᠵᠠᠬ᠎ᠠ ᠳᠡᠯᠭᠡᠭᠦᠷ ᠤᠨ ᠢᠯᠡᠷᠬᠡᠶ ᠭᠠᠵᠠᠷ ᠲᠤ ᠪᠠᠶᠢᠴᠠᠭᠠᠨ  ᠰᠢᠯᠭᠠᠬᠤ ᠲᠠᠰᠤᠭ ᠭᠠᠷᠭᠠᠨ᠂ ᠲᠦᠷᠭᠡᠨ ᠰᠢᠯᠭᠠᠨ ᠬᠡᠮᠵᠢᠬᠦ ᠲᠥᠬᠦᠭᠡᠷᠦᠮᠵᠢ ᠪᠠ ᠠᠵᠢᠯᠲᠠᠨ ᠲᠦᠷᠭᠡᠨ ᠪᠠᠶᠢᠴᠠᠭᠠᠵᠤ ᠰᠢᠯᠭᠠᠬᠤ  ᠴᠢᠳᠠᠪᠦᠷᠢ ᠶᠢ   ᠪᠦᠷᠢᠯᠳᠦᠭᠦᠯᠦᠭᠰᠡᠨ  ᠪᠠᠶᠢᠨ᠎ᠠ       ᠬᠥᠲᠥᠯᠥᠭᠴᠢ᠄ ᠨᠢᠳᠤᠨᠤᠨ ᠪᠢᠳᠡ ᠣᠶᠢᠯᠠᠭᠠᠵᠤ ᠮᠡᠳᠡᠭᠰᠡᠨ ᠪᠠᠷ ᠥᠪᠡᠷᠲᠡᠭᠡᠨ ᠵᠠᠰᠠᠬᠤ  ᠣᠷᠣᠨ ᠤ ᠢᠳᠡᠭᠡᠨ ᠪᠣᠯᠤᠨ ᠡᠮ ᠤᠨ ᠲᠣᠪᠴᠢᠶ᠎ᠠ ᠴᠢᠨᠠᠷ ᠤᠨ ᠠᠶᠤᠯᠭᠦᠶ ᠮᠢᠬ᠎ᠠ ᠢᠳᠡᠰᠢᠨ ᠨᠣᠭᠤᠭᠠᠨ ᠤ ᠳᠡᠯᠭᠡᠭᠦᠷ ᠤᠨ   ᠠᠵᠢᠯ ᠢ ᠵᠣᠬᠢᠶᠡᠨ ᠪᠠᠶᠢᠭᠤᠯᠵᠠᠢ᠂  ᠡᠨᠡ ᠬᠦ ᠠᠵᠢᠯ ᠢ ᠰᠢᠨ᠎ᠡ ᠬᠤᠲᠠ ᠲᠣᠭᠤᠷᠢᠭ  ᠶᠠᠭᠠᠬᠢᠵᠤ ᠬᠢᠭᠰᠡᠨ ᠪᠤᠶ︖      ᠯᠢ ᠵᠢᠤᠢ ᠴᠢᠶᠠᠨ  ᠄  ᠬᠡᠳᠦ ᠳᠡᠯᠭᠡᠭᠦᠷ ᠤᠨ ᠢᠳᠡᠭᠡᠨ ᠤ ᠠᠶᠤᠯ ᠥᠭᠡᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠢᠬ᠎ᠠ ᠢᠳᠡᠰᠢᠨ ᠨᠣᠭᠤᠭ᠎ᠠ ᠵᠡᠷᠭᠡ  ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠠᠮᠢᠶᠠᠷᠤᠯᠲᠠ᠂ ᠬᠡᠷᠡᠭᠯᠡᠭᠴᠢᠳ ᠲᠤ ᠴᠢᠨᠠᠷ ᠤᠨ ᠠᠶᠤᠯᠭᠦᠶ ᠮᠢᠬ᠎ᠠ ᠢᠳᠡᠰᠢᠨ ᠨᠣᠭᠤᠭ᠎ᠠ ᠬᠠᠩᠭᠠᠬᠤ ᠪᠠᠷ ︽ᠴᠢᠨᠠᠷ ‍ᠤᠨ‌ᠠᠶᠤᠯᠭᠦᠶ‌ᠮᠢᠬ᠎ᠠ ᠨᠣᠭᠤᠭ᠎ᠠ ᠵᠢᠱᠢᠶ᠎ᠡ ᠦᠵᠡᠭᠦᠯᠬᠦ ᠬᠡᠳᠦ ᠳᠡᠯᠭᠡᠭᠦᠷ︾  ᠢ ᠡᠭᠦᠳᠦᠨ ᠪᠠᠶᠢᠭᠤᠯᠵᠤ ᠨᠢᠳᠤᠨᠤᠨ ᠪᠢᠳᠡ ᠪᠡᠭᠡᠵᠢᠩ ᠤᠨ ᠬᠤᠸᠠ ᠯᠢᠶᠠᠨ ᠬᠡᠳᠦ ᠳᠡᠯᠭᠡᠭᠦᠷ ᠤᠨ  ᠪᠢᠨ ᠬᠠᠢ  ᠳᠡᠯᠭᠡᠭᠦᠷ ᠢ ᠮᠠᠨ ᠤ ᠣᠷᠣᠨ ᠤ ᠠᠩᠬᠠᠳᠠᠭᠴᠢ   ᠴᠢᠨᠠᠷ ᠤᠨ ᠠᠶᠤᠯᠭᠦᠶ ᠮᠢᠬ᠎ᠠ ᠨᠣᠭᠤᠭᠠᠨ ᠵᠢᠱᠢᠶ᠎ᠡ ᠦᠵᠡᠭᠦᠯᠬᠦ ᠳᠡᠯᠭᠡᠭᠦᠷ ᠪᠠᠷ  ᠨᠡᠷᠡᠯᠡᠵᠦ᠂ ᠳᠡᠯᠭᠡᠭᠦᠷ ᠤᠨ ᠬᠠᠷᠢᠭᠤᠴᠠᠯᠭᠠᠲᠠᠨ ᠪᠠ ᠠᠵᠢᠯᠲᠠᠳ ᠤᠨ ᠢᠳᠡᠪᠬᠢᠲᠡᠶ ᠪᠠᠷ ᠬᠠᠮᠵᠢᠯᠴᠠᠭ᠎ᠠ ᠪᠠᠷ ᠬᠡᠳᠦ ᠳᠡᠯᠭᠡᠭᠦᠷ ᠲᠤ ᠢᠳᠡᠭᠡᠨ ᠤ  ᠴᠢᠨᠠᠷ ᠢ ᠲᠦᠷᠭᠡᠨ  ᠪᠠᠶᠢᠴᠠᠭᠠᠬᠤ  ᠲᠠᠰᠤᠭ ᠭᠠᠷᠭᠠᠨ ᠡᠳᠦᠷ ᠪᠦᠷᠢ  ᠳᠡᠯᠭᠡᠭᠦᠷ ᠤᠨ ᠣᠷᠣᠭᠤᠯᠣᠭᠰᠨᠠ ᠮᠢᠬ᠎ᠠ ᠢᠳᠡᠰᠢᠨ ᠨᠣᠭᠤᠭ᠎ᠠ ᠶᠢ ᠲᠦᠷᠭᠡᠨ ᠪᠠᠶᠢᠴᠠᠭᠠᠵᠤ  ᠂ ᠪᠠᠶᠢᠴᠠᠭᠠᠯᠲᠠ ᠶᠢᠨ ᠳ᠋ᠦᠩ ᠪᠠᠨ ᠵᠠᠷᠯᠠᠨ‌ᠠᠷᠠᠳ ᠢᠷᠭᠡᠳ ᠰᠠᠨᠠᠭ᠎ᠠ ᠠᠮᠤᠷ ᠬᠤᠳᠠᠯᠳᠤᠨ  ᠠᠪᠬᠤ  ᠪᠠᠳᠤᠯᠠᠭ᠎ᠠ ᠶᠢ  ᠬᠠᠩᠭᠠᠵᠠᠢ᠃ ᠬᠡᠳᠦ ᠳᠡᠯᠭᠡᠭᠦᠷ ᠪᠠᠰᠠ ᠢᠳᠡᠰᠢᠨ ᠨᠣᠭᠤᠭ᠎ᠠ ᠲᠠᠷᠢᠬᠤ ᠰᠠᠭᠤᠷᠢᠨ ᠭᠠᠵᠠᠷ   ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ  ᠲᠣᠭᠲᠠᠵᠤ  ᠂ ᠣᠬᠢ ᠰᠠᠶᠢᠨ ᠢᠳᠡᠰᠢᠨ ᠨᠣᠭᠤᠭ᠎ᠠ ᠶᠢᠨ ᠲᠤᠰᠬᠠᠶ ᠪᠣᠯᠣᠩ ᠭᠠᠷᠭᠠᠨ ᠡᠷᠳᠡᠨᠢ ᠮᠢᠬᠠᠨ ᠤ ᠦᠢᠯᠡᠰ᠂ ᠮᠧᠩ ᠶᠠᠩ ᠬᠤᠨᠢᠨ ᠮᠢᠬᠠᠨ ᠤ ᠦᠢᠯᠡᠰ ᠤᠨ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠠᠵᠤ᠂ ᠮᠢᠬᠠᠨ ᠤ ᠲᠤᠰᠬᠠᠶ ᠯᠠᠩᠭᠦᠶ  ᠪᠠᠶᠢᠭᠤᠯᠵᠤ ᠳᠦᠭᠦᠮ ᠦᠵᠡᠭᠦᠯᠦᠨ᠂ ᠠᠷᠠᠳ  ᠣᠯᠠᠨ ᠤ ᠮᠠᠭᠲᠠᠭᠠᠯ  ᠰᠠᠶᠢᠰᠢᠶᠠᠯ ᠢ ᠣᠯᠤᠭᠰᠠᠨ ᠪᠠᠶᠢᠨ᠎ᠠ᠃       ᠬᠥᠲᠥᠯᠥᠭᠴᠢ᠄ ᠨᠡᠶᠢᠭᠡᠮ ᠤᠨ ᠲᠠᠪᠰᠢᠯᠳᠠ ᠂ ᠠᠷᠠᠳ ᠲᠦᠮᠡᠨ ᠤ ᠠᠮᠢᠳᠤᠷᠠᠯ ᠤᠨ ᠬᠡᠮᠵᠢᠶ᠎ᠡ ᠳᠡᠭᠡᠭᠰᠢᠯᠡᠭᠰᠡᠨ ᠠᠴᠠ ᠣᠯᠠᠨ  ᠲᠦᠮᠡᠨ ᠥᠪᠡᠷ ᠤᠨ ᠪᠡᠶ᠎ᠡ ᠮᠠᠬᠠᠪᠤᠳ ᠢᠶᠠᠨ ᠰᠤᠪᠢᠯᠠᠬᠤ ᠰᠢᠨ᠎ᠡ ᠱᠠᠭᠠᠷᠳᠠᠯᠭ᠎ᠠ ᠲᠠᠢ ᠪᠣᠯᠵᠠᠢ᠂ ᠢᠯᠠᠩᠭᠤᠶ᠎ᠠ ᠨᠠᠰᠤᠲᠠᠶᠢᠴᠤᠳ ᠤᠨ ᠡᠷᠡᠭᠦᠯᠵᠢᠯ ᠤᠨ ᠢᠳᠡᠭᠡᠨ ᠢ ᠶᠡᠭᠡ ᠬᠡᠮᠵᠢᠶ᠎ᠡ ᠪᠠᠷ ᠬᠤᠳᠠᠯᠳᠤᠨ  ᠠᠪᠴᠤ ᠠᠮᠠᠷᠬᠠᠨ ᠮᠡᠭᠡᠯᠡᠭᠳᠡᠳᠡᠭ᠃ ᠡᠶᠢᠮᠦ ᠠᠴᠠ ᠡᠷᠡᠭᠦᠯᠵᠢᠯ ᠢᠳᠡᠭᠡᠨ ᠢ ᠬᠡᠷᠬᠢᠨ ᠢᠯᠭᠠᠨ  ᠲᠠᠨᠢᠵᠤ ᠬᠤᠳᠠᠯᠳᠤᠨ  ᠠᠪᠬᠤ  ᠨᠢ ᠣᠯᠠᠨ ᠤ ᠠᠩᠬᠠᠷᠴᠤ ᠪᠠᠶᠢᠭ᠎ᠠ  ᠪᠠᠰᠠ ᠨᠢᠭᠡᠨ ᠠᠰᠠᠭᠤᠳᠠᠯ ᠮᠦᠨ᠂᠂ ᠡᠨᠡ ᠲᠠᠯ᠎ᠠ ᠪᠠᠷ ᠲᠠ ᠬᠡᠯᠡᠭᠡᠳ ᠦᠭᠭᠦᠨ᠎ᠡ ᠦᠦ︖        ᠯᠢ ᠵᠢᠤᠢ ᠴᠢᠶᠠᠨ  ᠄ ᠣᠶᠢᠷ᠎ᠠ ᠶᠢᠨ ᠵᠢᠯ ᠳᠤ ᠡᠯᠳᠡᠪ ᠡᠰᠡ ᠶᠢᠨ ᠨᠡᠷᠡᠶᠢᠳᠦᠯ ᠲᠠᠢ ᠡᠷᠡᠭᠦᠯᠵᠢᠯ ᠶᠢᠨ ᠢᠳᠡᠭᠡᠨ ᠢ ᠪᠣᠷᠣᠯᠠᠭᠤᠯᠬᠤ ᠠᠵᠤ ᠠᠬᠤᠶᠢᠯᠠᠯ᠂ ᠡᠯ᠎ᠡ  ᠵᠦᠢᠯ ᠤᠨ ᠬᠡᠯᠪᠡᠷᠢ ᠶᠢᠨ ᠡᠵᠡᠩᠨᠡᠨ ᠪᠣᠷᠣᠯᠠᠭᠤᠯᠬᠤ  ᠣᠬᠠᠭᠤᠯᠭ᠎ᠠ  ᠣᠯᠠᠳᠴᠤ  ᠂ ᠬᠡᠷᠡᠭᠯᠡᠭᠴᠢᠳ ᠤᠨ ᠢᠳᠡᠭᠡᠨ ᠢ ᠰᠣᠩᠭᠤᠬᠤ ᠪᠠ ᠬᠡᠷᠡᠭᠯᠡᠬᠦ ᠪᠠᠷ ᠡᠷᠡᠭᠦᠯᠵᠢᠯ ᠤᠨ ᠵᠦᠢᠯ ᠢᠳᠡᠭᠡᠨ ᠪᠠ ᠡᠮ ᠤᠨ  ᠵᠦᠢᠯ ᠤᠨ  ᠢᠯᠭᠠᠭ᠎ᠠ ᠶᠢ ᠮᠡᠳᠡᠬᠦ ᠬᠡᠷᠡᠭᠳᠡᠢ  ᠃ ᠬᠠᠮᠤᠭ ᠤᠨ ᠲᠡᠷᠢᠭᠦᠨ  ᠳᠤ ᠦᠢᠯᠡᠳᠬᠦᠨ ᠤ ᠭᠠᠳᠠᠷ ᠪᠣᠭᠤᠳᠠᠯ ᠪᠠᠭᠯᠠᠭ᠎ᠠ ᠳᠡᠭᠡᠷ᠎ᠡ ᠨᠢ ᠵᠥᠪᠰᠢᠶᠡᠷᠡᠭᠰᠡᠨ ᠪᠢᠴᠢᠭ ᠤᠨ ᠳ᠋ᠤᠭᠠᠷᠯᠠᠯ ᠢᠯᠭᠠᠭ᠎ᠠ ᠲᠠᠢ ᠪᠠᠶᠢᠳᠠᠭ᠃ ᠦᠢᠯᠡᠳᠬᠦᠨ ᠤ ᠭᠠᠳᠠᠷ ᠪᠣᠭᠤᠳᠠᠯ ᠪᠠᠭᠯᠠᠭ᠎ᠠ ᠳᠡᠭᠡᠷ᠎ᠡ ᠨᠢ 2003 ᠣᠨ ᠤ 10 ᠰᠠᠷ᠎ᠠ ᠳᠤ ᠰᠡᠭᠦᠯᠡᠷ ᠨᠢ ᠤᠯᠤᠰ ᠤᠨ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠷᠡᠭᠦᠯᠵᠢᠯ ᠶᠢᠨ ᠢᠳᠡᠭᠡᠨ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠵᠤ᠂ ᠵᠥᠪᠰᠢᠶᠡᠷᠡᠯ ᠤᠨ ᠪᠢᠴᠢᠭ ᠤᠨ ᠳ᠋ᠤᠭᠠᠷ ᠲᠣᠭᠠᠲᠤ ︽ᠤᠯᠤᠰ ᠤᠨ ᠢᠳᠡᠭᠡᠨ ᠤ ᠡᠷᠡᠭᠦᠯᠵᠢᠯ ᠤᠨ ᠦᠰᠦᠭ G + ᠳᠥᠷᠪᠡᠨ  ᠣᠨ ᠤ ᠳᠠᠷᠠᠭᠠᠯᠠᠯ ᠤᠨ ᠺᠣᠳ᠋  ︾ ᠵᠢᠴᠢ ︽ᠤᠯᠤᠰ ᠤᠨ ᠢᠳᠡᠭᠡᠨ ᠤ ᠡᠷᠡᠭᠦᠯᠵᠢᠯ ᠤᠨ ᠦᠰᠦᠭ J + ᠳᠥᠷᠪᠡᠨ  ᠣᠨ ᠤ ᠳᠠᠷᠠᠭᠠᠯᠠᠯ ᠤᠨ ᠺᠣᠳ᠋︾   ᠲᠠᠢ ᠪᠠᠶᠢᠳᠠᠭ᠃ ᠴᠢᠨᠠᠭᠰᠢᠳᠠ ᠡᠷᠡᠭᠦᠯᠵᠢᠯ  ᠶᠢᠨ ᠢᠳᠡᠭᠡᠨ ᠪᠠ  ᠡᠮ ᠤᠨ  ᠵᠦᠢᠯ ᠤᠨ ᠴᠢᠳᠠᠪᠤᠷᠢ ᠶᠢᠨ ᠲᠠᠯ᠎ᠠ ᠪᠠᠷ ᠪᠣᠯ ᠲᠣᠳᠣᠷᠬᠠᠶ ᠢᠯᠭᠠᠭ᠎ᠠ ᠲᠠᠢ ᠶᠤᠮ᠃ ᠡᠮ ᠪᠣᠯ ᠡᠪᠡᠳᠴᠢᠨ ᠢ ᠡᠮᠨᠡᠨ ᠵᠠᠰᠠᠬᠤ ᠪᠣᠳᠠᠰ︔ ᠡᠷᠡᠭᠦᠯᠵᠢᠯ ᠢᠳᠡᠭᠡᠨ ᠤ ᠮᠥᠨ ᠴᠢᠨᠠᠷ ᠨᠢ  ᠢᠳᠡᠭᠡᠨ᠂ ᠬᠥᠮᠦᠨ ᠤ ᠪᠡᠶ᠎ᠡ ᠶᠢᠨ ᠶᠠᠮᠠᠷ ᠨᠢᠭᠡᠨ ᠠᠵᠢᠯᠯᠠᠭ᠎ᠠ ᠦᠢᠯᠡᠳᠦᠯ  ᠢ ᠰᠠᠶᠢᠵᠢᠷᠠᠭᠤᠯᠵᠦ ᠪᠡᠶ᠎ᠡ ᠮᠠᠬᠠᠪᠣᠳ ᠤᠨ ᠠᠵᠢᠯᠯᠠᠭ᠎ᠠ ᠶᠢᠨ ᠬᠡᠪ ᠤᠨ  ᠪᠠᠶᠢᠳᠠᠯ ᠢ ᠬᠠᠮᠠᠭᠠᠯᠠᠵᠤ  ᠂ ᠡᠷᠡᠭᠦᠯ ᠮᠡᠡᠳᠦ ᠪᠤᠶᠤ ᠤᠷᠢᠳᠴᠢᠯᠠᠨ  ᠶᠠᠮᠠᠷ ᠨᠢᠭᠡᠨ ᠡᠪᠡᠳᠴᠢᠨ ᠢ ᠰᠡᠷᠭᠡᠶᠢᠯᠡᠬᠦ  ᠬᠥᠮᠦᠨ ᠳᠤ ᠠᠪᠴᠤ ᠬᠡᠯᠡᠪᠡᠯ ᠡᠷᠡᠭᠦᠯᠵᠢᠯ ᠢᠳᠡᠭᠡᠨ ᠪᠣᠯ ᠰᠢᠮ᠎ᠡ ᠲᠡᠵᠢᠭᠡᠯ ᠨᠥᠬᠦᠪᠥᠷᠢᠯᠡᠬᠦ ᠡᠳ᠋ ᠪᠣᠯᠤᠨ᠎ᠠ᠃  ᠡᠷᠡᠭᠦᠯᠵᠢᠯ ᠢᠳᠡᠭᠡᠨ ᠢ ᠬᠤᠳᠠᠯᠳᠤᠨ ᠠᠪᠬᠤ ᠦᠶ᠎ᠡ ᠳᠤ ᠡᠷᠡᠭᠦᠯᠵᠢᠯ ᠢᠳᠡᠭᠡᠨ ᠤ ᠪᠣᠭᠤᠳᠠᠯ ᠳᠡᠭᠡᠷ᠎ᠡ ᠡᠷᠡᠭᠦᠯᠵᠢᠯ ᠢᠳᠡᠭᠡᠨ ᠤ ᠲᠡᠮᠳᠡᠭ ᠪᠠᠶᠢᠬᠤ ᠡᠰᠡᠬᠦ ᠵᠢᠴᠢ ᠡᠷᠡᠭᠦᠯᠵᠢᠯ ᠢᠳᠡᠭᠡᠨ ᠤ ᠵᠥᠪᠰᠢᠶᠡᠷᠡᠭᠰᠡᠨ ᠪᠢᠴᠢᠭ ᠤᠨ ᠳ᠋ᠤᠭᠠᠷᠯᠠᠯ ᠣᠯᠤᠭᠰᠠᠨ ᠪᠠᠶᠢᠬᠤ ᠬᠡᠷᠡᠭᠲᠡᠶ ᠡᠰᠡᠬᠦ ᠶᠢ ᠪᠠᠶᠢᠴᠠᠭᠠᠬᠤ︔ ᠡᠷᠡᠭᠦᠯᠵᠢᠯ ᠢᠳᠡᠭᠡᠨ ᠤ ᠪᠣᠭᠤᠳᠠᠯ ᠳᠡᠭᠡᠷ᠎ᠡ ᠲᠣᠳᠣᠷᠬᠠᠶᠢᠯᠠᠭᠰᠠᠨ ᠡᠰᠡᠬᠦ᠂ ᠦᠢᠯᠡᠳᠪᠦᠷᠢᠯᠡᠭᠰᠡᠨ ᠠᠵᠤ ᠠᠬᠤᠶᠢᠯᠠᠯ ᠤᠨ ᠨᠡᠷᠡᠶᠢᠳᠦᠯ ᠵᠢᠴᠢ ᠲᠡᠭᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠨᠣᠮᠧᠷ ᠢ  ᠪᠠᠶᠢᠬᠤ ᠶᠢ ᠦᠵᠡᠨ‌ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠨᠣᠮᠧᠷ ᠢ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠠᠴᠠ ᠬᠠᠤᠯᠢ ᠶᠣᠰᠣᠴᠢ ᠴᠢᠨᠠᠷ ᠢ ᠰᠢᠯᠭᠠᠨ ᠪᠠᠶᠢᠴᠠᠭᠠᠨ᠎ᠠ᠃ ᠪᠠᠭᠴᠠᠯᠠᠪᠠᠯ᠄ ᠬᠠᠮᠤᠭ ᠤᠨ ᠠᠩᠬᠠᠷᠤᠭᠤᠰᠢᠲᠠᠶ ᠨᠢ ᠡᠷᠡᠭᠦᠯᠵᠢᠯ ᠢᠳᠡᠭᠡᠨ ᠢ ᠡᠮ ᠤᠨ ᠵᠦᠢᠯ ᠲᠠᠢ ᠬᠤᠳᠬᠤᠵᠦ ᠪᠣᠯᠬᠤ ᠦᠭᠡᠶ᠂ ᠡᠷᠡᠭᠦᠯᠵᠢᠯ  ᠢᠳᠡᠭᠡᠨ ᠢ ᠬᠤᠪᠢᠯᠭᠠᠨ ᠷᠢᠯᠦ ᠪᠣᠯᠭᠠᠵᠤ ᠪᠣᠯᠬᠤ ᠦᠭᠡᠢ᠃       ᠬᠥᠲᠥᠯᠥᠭᠴᠢ᠄ ᠬᠢᠵᠢᠭ ᠤᠨ ᠲᠠᠷᠢᠯᠭ᠎ᠠ ᠶᠢᠨ ᠠᠶᠤᠯᠭᠦᠢ ᠨᠢ ᠬᠡᠦᠬᠡᠳ ᠤᠨ ᠡᠷᠡᠭᠦᠯ ᠮᠡᠨᠳᠦ᠂ ᠭᠡᠷ ᠪᠦᠯᠢ ᠶᠢᠨ ᠲᠣᠭᠲᠠᠭᠤᠨ ᠪᠠᠶᠢᠳᠠᠯ ᠲᠠᠢ ᠬᠤᠯᠪᠣᠭ᠎ᠠ ᠶᠡᠭᠡ ᠲᠠᠢ ᠠᠰᠠᠭᠤᠳᠠᠯ ᠮᠦᠨ᠃  ᠬᠢᠵᠢᠭ ᠤᠨ ᠲᠠᠷᠢᠯᠭ᠎ᠠ ᠶᠢᠨ ᠠᠮᠤᠷ ᠲᠦᠪᠰᠢᠨ ᠨᠢ ᠤᠯᠠᠨ ᠲᠦᠮᠡᠨ ᠤ ᠠᠩᠬᠠᠷᠴᠦ ᠪᠠᠶᠢᠭ᠎ᠠ ᠴᠢᠬᠤᠯᠠ ᠠᠰᠠᠭᠤᠳᠠᠯ ᠪᠣᠯᠵᠤ ᠪᠠᠶᠢᠨ᠎ᠠ  ᠃ ᠯᠢᠦ ᠵᠢᠶᠦ᠋ᠨ ᠡᠷᠬᠢᠯᠡᠭᠴᠢ ᠲᠠ ᠪᠢᠳᠡᠨ ᠳᠤ ᠲᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠠᠯ᠎ᠠ ᠪᠠᠷ  ᠶᠠᠮᠠᠷ ᠠᠷᠭ᠎ᠠ ᠠᠪᠴᠢᠯ  ᠠᠪᠴᠦ ᠪᠠᠶᠢᠭ᠎ᠠ ᠶᠢ ᠲᠠᠨᠢᠯᠴᠠᠭᠤᠯᠤᠨ᠎ᠠ ᠦᠦ︖       ᠯᠢᠦ ᠵᠢᠶᠦ᠋ᠨ᠄ ᠲᠡᠶᠢᠮᠦ ᠡ  ᠂ ᠱᠠᠨᠳᠦ᠋ᠩ ᠤᠨ ᠵᠢᠨᠠᠨ ᠳᠤ ᠬᠠᠤᠯᠢ ᠪᠤᠰᠤ ᠪᠠᠷ ᠬᠢᠵᠢᠭ ᠤᠨ ᠲᠠᠷᠢᠯᠭ᠎ᠠ ᠡᠵᠡᠩᠨᠡᠭᠰᠡᠨ ᠬᠡᠷᠡᠭ ᠭᠠᠷᠤᠭᠰᠠᠨ ᠤ ᠳᠠᠷᠠᠭ᠎ᠠ᠂ ᠲᠠᠷᠢᠯᠭ᠎ᠠ  ᠶᠢᠨ ᠶᠠᠪᠤᠳᠠᠯ ᠳᠤ ᠠᠩᠬᠠᠷᠤᠯ ᠲᠠᠯᠪᠢᠬᠤ ᠬᠡᠮᠵᠢᠶ᠎ᠡ ᠨᠢ ᠤᠯᠠᠮ ᠠᠴᠠ ᠤᠯᠠᠮ ᠥᠨᠳᠥᠷ ᠪᠣᠯᠵᠠᠢ᠃ ᠤᠳᠤ ᠮᠠᠨ ᠤ ᠲᠣᠪᠴᠢᠶ᠎ᠠ ᠨᠢ ᠬᠢᠵᠢᠭ ᠤᠨ ᠲᠠᠷᠢᠯᠭ᠎ᠠ ᠶᠢᠨ ᠬᠠᠮᠢᠶᠠᠷᠦᠯᠲᠠ ᠳᠤ ᠳᠣᠣᠷᠠᠬᠢ ᠠᠷᠭ᠎ᠠ ᠬᠡᠮᠵᠢᠶ᠎ᠡ ᠶᠢ ᠠᠪᠴᠦ ᠪᠠᠶᠢᠨ᠎ᠠ᠃ ᠨᠢᠭᠡ ᠳᠤ  ᠬᠦᠷᠦᠭᠡᠨ‌ᠬᠠᠳᠠᠭᠠᠯᠠᠬᠤ  ᠪᠠ ᠬᠥᠯᠳᠡᠭᠡᠬᠦ ᠡᠮ ᠶᠢᠨ ᠵᠦᠢᠯ  ᠳᠤ ᠬᠠᠮᠢᠶᠠᠷᠤᠯᠲᠠ ᠶᠢᠨ ᠲᠠᠯ᠎ᠠ ᠪᠠᠷ  ᠰᠢᠨ᠎ᠡ ᠬᠤᠲᠠ ᠲᠣᠭᠤᠷᠢᠭ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ  ᠪᠣᠯ ᠮᠠᠨ ᠤ ᠣᠷᠣᠨ ᠤ ᠴᠣᠷ ᠤᠨ ᠭᠠᠭᠴᠠ ᠬᠢᠵᠢᠭ ᠤᠨ ᠲᠠᠷᠢᠯᠭ᠎ᠠ  ᠬᠤᠳᠠᠯᠳᠤᠨ ᠠᠪᠬᠤ ᠲᠠᠷᠬᠠᠭᠠᠬᠤ ᠬᠢᠷᠢ ᠬᠡᠮ ᠲᠠᠢ ᠨᠢᠭᠡᠴᠡ ᠮᠦᠨ᠃ ᠰᠢᠨ᠎ᠡ ᠬᠤᠲᠠ ᠲᠣᠭᠤᠷᠢᠭ ᠤᠨ ᠡᠪᠡᠳᠴᠢᠨ ᠬᠢᠵᠢᠭ  ᠢ ᠰᠡᠷᠭᠡᠶᠢᠯᠡᠨ ᠬᠢᠵᠠᠭᠠᠷᠯᠠᠬᠤ ᠲᠥᠪ ᠳᠠᠬᠢ ᠡᠳᠦᠷ ᠲᠣᠲᠣᠮ ᠤᠨ ᠪᠠᠶᠢᠴᠠᠭᠠᠯᠲᠠ ᠪᠠ ᠱᠠᠯᠠᠪᠳᠠᠨ ᠪᠠᠶᠢᠴᠠᠭᠠᠵᠤ  ᠂ ᠲᠠᠷᠢᠯᠭ᠎ᠠ ᠶᠢᠨ ᠬᠠᠳᠠᠭᠠᠯᠠᠬᠤ  ᠂ᠢᠯᠭᠠᠨ ᠲᠠᠷᠬᠠᠭᠠᠬᠤ ᠵᠡᠷᠭᠡ ᠭᠤᠭᠴᠤᠭ᠎ᠠ ᠳᠤ ᠪᠦᠬᠦ ᠶᠠᠪᠦᠴᠠ ᠬᠠᠮᠢᠶᠠᠷᠤᠯᠲᠠ ᠪᠠᠨ ᠴᠢᠩᠭᠠᠳᠬᠠᠵᠦ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠱᠠᠭᠠᠷᠳᠠᠯᠭ᠎ᠠ ᠪᠠᠷ ᠲᠠᠷᠢᠯᠭ᠎ᠠ ᠬᠤᠳᠠᠯᠳᠤᠨ ᠠᠪᠬᠤ ᠦᠶ᠎ᠡ ᠳᠤ ᠡᠷᠬᠡᠪᠰᠢ ᠪᠠᠶᠢᠴᠠᠭᠠᠨ ᠰᠢᠯᠭᠠᠬᠤ ᠵᠢᠨ‌ᠬᠠᠮᠲᠤ ᠲᠠᠷᠢᠯᠭ᠎ᠠ ᠬᠠᠩᠭᠠᠬᠤ ᠲᠠᠯ᠎ᠠ ᠶᠢᠨ ᠬᠠᠤᠯᠢ ᠶᠣᠰᠣᠨ ᠤ ᠬᠢᠷᠢ ᠬᠡᠮ ᠢ ᠭᠡᠷᠡᠴᠢᠯᠡᠬᠦ ᠬᠢᠷᠢ ᠲᠡᠩᠴᠡᠭᠰᠡᠨ ᠦᠨᠡᠮᠯᠡᠯ ᠭᠠᠷᠭᠠᠵᠤ ᠥᠭᠬᠦ ᠬᠡᠷᠡᠭᠲᠡᠶ᠃ ᠬᠤᠶᠠᠷ ᠲᠤ᠂ ᠬᠠᠳᠠᠭᠠᠯᠠᠭᠰᠠᠨ ᠲᠡᠭᠡᠭᠡᠪᠦᠷᠢ ᠶᠢᠨ ᠲᠠᠯ᠎ᠠ ᠪᠠᠷ᠂ ᠬᠢᠵᠢᠭ ᠤᠨ ᠪᠠᠷᠠᠭ᠎ᠠ ᠬᠦᠯᠢᠶᠡᠨ ᠠᠪᠬᠤ ᠦᠶ᠎ᠡ ᠳᠤ᠂ ᠰᠢᠯᠭᠠᠨ ᠠᠪᠤᠭᠰᠠᠨ ᠠᠵᠢᠯᠳᠡᠠ ᠨᠢ ᠡᠷᠬᠡᠪᠰᠢ ᠲᠡᠭᠡᠭᠡᠪᠦᠷᠢᠯᠡᠬᠦ ᠶᠠᠪᠣᠴᠠ ᠶᠢᠨ ᠳᠤᠯᠠᠭᠠᠨ ‍ᠤ‌‍ᠲ᠋ᠡᠮᠳᠡᠭᠯᠡᠯ ᠪᠠᠶᠢᠴᠠᠭᠠᠨ ᠰᠢᠯᠭᠠᠨ ᠲᠡᠭᠡᠭᠡᠪᠦᠷᠢᠯᠡᠬᠦ ᠶᠠᠪᠤᠴᠠ ᠳᠤ ᠳᠤᠯᠠᠭᠠᠨ ᠤ ᠬᠡᠮᠵᠢᠶ᠎ᠡ ᠨᠢ ᠪᠠᠷᠢᠮᠵᠢᠶ᠎ᠠ ᠠᠴᠠ ᠬᠡᠲᠦᠷᠡᠭᠰᠡᠨ ᠪᠠᠶᠢᠳᠠᠯ ᠪᠠᠶᠢᠪᠠᠯ ᠡᠷᠬᠡᠪᠰᠢ  ᠬᠦᠯᠢᠶᠡᠨ ᠠᠪᠬᠤ ᠶᠢ  ᠲᠡᠪᠴᠢᠬᠦ ᠶᠢᠨ ᠬᠠᠮᠲᠤ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ  ᠮᠦᠴᠢᠷ  ᠮᠡᠳᠡᠭᠦᠯᠬᠦ ᠬᠡᠷᠡᠭᠲᠡᠢ᠃ ᠬᠠᠳᠠᠭᠠᠯᠠᠬᠤ ᠶᠠᠪᠤᠴᠠ ᠳᠤᠮᠳᠠ ᠬᠦᠢᠳᠡᠨ ᠪᠤᠶᠤ ᠬᠦᠢᠳᠡᠠ ᠬᠠᠶᠢᠷᠴᠠᠭ ᠳᠤᠯᠠᠭᠠᠨ ᠤ ᠬᠡᠮᠵᠢᠶ᠎ᠡ  ᠶᠢ ᠬᠢᠨᠠᠨ ᠡᠵᠡᠮᠳᠡᠵᠦ  ᠂ ᠴᠠᠬᠢᠯᠭᠠᠨ ᠲᠠᠰᠦᠷᠠᠪᠡᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠴᠠᠬᠢᠯᠭᠠᠨ ᠡᠭᠦᠰᠭᠡᠭᠴᠢ‌ᠢᠯᠡᠭᠦᠬᠡᠨ  ᠪᠡᠯᠡᠳᠭᠡᠵᠦ ᠦᠢᠯᠡᠳᠪᠦᠷᠢ ᠠᠴᠠ ᠭᠠᠷᠭᠠᠬᠤ ᠠᠴᠠ ᠬᠡᠷᠡᠭᠯᠡᠬᠦ ᠪᠦᠬᠦ ᠶᠠᠪᠤᠴᠠ ᠳᠤ ᠳᠤᠯᠠᠭᠠᠨ ᠤ ᠬᠡᠮᠵᠢᠶ᠎ᠡ ᠨᠢ ᠬᠢᠨᠠᠨ ᠡᠵᠡᠮᠳᠡᠬᠦ ᠨᠡᠬᠡᠮᠵᠢᠯᠡᠨ  ᠪᠠᠶᠢᠴᠠᠭᠠᠬᠤ ᠲᠡᠮᠳᠡᠭᠯᠡᠯ  ᠨᠢ ᠨᠠᠷᠢᠨ ᠣᠨᠣᠪᠴᠢᠲᠠᠢ ᠶᠢ ᠪᠠᠳᠦᠯᠠᠬᠤ ᠬᠡᠷᠡᠭᠲᠡᠢ᠃      ᠬᠥᠲᠥᠯᠥᠭᠴᠢ  ᠄ ᠯᠢᠦ ᠡᠷᠬᠢᠯᠡᠭᠴᠢ᠂ ᠤᠳᠤ ᠠᠷᠠᠳ ᠣᠯᠠᠨ ᠡᠮ ᠤᠨ ᠳᠡᠯᠭᠡᠭᠦᠷ ᠠᠴᠠ ᠡᠮ ᠠᠪᠬᠤ ᠳᠤ ᠶᠠᠭᠤᠨ ᠤ ᠤᠴᠢᠷ ᠠᠴᠠ ᠵᠠᠷᠢᠮ ᠳᠠᠭᠠᠨ ᠡᠵᠡᠩᠨᠡᠭᠴᠢ ᠬᠡᠷᠡᠭᠯᠡᠭᠴᠢᠳ ᠤᠨ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠶᠢ  ᠱᠠᠭᠠᠷᠳᠠᠳᠠᠭ  ᠪᠤᠢ︖      ᠯᠢᠦ ᠵᠢᠶᠦ᠋ᠨ  ᠄ ᠲᠡᠶᠢᠮᠦ ᠡ  ᠂ ᠡᠨᠡ ᠬᠦ ᠠᠰᠠᠭᠤᠳᠠᠯ ᠳᠤ ᠴᠢᠭᠯᠡᠭᠦᠯᠦᠨ ᠪᠢ ᠠᠳᠡ ᠲᠠ ᠪᠦᠬᠦᠨ ᠳᠤ ᠲᠠᠶᠢᠯᠪᠤᠷᠢᠯᠠᠯᠲᠠ  ᠬᠢᠶ᠎ᠡ᠂ ᠪᠢᠳᠡ ᠡᠮ ᠤᠨ ᠳᠡᠯᠭᠡᠭᠦᠷ ᠲᠤ ᠳᠡᠯᠭᠡᠭᠡᠰᠦᠳᠡᠢ ᠡᠮ ᠤᠨ ᠵᠦᠢᠯ ‍ᠦᠨ‌ᠨᠢᠭᠡ ᠬᠡᠰᠡᠭ ᠨᠢ ᠣᠨᠴᠠᠭᠠᠶ ᠡᠮ ᠤᠨ ᠵᠦᠢᠯ ᠳᠤ ᠬᠠᠷᠢᠶᠠᠯᠠᠭᠳᠠᠬᠤ ᠬᠤᠯᠢᠮᠠᠭ ᠨᠠᠶᠢᠷᠠᠯᠭ᠎ᠠ ᠶᠢᠨ ᠡᠮ ᠪᠠᠭᠲᠠᠨ᠎ᠠ᠂ ᠵᠢᠱᠢᠶᠡᠯᠡᠪᠡᠯ  ᠄ ᠵᠡᠭᠡᠷᠭᠡᠨ᠎ᠡ ᠶᠢᠨ ᠱᠦᠯᠲᠦ᠂ ᠰᠢᠬᠢᠷ ᠡᠪᠡᠰᠦᠨ ᠤ ᠨᠡᠶᠢᠯᠡᠮᠡᠯ ᠬᠠᠪᠲᠠᠭᠠᠶ ᠦᠷᠢᠯ ᠳᠣᠲᠣᠷ᠎ᠠ ᠬᠠᠷ᠎ᠠ ᠲᠠᠮᠠᠬᠢᠨ ᠤ ᠪᠦᠷᠢᠯᠳᠦᠬᠦᠨ ᠪᠠᠭᠲᠠᠨ᠎ᠠ᠂ ᠡᠮ  ᠶᠢᠨ ᠵᠦᠢᠯ  ᠳᠣᠲᠣᠷᠠᠬᠢ ᠡᠳᠡᠭᠡᠷ ᠣᠨᠴᠠᠭᠠᠶ ᠪᠦᠷᠢᠯᠳᠦᠬᠦᠨ ᠢ ᠬᠥᠮᠦᠨ  ᠠᠷᠪᠢᠨ ᠢᠳᠡᠪᠡᠯ ᠪᠡᠶ᠎ᠡ ᠮᠠᠬᠠᠪᠣᠳ ᠤᠨ ᠨᠠᠶᠢᠳᠠᠬᠤ ᠴᠢᠨᠠᠷ ᠲᠠᠢ᠂ ᠬᠡᠷᠪᠡ ᠶᠠᠯᠠᠲᠤ ᠡᠲᠡᠭᠡᠳ ᠭᠠᠷ ᠲᠤ ᠠᠷᠪᠢᠨ ᠣᠷᠣᠪᠠᠯ ᠬᠤᠣᠷᠲᠤ ᠡᠳ᠋ ᠢ ᠪᠣᠯᠪᠠᠰᠤᠷᠠᠭᠤᠯᠤᠨ‌ᠠᠪᠬᠤ ᠲᠦᠭᠦᠬᠡᠶ ᠡᠳ᠋ ᠪᠣᠯᠭᠠᠵᠤ ᠴᠢᠳᠠᠨ᠎ᠠ  ᠃ ᠮᠠᠨ ᠤ ᠤᠯᠤᠰ ᠤᠨ ᠡᠶᠢᠮᠦ ᠲᠦᠷᠦᠯ ᠤᠨ ᠡᠮ ᠪᠣᠷᠣᠯᠠᠭᠤᠯᠬᠤ ᠳᠤ ᠮᠠᠰᠢ ᠴᠢᠩᠭ᠎ᠠ ᠨᠢᠭᠲᠠ ᠳᠦᠷᠢᠮ ᠭᠤᠷᠢᠮ   ᠲᠠᠢ ᠪᠠᠶᠢᠵᠦ  ᠂ ᠡ᠊ᠨᠡ ᠲᠥᠷᠥᠯ ᠤᠨ ᠡᠮ ᠢ ᠡᠷᠬᠡᠪᠰᠢ ᠪᠡᠶ᠎ᠡ ᠶᠢᠨ ᠦᠨᠡᠮᠯᠡᠯ ᠰᠢᠯᠭᠠᠨ ᠲᠡᠮᠳᠡᠭᠯᠡᠵᠦ ᠬᠤᠳᠠᠯᠳᠤᠨ ᠠᠪᠴᠤ᠂ ᠨᠢᠭᠡ ᠤᠳᠠᠭ᠎ᠠ ᠬᠠᠮᠤᠭ ᠵᠢᠵᠢᠭ ᠪᠣᠭᠤᠳᠠᠯ ᠪᠠᠷ ᠬᠤᠶᠠᠷ ᠢ ᠬᠤᠳᠠᠯᠳᠤᠨ  ᠠᠪᠴᠦ  ᠪᠣᠯᠣᠨ᠎ᠠ᠃ ᠡᠶᠢᠮᠦ ᠠᠴᠠ ᠪᠢ ᠠᠳᠡ ᠥᠷᠭᠡᠨ ᠤᠯᠡᠠ ᠲᠦᠮᠡᠨ ᠤ ᠡᠮ ᠤᠨ ᠳᠡᠯᠭᠡᠭᠦᠷ ᠲᠤ ᠬᠤᠳᠠᠯᠳᠤᠨ ᠠᠪᠬᠤ ᠡᠮ ᠤᠨ ᠵᠦᠢᠯ ᠢ ᠬᠢᠨᠠᠨ ᠵᠥᠪᠰᠢᠶᠡᠷᠡᠭᠦᠯᠬᠦ ᠳᠡᠭᠡᠨ  ᠰᠠᠨᠠᠭᠠᠴᠢᠯᠠᠭ᠎ᠠ ᠠᠴᠠ ᠪᠠᠨ  ᠬᠠᠮᠵᠢᠯᠴᠠᠨ  ᠂ ᠪᠡᠶ᠎ᠡ ᠶᠢᠨ ᠦᠨᠡᠮᠯᠡᠯ ᠢᠶᠠᠨ ᠦᠵᠡᠭᠦᠯᠬᠦ  ᠬᠡᠷᠡᠭᠲᠡᠢ᠃       ᠬᠥᠲᠥᠯᠥᠭᠴᠢ᠄ ᠨᠢᠭᠡ ᠨᠢ ᠠᠷᠠᠳ ᠣᠯᠠᠨ ᠲᠣᠳᠣᠷᠬᠠᠶ ᠣᠶᠢᠯᠠᠭᠠᠬᠤ ᠱᠠᠭᠠᠷᠳᠠᠯᠭ᠎ᠠ ᠲᠠᠢ ᠠᠰᠠᠭᠤᠳᠠᠯ ᠢ ᠠᠰᠠᠭᠤᠶ᠎ᠠ᠂ ᠶᠠᠭᠤ  ᠶᠢ ᠵᠣᠷ ᠤᠨ ᠡᠮ ᠪᠣᠯᠤᠨ ᠵᠣᠷ ᠤᠨ ᠪᠤᠰᠤ ᠡᠮ  ᠭᠡᠬᠦ ᠪᠣᠢ︖      ᠯᠢᠦ ᠵᠢᠶᠦ᠋ᠨ  ᠄  ᠯᠢᠣ ᠡᠷᠬᠢᠯᠡᠭᠴᠢ︽ᠡᠮ ᠢ ᠬᠠᠮᠢᠶᠠᠷᠬᠤ ᠬᠠᠤᠯᠢ︾ ᠶᠢᠨ ᠭᠤᠴᠢᠨ ᠳᠣᠯᠣᠳᠤᠭᠠᠷ ᠵᠦᠢᠯ ᠤᠯᠤᠰ ᠠᠴᠠ ᠡᠮ ᠤᠨ ᠵᠦᠢᠯ ᠳᠤ ᠵᠣᠷ ᠤᠨ ᠡᠮ ᠪᠣᠯᠤᠨ ᠵᠣᠷ ᠤᠨ ᠪᠤᠰᠤ ᠡᠮ ᠭᠡᠵᠦ ᠲᠦᠷᠦᠯ ᠬᠤᠪᠢᠶᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠵᠣᠷ ᠤᠨ ᠡᠮ ᠢ ᠠᠵᠢᠯ ᠡᠷᠬᠢᠯᠡᠵᠤ ᠪᠥᠬᠦᠢ ᠡᠮᠴᠢ ᠪᠤᠶᠤ ᠠᠵᠢᠯ ᠡᠷᠬᠢᠯᠡᠬᠦ ᠲᠤᠰᠠᠯᠠᠬᠤ ᠡᠮᠴᠢ ᠶᠢᠨ ᠪᠢᠴᠢᠭᠰᠡᠨ ᠵᠣᠷ ᠢ ᠦᠨᠳᠦᠰᠦᠯᠡᠨ ᠠᠪᠴᠦ ᠪᠣᠯᠤᠨ᠎ᠠ᠂ ᠵᠣᠷ ᠤᠨ ᠪᠤᠰᠤ ᠡᠮ ︵OTC) ᠭᠡᠵᠦ ᠭᠡᠳᠡᠭ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠶᠢᠲᠡᠯᠡᠭᠰᠡᠨ᠂ ᠠᠵᠢᠯ ᠡᠷᠬᠢᠯᠡᠵᠤ ᠪᠥᠬᠦᠢ ᠡᠮᠴᠢ ᠪᠤᠶᠤ ᠠᠵᠢᠯ ᠡᠷᠬᠢᠯᠡᠬᠦ ᠲᠤᠰᠠᠯᠠᠬᠤ ᠡᠮᠴᠢ ᠶᠢᠨ ᠪᠢᠴᠢᠭᠰᠡᠨ ᠵᠣᠷ  ᠶᠢᠨ ᠪᠠᠷᠢᠮᠲᠠ ᠦᠭᠡᠶ  ᠂ ᠬᠡᠷᠡᠭᠯᠡᠭᠴᠢᠳ ᠥᠪᠡᠰᠦᠪᠡᠨ ᠮᠠᠭᠠᠳᠯᠠᠬᠤ᠂ ᠡᠮ ᠤᠨ ᠵᠦᠢᠯ ᠢ ᠬᠤᠳᠠᠯᠳᠤᠨ ᠠᠪᠴᠦ ᠬᠡᠷᠡᠭᠯᠡᠵᠦ  ᠪᠣᠯᠣᠨ᠎ᠠ᠃  ᠴᠥᠭᠡᠨ ᠲᠣᠭᠠᠨ ᠤ ᠵᠢᠵᠢᠭᠯᠡᠨ ᠬᠤᠳᠠᠯᠳᠤᠬᠤ  ᠡᠮ ᠤᠨ ᠳᠡᠯᠭᠡᠭᠦᠷ᠂ ᠡᠮ ᠤᠨ ᠬᠠᠮᠢᠶᠠᠷᠤᠯᠲᠠ ᠶᠢ ᠬᠠᠤᠯᠢ ᠲᠦ᠋ᠷᠢᠮ ᠤᠨ ᠦᠵᠡᠯᠲᠡ ᠨᠡᠯᠢᠶᠡᠳ ᠲᠤᠷᠤᠢ  ᠪᠠᠶᠢᠵᠦ᠂ ᠠᠵᠤ ᠠᠬᠤᠶ ᠶᠢᠨ ᠠᠰᠢᠭ ᠲᠤᠰᠠ᠂ ᠨᠡᠶᠢᠭᠡᠮ ᠤᠨ ᠦᠷ᠎ᠡ ᠠᠰᠢᠭ ᠢ ᠬᠥᠩᠭᠡᠪᠴᠢᠯᠡᠬᠦ᠂ ᠡᠮᠴᠢ ᠶᠢᠨ ᠪᠢᠴᠢᠭᠰᠡᠨ ᠵᠣᠷ ᠢᠶᠠᠷ ᠵᠣᠷ ᠤᠨ ᠡᠮ ᠢ ᠪᠣᠷᠣᠯᠠᠭᠤᠯᠤᠭᠰᠠᠨ ᠠᠰᠠᠭᠤᠳᠠᠯ ᠢ ᠮᠠᠨ ᠤ ᠢᠳᠡᠭᠡᠨ ᠪᠣᠯᠤᠨ ᠡᠮ ᠤᠨ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ  ᠦᠵᠡᠵᠦ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ  ᠂ ᠡᠳᠦᠷ ᠲᠤᠳᠤᠮ ᠤᠨ ᠰᠤᠭᠤᠴᠢᠨ ᠪᠠᠶᠢᠴᠠᠭᠠᠬᠤ ᠪᠠ ᠲᠤᠰᠬᠠᠶ ᠪᠠᠢᠴᠠᠭᠠᠯᠲᠠ  ᠶᠢᠨ ᠠᠷᠭ᠎ᠠ   ᠪᠠᠷ ᠵᠣᠷ ᠤᠨ ᠡᠮ ᠢ ᠲᠣᠭᠲᠠᠭᠠᠯ ᠠᠴᠠ ᠵᠥᠷᠢᠴᠡᠵᠦ ᠪᠣᠷᠣᠯᠠᠭᠤᠯᠤᠭᠰᠠᠨ ᠡᠮ ᠤᠨ ᠳᠡᠯᠭᠡᠭᠦᠷ ᠲᠤ ᠠᠩᠬ᠎ᠠ ᠤᠳᠠᠭ᠎ᠠ ᠪᠢᠴᠢᠭ ᠢᠶᠠᠷ ᠰᠡᠷᠡᠮᠵᠢᠯᠡᠭᠦᠯᠬᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠬᠤ ᠦᠭᠡᠢ ᠪᠣᠯ ︽ᠡᠮ ᠤᠨ ᠵᠦᠢᠯ ᠤᠨ ᠭᠦᠢᠯᠭᠡᠭᠡᠨ ᠤ ᠬᠠᠮᠢᠶᠠᠷᠤᠯᠲᠠ ᠶᠢᠨ ᠠᠷᠭ᠎ᠠ︾ ᠶᠣᠰᠣᠭᠠᠷ ᠰᠢᠳᠬᠡᠨ᠎ᠡ᠃       ᠬᠥᠲᠥᠯᠥᠭᠴᠢ᠄ ᠬᠤᠳᠠ ᠶᠢᠨ ᠠᠷᠠᠳ ᠭ᠊ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠲᠣᠬᠢᠶᠠᠯᠳᠦᠪᠡᠯ ᠬᠡᠷᠬᠢᠨ ᠰᠢᠢᠳᠪᠦᠷᠢᠯᠡᠪᠡᠯ ᠵᠣᠬᠢᠬᠤ ᠪᠤᠢ︖      ᠯᠢᠦ ᠵᠢᠶᠦ᠋ᠨ  : ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠥᠷᠢᠴᠡᠭᠰᠡᠨ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠶ᠂ ᠪᠦᠬᠦ ᠣᠷᠣᠨ ᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠣᠯ 12231᠂ ᠰᠢᠨ᠎ᠡ ᠬᠤᠲᠠ ᠲᠣᠭᠤᠷᠢᠭ ᠤᠨ ᠬᠡᠷᠡᠭᠯᠡᠭᠴᠢᠳ 24  ᠴᠠᠭ ‍ᠤᠨ‌ᠵᠢᠵᠢᠭᠦᠷᠯᠡᠬᠦ ᠤᠲᠠᠰᠤ ︵6903962︶ ᠶᠢ  ᠳᠠᠮᠵᠢᠭᠤᠯᠤᠨ  ᠮᠡᠳᠡᠭᠦᠯᠵᠦ ᠪᠣᠯᠤᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号