ᠰᠢᠨᠬᠤᠸᠠ ᠨᠧᠲ ᠬᠦᠬᠡᠬᠤᠳᠠ ᠶᠢᠨ 5 ᠰᠠᠷ᠎ᠠ ᠶᠢᠨ 30 ᠤ ᠡᠳᠤᠷ ᠤᠨ ᠴᠠᠬᠢᠯᠭᠠᠨ ᠮᠡᠳᠡᠭᠡ 30 ᠤ | ᠦᠳᠡ ᠠᠴᠠ ᠡᠮᠦᠨ᠎ᠡ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ | ᠲᠧᠭᠨᠤᠯᠤᠬᠢ ᠶᠢᠨ ᠨᠡᠶᠢᠬᠡᠮᠯᠢᠭ ᠰᠢᠨ᠎ᠠ ᠬᠤᠳᠠ ᠵᠤᠴᠢᠳ ᠪᠠᠭᠤᠳᠠᠯ ᠳᠤ ︽ᠰᠢᠨ᠎ᠡ ᠴᠠᠭ ᠦᠶ᠎ᠡ ᠶᠢᠨ ᠰᠢᠨ᠎ᠡ | ᠬᠤᠰᠢᠭᠤᠴᠢ ᠪᠤᠯᠵᠤ᠂ ᠡᠳ᠋ ᠤᠨ ᠵᠠᠰᠠᠭ ᠤᠨ ᠦᠨᠳᠤᠷ ᠴᠢᠨᠰᠠᠭ᠎ᠠ ᠲᠠᠢ ᠬᠦᠭᠵᠢᠬᠦ ᠶᠢ ᠠᠬᠢᠭᠤᠯᠬᠤ︾ ᠭᠤᠤᠯ | ᠰᠡᠳᠤᠪ ᠤᠨ ᠲᠤᠭᠤᠷᠢᠨ ᠳᠤ ᠰᠢᠨᠵᠢᠯᠡᠬᠦ ᠤᠬᠠᠭᠠᠨ ᠲᠧᠭᠨᠤᠯᠤᠬᠢ ᠶᠢᠨ ᠠᠵᠢᠯᠳᠠᠳ ᠤᠨ ᠶᠠᠷᠢᠯᠴᠠᠬᠤ ᠬᠤᠷᠠᠯ | ᠬᠤᠷᠠᠯᠳᠤᠭᠤᠯᠪᠠ᠃ | ᠬᠤᠷᠠᠯ ᠢᠶᠠᠷ᠂ ᠬᠤᠪᠤᠷ ᠰᠢᠷᠤᠢ᠂ ᠠᠨᠠᠭᠠᠬᠤ ᠤᠬᠠᠭᠠᠨ᠂ ᠴᠡᠷᠢᠭ ᠵᠡᠪᠰᠡᠭ᠂ ᠬᠦᠳᠡᠭᠡ ᠠᠵᠤ ᠠᠬᠤᠢ᠂ | ᠪᠢᠤᠯᠤᠬᠢ ᠵᠡᠷᠬᠡ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠤᠯᠤᠬᠢ ᠶᠢᠨ 10 ᠠᠵᠢᠯᠳᠠᠨ ᠦᠪᠦᠷ ᠮᠤᠩᠭᠤᠯ ᠤᠨ | ᠡᠳ᠋ ᠤᠨ ᠵᠠᠰᠠᠭ ᠤᠨ ᠲᠠᠯ᠎ᠠ ᠪᠠᠷ ᠦᠨᠳᠤᠷ ᠴᠢᠨᠰᠠᠭ᠎ᠠ ᠲᠠᠢ ᠬᠦᠭᠵᠢᠬᠦ ᠳᠤ ᠠᠷᠭ᠎ᠠ ᠬᠡᠮᠵᠢᠶ᠎ᠡ ᠰᠠᠨᠠᠯ ᠵᠦᠪᠯᠡᠯᠬᠡ | ᠳᠡᠪᠰᠢᠬᠦᠯᠦᠭᠰᠡᠨ ᠪᠠᠶᠢᠨ᠎ᠠ᠃ |