ᠥᠪᠦᠷ ᠮᠣᠩᠭᠤᠯ ᠤᠨ ᠠᠩᠬᠠᠳᠠᠬᠴᠢ ᠤᠶᠤᠲᠠᠳ ᠤᠨ ᠤᠯᠠᠭᠠᠨᠮᠦ᠋ᠴᠢᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018-06-04
      5 ᠰᠠᠷ᠎ᠠ ᠶᠢᠨ 31 ᠤ ᠡᠳᠦᠷ᠂ ᠥᠪᠦᠷ ᠮᠤᠩᠭᠤᠯ  ᠤᠨ ᠤᠷᠠᠯᠢᠭ ᠤᠨ ᠳᠡᠭᠡᠲᠤ ᠰᠤᠷᠭᠠᠭᠤᠯᠢ ᠨᠢ ᠥᠪᠦᠷ ᠮᠣᠩᠭᠤᠯ ᠤᠨ ᠥᠪᠡᠷᠲᠡᠬᠡᠨ ᠵᠠᠰᠠᠬᠤ ᠤᠷᠤᠨ ᠤ ᠠᠩᠬᠠᠳᠠᠬᠴᠢ ᠤᠶᠤᠲᠠᠳ ᠤᠨ ᠤᠯᠠᠭᠠᠨᠮᠦ᠋ᠴᠢᠷ ᠢ ᠪᠠᠶᠢᠭᠤᠯᠵᠡᠢ᠃ ᠤᠶᠢᠯᠠᠭᠠᠭᠰᠠᠨ ᠢᠶᠠᠷ᠂ ᠤᠶᠤᠲᠠᠳ ᠤᠨ ᠤᠯᠠᠭᠠᠨᠮᠦ᠋ᠴᠢᠷ ᠰᠤᠷᠤᠭᠴᠢᠳ ᠤᠨ ᠢᠶᠠᠨ ᠲᠤᠰᠬᠠᠢ ᠮᠡᠷᠭᠡᠵᠢᠯ ᠤᠨ ᠴᠢᠳᠠᠪᠤᠷᠢ ᠶᠢ ᠠᠰᠢᠬᠯᠠᠨ ᠤᠯᠠᠭᠠᠨᠮᠦ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠦᠷ ᠮᠣᠩᠭᠤᠯ ᠤᠨ ᠥᠪᠡᠷᠲᠡᠬᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠰᠢᠨᠡᠴᠢᠯᠡᠯᠲᠠ ᠳᠤ ᠬᠦᠴᠦᠨ ᠨᠡᠮᠡᠷᠢᠯᠡᠬᠦ ᠶᠢᠨ ᠵᠡᠷᠭᠡᠴᠡᠭᠡ ᠨᠡᠩ ᠤᠯᠠᠨ ᠭᠠᠵᠠᠷ ᠨᠤᠲᠤᠭ ᠤᠨ ᠤᠨᠴᠠᠯᠢᠭ ᠲᠠᠢ᠂ ᠳᠡᠯᠬᠡᠷᠡᠨ ᠤᠯᠠᠮᠵᠢᠯᠠᠭᠳᠠᠵᠤ ᠪᠤᠯᠬᠤᠶᠢᠴᠡ᠂ ᠦᠯᠡᠳᠡᠭᠡᠨ ᠠᠰᠢᠬᠯᠠᠵᠤ ᠪᠤᠯᠬᠤᠶᠢᠴᠡ ᠰᠢᠯᠢᠳᠡᠭ ᠪᠦᠲᠦᠬᠡᠯ ᠤᠳ ᠵᠣᠬᠢᠶᠠᠨ ᠪᠦᠲᠦᠬᠡᠬᠦ ᠪᠠᠷ ᠨᠡᠩ ᠶᠡᠭᠡ᠂ ᠨᠡᠩ ᠤᠯᠠᠨ᠂ ᠨᠡᠩ ᠳᠤᠪᠤᠶᠢᠮ᠎ᠠ ᠬᠤᠪᠢ ᠨᠡᠮᠡᠷᠢ ᠦᠵᠡᠬᠦᠯᠵᠤ᠂ ︽ᠤᠯᠠᠭᠠᠨᠮᠦ᠋ᠴᠢᠷ ᠤᠨ ᠵᠣᠷᠢᠭ ᠰᠠᠨᠠᠭ᠎ᠠ︾ ᠶᠢ ᠦᠷᠬᠡᠨ ᠤᠯᠠᠨ ᠵᠠᠯᠠᠭᠤᠴᠤᠳ ᠤᠶᠤᠲᠠᠳ ᠤᠨ ᠰᠡᠳᠬᠢᠯ ᠳᠤ ᠬᠠᠳᠠᠩᠰᠢᠭᠤᠯᠬᠤ ᠪᠤᠯᠤᠨ᠎ᠠ᠃      ᠳᠠᠷᠠᠭᠠᠴᠢ ᠶᠢᠨ ᠠᠯᠬᠤᠮ ᠳᠤ᠂ ᠤᠶᠤᠲᠠᠳ ᠤᠨ ᠤᠯᠠᠭᠠᠨᠮᠦ᠋ᠴᠢᠷ ᠨᠢ ᠨᠡᠶᠢᠬᠡᠮ ᠤᠨ ᠥᠢᠯᠡᠳᠦᠯᠬᠡ᠂ ᠰᠠᠶᠢᠨ ᠲᠤᠷᠠᠲᠠᠳ ᠤᠨ ᠥᠢᠯᠡᠴᠢᠯᠡᠭᠡ ᠵᠡᠷᠭᠡ ᠲᠤᠬᠢᠶᠠᠯ ᠢ ᠠᠰᠢᠬᠯᠠᠨ ᠬᠦᠳᠡᠭᠡ ᠲᠤᠰᠬᠤᠨ ᠮᠠᠯᠵᠢᠬᠤ ᠤᠷᠤᠨ᠂ ᠥᠢᠯᠡᠳᠪᠤᠷᠢ᠂ ᠰᠤᠷᠭᠠᠭᠤᠯᠢ᠂ ᠬᠤᠷᠢᠶᠠᠯᠠᠯ ᠳᠤ ᠬᠦᠷᠴᠤ ᠤᠷᠠᠨ ᠰᠠᠶᠢᠬᠠᠨ ᠤ ᠲᠤᠭᠯᠠᠯᠲᠠ ᠭᠠᠷᠭᠠᠬᠤ ᠪᠠᠷ ᠳᠠᠮᠵᠢᠨ ᠤᠯᠠᠭᠠᠨᠮᠦ᠋ᠴᠢᠷ ᠤᠨ ᠵᠣᠷᠢᠭ ᠰᠠᠨᠠᠭ᠎ᠠ ᠶᠢ ᠰᠠᠶᠢᠲᠤᠷ ᠮᠠᠨᠳᠤᠭᠤᠯᠵᠤ᠂ ᠤᠯᠠᠭᠠᠨᠮᠦ᠋ᠴᠢᠷ ᠤᠨ ᠬᠤᠪᠢᠰᠬᠠᠯᠲᠤ ᠰᠤᠶᠤᠯ ᠤᠨ ᠭᠧᠨ ᠢ ᠤᠯᠠᠮᠵᠢᠯᠠᠨ᠂ ᠤᠶᠤᠲᠠᠳ ᠢ ᠬᠤᠪᠢᠰᠬᠠᠯᠲᠤ ᠤᠷᠠᠯᠢᠭ ᠤᠨ ᠬᠦᠩᠬᠡᠨ ᠮᠣᠷᠢᠲᠤ ᠴᠡᠷᠢᠭ ᠪᠤᠯᠭᠠᠬᠤ ᠪᠠᠷ ᠴᠢᠷᠮᠠᠶᠢᠯᠭᠠᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号