ᠦᠪᠦᠷ  ᠮᠣᠩᠭᠤᠯ  ᠰᠦ ᠪᠤᠯᠤᠨ ᠰᠦᠨ ᠪᠦᠲᠦᠭᠡᠭᠳᠡᠬᠦᠨ ᠤ ᠠᠵᠤ ᠦᠢᠯᠡᠰ ᠢ ᠪᠦᠬᠦ ᠲᠠᠯ᠎ᠠ ᠪᠠᠷ ᠤᠬᠢ ᠴᠢᠨᠰᠠᠭ᠎ᠠ ᠲᠠᠢ ᠬᠦᠭᠵᠢᠬᠦᠯᠬᠦ ᠶᠢ ᠠᠬᠢᠭᠤᠯᠬᠤ ᠪᠠᠭ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-06-04
      5 ᠰᠠᠷ᠎ᠠ ᠶᠢᠨ 30 ᠤ ᠡᠳᠤᠷ᠂ ᠦᠪᠦᠷ  ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠢᠳᠡᠬᠡᠨ ᠡᠮ ᠤᠨ ᠵᠦᠢᠯ ᠤᠨ ᠬᠢᠨᠠᠨ ᠬᠠᠮᠢᠶᠠᠷᠤᠯᠳᠠ ᠶᠢᠨ ᠲᠤᠪᠴᠢᠶᠠᠨ ᠠᠴᠠ ᠬᠤᠷᠠᠯᠳᠤᠭᠤᠯᠤᠭᠰᠠᠨ ᠰᠦ᠋ ᠪᠤᠯᠤᠨ ᠰᠦᠨ ᠪᠦᠲᠦᠭᠡᠭᠳᠡᠬᠦᠨ ᠤ ᠠᠵᠤ ᠦᠢᠯᠡᠰ ᠢ ᠪᠦᠬᠦ ᠲᠠᠯ᠎ᠠ ᠪᠠᠷ ᠤᠬᠢ ᠴᠢᠨᠰᠠᠭ᠎ᠠ ᠲᠠᠢ ᠬᠦᠭᠵᠢᠬᠦᠯᠬᠦ ᠶᠢ ᠠᠬᠢᠭᠤᠯᠬᠤ ᠪᠠᠭ᠎ᠠ ᠬᠤᠷᠠᠯ ᠳᠤ ᠦᠪᠦᠷ  ᠮᠣᠩᠭᠤᠯ ᠤᠨ ᠰᠦ᠋ ᠵᠢᠴᠢ ᠰᠦᠨ ᠪᠦᠲᠦᠭᠡᠭᠳᠡᠬᠦᠨ ᠤ 60 ᠭᠠᠷᠤᠢ ᠠᠵᠦ ᠠᠬᠤᠢᠢᠯᠠᠯ ᠤᠷᠤᠯᠴᠠᠪᠠ᠃      ᠦᠪᠦᠷ  ᠮᠣᠩᠭᠤᠯ ᠤᠨ ᠢᠯᠢ ᠠᠳᠠᠯ ᠦᠢᠯᠡᠰ ᠤᠨ ᠪᠦᠯᠦᠭᠯᠡᠯ ᠺᠤᠮᠫᠠᠨᠢ᠂ ᠦᠪᠦᠷ  ᠮᠣᠩᠭᠤᠯ ᠤᠨ ᠮᠧᠩ ᠨᠢᠦ ᠬᠤᠪᠢᠴᠠᠭᠠᠳᠤ ᠺᠤᠮᠫᠠᠨᠢ ᠵᠡᠷᠬᠡ 10 ᠺᠤᠮᠫᠠᠨᠢ ᠶᠢᠨ ᠲᠦᠯᠦᠭᠡᠯᠡᠭᠴᠢ ᠦᠪᠦᠷ  ᠮᠣᠩᠭᠤᠯ ᠤᠨ ᠰᠦᠨ ᠦᠢᠯᠡᠰ ᠤᠨ ᠪᠦᠬᠦ ᠲᠠᠯ᠎ᠠ ᠪᠠᠷ ᠦᠨᠳᠤᠷ ᠪᠦᠲᠦᠮᠵᠢᠲᠡᠢ ᠬᠦᠭᠵᠢᠬᠦ ᠲᠤᠬᠠᠢ ᠰᠠᠨᠠᠯ ᠵᠦᠪᠯᠡᠯᠬᠡ ᠠᠷᠭ᠎ᠠ ᠬᠡᠮᠵᠢᠶ᠎ᠡ ᠲᠤᠷᠠᠳᠪᠠ᠃ ᠤᠳᠤᠬᠠᠨ ᠤ ᠦᠪᠦᠷ  ᠮᠣᠩᠭᠤᠯ ᠤᠨ ᠰᠦᠨ ᠦᠢᠯᠡᠰ ᠪᠦᠬᠦ ᠲᠠᠯ᠎ᠠ ᠪᠠᠷ ᠬᠦᠭᠵᠢᠬᠦ ᠰᠢᠨ᠎ᠡ ᠴᠠᠭ ᠦᠶ᠎ᠡ ᠳᠤ ᠤᠷᠤᠵᠤ᠂ ᠰᠦᠨ ᠦᠢᠯᠡᠰ ᠢ ᠬᠦᠴᠦᠷᠭᠡᠭᠵᠢᠬᠦᠯᠬᠦ ᠪᠠ ᠰᠢᠯᠢᠳᠡᠭᠵᠢᠬᠦᠯᠬᠦ᠂ ᠤᠬᠢ ᠴᠢᠨᠰᠠᠭ᠎ᠠ ᠲᠠᠢ ᠰᠦᠨ ᠪᠦᠲᠦᠡᠭᠡᠭᠳᠡᠬᠦᠨ ᠦᠢᠯᠡᠳᠪᠦᠷᠢᠯᠡᠬᠦ᠂ ᠲᠡᠯᠡᠬᠡᠢ ᠶᠢᠨ ᠨᠡᠷᠡᠳᠤ ᠪᠦᠲᠦᠭᠡᠭᠳᠡᠬᠦᠨ ᠭᠠᠷᠭᠠᠬᠤ ᠪᠤᠯ ᠰᠦᠨ ᠦᠢᠯᠡᠰ ᠤᠨ ᠬᠦᠭᠵᠢᠯᠳᠡ ᠶᠢ ᠪᠡᠶᠡᠯᠡᠬᠦᠯᠬᠦ ᠵᠠᠶᠢᠯᠠᠰᠢ ᠦᠭᠡᠢ ᠵᠠᠮ ᠮᠦᠨ᠃ ᠰᠦᠨ ᠪᠦᠲᠦᠭᠡᠭᠳᠡᠬᠦᠨ ᠤ ᠴᠢᠨᠠᠷ ᠤᠨ ᠬᠢᠨᠠᠠ ᠬᠠᠮᠢᠶᠠᠷᠤᠯᠳᠠ ᠶᠢᠨ ᠰᠢᠰᠲ᠋ᠧᠮ ᠢ ᠲᠡᠬᠦᠯᠳᠡᠷᠵᠢᠬᠦᠯᠵᠤ᠂ ᠠᠵᠦ ᠠᠬᠤᠢᠢᠯᠠᠯ ᠢᠶᠠᠷ ᠭᠤᠤᠯ ᠴᠤᠭᠴᠠ ᠪᠤᠯᠭᠠᠨ ᠦᠢᠯᠠᠳᠪᠦᠷᠢᠯᠡᠬᠦ᠂ ᠬᠦᠮᠦᠵᠢᠬᠦᠯᠬᠦ᠂ ᠰᠤᠳᠤᠯᠬᠤ ᠠᠭᠤᠰᠤᠯᠴᠠᠬᠰᠠᠨ ᠮᠡᠷᠬᠡᠵᠢᠯ ᠤᠨ ᠰᠢᠨ᠎ᠡ ᠡᠬᠦᠳᠦᠯᠳᠡ ᠶᠢᠨ ᠰᠢᠰᠲ᠋ᠧᠮ ᠢ ᠪᠦᠷᠢᠯᠳᠤᠬᠦᠯᠵᠤ᠂ ᠰᠦᠨ ᠤ ᠢᠷᠡᠯᠳᠡ ᠶᠢᠨ ᠰᠠᠭᠤᠷᠢᠨ ᠤ ᠪᠠᠶᠢᠭᠤᠯᠤᠯᠳᠠ ᠶᠢ ᠠᠬᠢᠭᠤᠯᠵᠤ ᠰᠢᠨᠵᠢᠯᠡᠬᠦ ᠤᠬᠠᠭᠠᠨᠴᠢ ᠪᠠᠷ ᠦᠨ᠎ᠡ ᠲᠤᠭᠳᠠᠭᠠᠬᠤ ᠪᠠᠶᠢᠭᠤᠯᠤᠮᠵᠢ ᠵᠡᠷᠬᠡ ᠲᠠᠯ᠎ᠠ ᠪᠠᠷ ᠦᠪᠦᠷ  ᠮᠣᠩᠭᠤᠯ ᠤᠨ ᠰᠦᠨ ᠦᠢᠯᠡᠰ ᠤᠨ ᠤᠬᠢ ᠴᠢᠨᠰᠠᠭ᠎ᠠ ᠲᠠᠢ ᠬᠦᠭᠵᠢᠬᠦ ᠶᠢ ᠠᠬᠢᠭᠤᠯᠬᠤ ᠳᠠᠯ᠎ᠠ ᠪᠠᠷ ᠬᠤᠷᠠᠯ ᠳᠤ ᠤᠷᠤᠯᠴᠠᠭᠰᠠᠳ ᠬᠠᠮᠳᠤ ᠶᠢᠨ ᠲᠠᠨᠢᠯᠳᠠ ᠳᠤ ᠬᠦᠷᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号