ᠬᠥᠲᠥᠯᠥᠭᠴᠢ᠄ ᠥᠨᠥᠳᠦᠷ ᠤᠨ ᠮᠠᠨ ᠤ ᠤᠷᠢᠭᠰᠠᠨ ᠵᠣᠴᠢᠨ ᠪᠣᠯ ᠰᠢᠨ᠎ᠡ ᠬᠤᠲᠠ ᠲᠣᠭᠤᠷᠢᠭ ᠤᠨ ᠢᠳᠡᠭᠡᠨᠤ ᠵᠦᠢᠯ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠳ᠋ᠠᠢ ᠼᠠᠢ ᠰᠢᠶᠠ ᠲᠣᠪᠴᠢᠶᠠᠨ ᠳᠠᠷᠤᠭ᠎ᠠ ᠂ ᠬᠤᠭᠤᠯᠠ ᠤᠮᠳᠠᠭᠠᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ | ᠠᠯᠪᠠᠨ ᠭᠡᠷ ᠤᠨ ᠯᠢ ᠮᠧᠶ ᠵᠢᠶᠦ᠋ᠨ ᠡᠷᠬᠢᠯᠡᠭᠴᠢ᠂ ᠭᠦᠢᠯᠭᠡᠭᠡᠨ ᠤ ᠬᠢᠨᠠᠯᠲᠠ ᠬᠠᠮᠢᠶᠠᠷᠦᠯᠲᠠ ᠶᠢᠨ ᠠᠯᠪᠠᠨ ᠭᠡᠷ ᠤᠨ ᠯᠢ ᠵᠢᠤᠢ ᠴᠢᠶᠠᠨ ᠡᠷᠬᠢᠯᠡᠭᠴᠢ᠂ ᠡᠮ ᠤᠨ | ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠯᠢᠦ ᠵᠢᠶᠦ᠋ᠨ ᠡᠷᠬᠢᠯᠡᠭᠴᠢ ᠣᠷᠣᠯᠴᠠᠪᠠ ᠃ | ᠳ᠋ᠠᠢ ᠼᠠᠢ ᠰᠢᠶᠠ᠄ ︽ᠡᠷᠬᠢᠮ ᠵᠣᠴᠢᠨ︾᠄ ᠬᠥᠲᠥᠯᠥᠭᠴᠢ ᠰᠠᠶᠢᠨ ᠦᠦ︖᠂ ᠰᠣᠨᠣᠰᠤᠭᠴᠢ ᠨᠠᠶᠢᠵᠠ ᠨᠠᠷ ᠲᠠ ᠪᠦᠬᠦᠨ ᠰᠠᠶᠢᠨ ᠪᠠᠶᠢᠵᠠᠭᠠᠨ᠎ᠠ | ᠦᠦ︖᠂ | ᠬᠥᠲᠥᠯᠥᠭᠴᠢ᠄ ᠰᠢᠨ᠎ᠡ ᠬᠤᠲᠠᠲ᠋ᠣᠭᠤᠷᠢᠭ ᠤᠨ ᠢᠳᠡᠭᠡᠨ ᠤ ᠵᠦᠢᠯ ᠡᠮ ᠤᠨ ᠵᠦᠢᠯ ᠤᠨ ᠲᠣᠪᠴᠢᠶ᠎ᠠ ᠨᠢᠭᠡᠨᠲᠡ ᠳᠥᠷᠪᠡᠳᠡᠬᠢ ᠤᠳᠠᠭ᠎ᠠ ᠮᠠᠨ ᠤ | ᠫᠷᠦᠭᠷᠡᠮ ᠳᠤ ᠵᠣᠴᠢᠨ ᠪᠣᠯᠵᠣ ᠰᠠᠭᠠᠲᠠᠵᠤ ᠪᠠᠶᠢᠨ᠎ᠠ᠃ ᠶᠠᠭᠤᠨ ᠤ ᠡᠮᠦᠨ᠎ᠡ ᠳ᠋ᠠᠶ ᠲᠣᠪᠴᠢᠶᠠᠨ ᠳᠠᠷᠤᠭ᠎ᠠ ᠠᠴᠠ ᠪᠢᠳᠡᠨ ᠳᠤ ᠢᠳᠡᠭᠡᠨ ᠤ ᠵᠦᠢᠯ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠵᠦ ᠪᠠᠶᠢᠬᠤ ᠪᠠᠶᠢᠳᠠᠯ ᠢ ᠲᠠᠨᠢᠯᠴᠠᠭᠤᠯᠬᠤ ᠪᠠᠷ ᠪᠠᠶᠢᠨ᠎ᠠ᠃ | ᠳ᠋ᠠᠢ ᠼᠠᠢ ᠰᠢᠶᠠ᠄ ᠣᠶᠢᠷ᠎ᠠ ᠶᠢᠨ ᠵᠢᠯ ᠤᠳ ᠲᠤ᠂ ᠮᠠᠨ ᠤ ᠲᠣᠪᠴᠢᠶ᠎ᠠ ᠰᠢᠨᠡᠲ᠋ᠣᠭᠤᠷᠢᠭ ᠤᠨᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ ᠤ ᠵᠥᠪ ᠤᠳᠤᠷᠢᠳᠤᠯᠭ᠎ᠠ ᠪᠠ ᠬᠤᠲᠠ ᠶᠢᠨ ᠢᠳᠡᠭᠡᠨ ᠤ ᠵᠦᠢᠯ ᠡᠮ ᠤᠨ ᠵᠦᠢᠯ ᠤᠨ ᠲᠣᠪᠴᠢᠶᠠᠨ ᠤ ᠵᠢᠯᠤᠭᠤᠳᠤᠯᠭ᠎ᠠ ᠳᠣᠣᠷ᠎ᠠ᠂ ᠠᠷᠠᠳ ᠣᠯᠠᠠ ᠤ | ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠪᠠᠷ ᠭᠤᠣᠯ ᠡᠭᠦᠷᠭᠡ ᠪᠣᠯᠭᠠᠭᠰᠠᠨ ᠪᠠᠷᠢᠮᠵᠢᠶᠠᠵᠢᠭᠰᠠᠨ ᠴᠢᠳᠠᠮᠵᠢ ᠶᠢᠨ | ᠪᠠᠶᠢᠭᠤᠯᠤᠯᠲᠠ ᠪᠠᠷ ᠭᠤᠣᠯᠳᠠᠯᠭ᠎ᠠ ᠪᠠᠨ ᠪᠣᠯᠭᠠᠵᠤ᠂ ᠡᠩ ᠲᠡᠷᠢᠭᠦᠨ ᠳᠤ10 ᠪᠠᠷᠢᠮᠵᠢᠶᠠᠵᠢᠭᠰᠠᠨ ᠲᠠᠰᠤᠭ ᠢ ᠪᠠᠶᠢᠭᠤᠯᠪᠠ᠃ ᠰᠤᠷᠭᠠᠭᠤᠯᠢ᠂ ᠬᠡᠦᠬᠡᠳ ᠤᠨ | ᠠᠰᠠᠷᠠᠨ ᠬᠥᠮᠦᠵᠢᠭᠦᠯᠬᠦ ᠪᠠᠶᠢᠭᠤᠯᠤᠮᠵᠢ ᠂ ᠬᠤᠭᠤᠯᠠᠨ ᠭᠡᠷ᠂ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠲᠦᠷᠭᠡᠨ ᠪᠠᠶᠢᠴᠠᠭᠠᠬᠤ | ᠲᠠᠰᠤᠭ 12 ᠪᠠᠶᠢᠭᠤᠯᠵᠤ ᠂ ᠰᠢᠯᠭᠠᠯᠲᠠ ᠪᠠᠷ ᠳᠠᠮᠵᠢᠨ ᠬᠢᠨᠠᠨ ᠬᠠᠮᠢᠶᠠᠷᠬᠤ ᠠᠵᠢᠯᠳᠡᠠ 55 ᠬᠥᠮᠦᠨ ᠡᠯᠡᠰᠴᠦ᠂ ᠬᠢᠨᠠᠨ ᠬᠠᠮᠢᠶᠠᠷᠬᠤ ᠡᠩᠨᠡᠭᠡᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠳᠠᠷᠠᠭ᠎ᠠ ᠨᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠵᠣ 34 ᠵᠤᠷᠪᠤᠰ ᠢᠳᠡᠭᠡᠨ ᠤ ᠵᠦᠢᠯ ᠤᠨ ᠠᠶᠤᠯᠭᠦᠢ ᠵᠢᠱᠢᠶ᠎ᠡ ᠦᠵᠡᠭᠦᠯᠬᠦ ᠵᠡᠭᠡᠯᠢ᠂ 392 ᠡᠯ᠎ᠡ ᠠᠵᠢᠯ ᠲᠦᠷᠦᠯ ᠤᠨ ᠵᠢᠱᠢᠶ᠎ᠡ | ᠦᠵᠡᠭᠦᠯᠬᠦ ᠳᠡᠯᠭᠡᠭᠦᠷ ᠂ 6 ᠵᠢᠷᠤᠮᠵᠢᠭᠰᠠᠨ ᠲᠠᠷᠢᠶᠠᠯᠠᠩ ᠤᠨ ᠪᠦᠳᠦᠭᠳᠡᠭᠦᠨ ᠤ ᠵᠠᠬ᠎ᠠ ᠳᠡᠯᠭᠡᠭᠦᠷ ᠢ ᠪᠠᠶᠢᠭᠤᠯᠵᠠᠢ᠃ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠲᠣᠭᠤᠭᠠᠨᠭᠡᠷ ᠤᠨ ᠬᠤᠪᠢᠰᠬᠠᠯ︾ ᠲᠤᠰᠬᠠᠶ ᠳᠦᠷᠦᠯ ᠤᠨ ᠴᠡᠭᠴᠡᠯᠡᠨ ᠵᠠᠰᠠᠬᠤ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠠᠭᠦᠯᠵᠦ ᠂ ᠭᠤᠷᠪᠠᠨ ᠲᠤᠰᠬᠠᠶ | ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵︽ᠢᠳᠡᠭᠡᠨ ᠤ ᠵᠦᠢᠯ ᠦᠨᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠥᠰᠦᠯ︾ | ᠂ ︽ᠰᠢᠨ᠎ᠡ ᠬᠤᠲᠠ ᠲᠣᠭᠤᠷᠢᠭ ᠤᠨ ᠬᠤᠭᠤᠯᠠ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ︾᠂ ︽ᠰᠢᠨ᠎ᠡ ᠬᠤᠲᠠ ᠲᠣᠭᠤᠷᠢᠭ ᠤᠨ ᠡᠮ ᠪᠠ ᠡᠮᠴᠢᠯᠡᠭᠡᠨ ᠤ ᠪᠠᠭᠠᠵᠢ ᠬᠡᠷᠡᠭᠯᠡᠭᠦᠷ ᠤᠨ ᠭᠡᠨᠡᠳᠲᠡ ᠶᠢᠨ ᠴᠢᠨᠠᠷᠲᠠᠶ ᠨᠡᠶᠢᠲᠡ ᠶᠢᠨ ᠠᠳᠡᠯ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠲᠥᠰᠦᠯ︾︶ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠪᠠᠰᠤᠷᠠᠯ ᠢ ᠥᠷᠨᠢᠭᠦᠯᠵᠦ᠂ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠠᠵᠢᠯ ᠪᠠᠨ ᠴᠢᠩᠭᠠᠣᠬᠠᠨ᠂ ᠢᠳᠡᠭᠡᠨ ᠤᠮᠳᠠᠭᠠᠨ ᠤ ᠤᠶᠤᠨᠴᠢ ᠠᠵᠤ ᠠᠬᠤᠶᠢᠯᠠᠯ ᠶᠢᠨ | ᠠᠵᠢᠯᠯᠠᠭ᠎ᠠ ᠥᠷᠨᠢᠭᠦᠯᠵᠦ᠂ ᠴᠠᠭ ᠲᠣᠬᠠᠢ ᠳᠤᠨᠢ ᠬᠢᠨᠠᠨ ᠡᠵᠡᠮᠳᠡᠬᠦ᠂ ︽ᠨᠢᠭᠡ ᠠᠵᠤ ᠠᠬᠤᠶᠢᠯᠠᠯ ᠨᠢᠭᠡ ᠳᠡᠰ︾ ᠪᠠᠶᠢᠭᠤᠯᠤᠯᠲᠠ ᠤᠨ ᠲᠤᠭ᠎ᠠ ᠪᠠᠷᠢᠮᠲᠠ ᠶᠢᠨ | ᠬᠥᠮᠥᠷᠭᠡ ᠪᠣᠯᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ᠂ ᠮᠡᠳᠡᠭᠡ ᠵᠠᠩᠭᠢᠵᠢᠯᠲᠠ ᠪᠠᠨ ᠭᠦᠢᠴᠡᠳ ᠠᠰᠢᠭᠯᠠᠨ ᠬᠢᠨᠠᠨ | ᠬᠠᠮᠢᠶᠠᠷᠬᠤ ᠠᠷᠭ᠎ᠠ ᠪᠠᠷᠢᠯ ᠪᠠᠨ ᠲᠠᠰᠦᠷᠦᠯᠲᠠ ᠦᠭᠡᠢ ᠳᠡᠭᠡᠭᠰᠢᠯᠠᠭᠦᠯᠦᠨᠡ᠃ | ᠬᠥᠲᠥᠯᠥᠭᠴᠢ᠄ ᠳ᠋ᠠᠶ ᠲᠣᠪᠴᠢᠶᠠᠨ ᠳᠠᠷᠤᠭ᠎ᠠ ᠨᠢ ᠣᠶᠢᠷ᠎ᠠ ᠶᠢᠨ ᠬᠤᠭᠤᠴᠠᠭᠠᠨ ᠤ ᠠᠵᠢᠯ ᠤᠨ ᠭᠤᠣᠯᠳᠠᠯᠭ᠎ᠠ ᠪᠠᠨ ᠪᠠᠳᠡᠨ ᠳᠤ ᠲᠠᠨᠢᠯᠴᠠᠭᠤᠯᠤᠨ᠎ᠠ ᠦᠦ | ︖ | ᠳ᠋ᠠᠢ ᠼᠠᠢ ᠰᠢᠶᠠ : ᠡᠨᠡ ᠵᠢᠯ ᠪᠢᠳᠡ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ ᠂ ᠢᠳᠡᠭᠡᠨ ᠤ | ᠵᠦᠢᠯ ᠤᠨ ᠠᠶᠤᠯᠭᠦᠶ ᠶᠢᠨ ᠠᠵᠢᠯ ᠲᠠᠢ ᠤᠶᠠᠯᠳᠤᠭᠤᠯᠤᠨ ᠰᠢᠨ᠎ᠡ ᠲᠣᠭᠲᠠᠴᠠ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠢᠳᠡᠭᠡᠨᠤ ᠵᠦᠢᠯ ᠡᠮ ᠤᠨ | ᠵᠦᠢᠯ ᠤᠨ ᠨᠡᠶᠢᠭᠡᠮ ᠤᠨ ᠬᠠᠮᠲᠤ ᠪᠠᠷ ᠵᠠᠰᠠᠬᠤ᠂ ᠣᠷᠣᠨ ᠪᠦᠰᠡ ᠶᠢᠨ ᠴᠢᠨᠠᠷᠲᠠᠶ ᠂ ᠰᠢᠰᠲ᠋ᠧᠮᠲᠦ ᠴᠢᠨᠠᠷ ᠢᠳᠡᠭᠡᠨ ᠤ ᠵᠦᠢᠯ ᠡᠮ ᠤᠨ ᠵᠦᠢᠯ ᠤᠨ ᠠᠮᠤᠷ | ᠲᠦᠪᠰᠢᠨ ᠤ ᠠᠳᠡᠯ ᠬᠡᠷᠡᠭ ᠭᠠᠷᠬᠤ ᠦᠭᠡᠢ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠦ᠂ ᠤᠶᠤᠨᠴᠢ ᠬᠢᠨᠠᠨ ᠬᠠᠮᠢᠶᠠᠷᠤᠯᠲᠠ ᠶᠢ ᠶᠡᠬᠡᠪᠡᠷ | ᠲᠦᠯᠬᠢᠨ ᠠᠬᠢᠭᠤᠯᠤᠨ᠎ᠠ᠂ | ᠬᠥᠲᠥᠯᠥᠭᠴᠢ᠄ ᠨᠢᠳᠤᠨᠤᠨ ᠠᠴᠠ ᠡᠬᠢᠯᠡᠨ ︽ᠲᠣᠭᠤᠭᠠᠨ ᠭᠡᠷ ᠤᠨ ᠬᠤᠪᠢᠰᠬᠠᠯ︾ ᠤᠨ ᠠᠵᠢᠯ ᠢ ᠥᠷᠨᠢᠭᠦᠯᠵᠦ᠂ ᠡᠨᠡ ᠠᠵᠢᠯ ᠳᠤ ᠵᠣᠬᠢᠬᠤ ᠦᠷ᠎ᠡ | ᠪᠦᠲᠦᠮᠵᠢ ᠣᠯᠤᠭᠰᠠᠨ ᠪᠠᠶᠢᠨ᠎ᠠ᠂ ᠠᠷᠠᠳ ᠢᠷᠭᠡᠳ ᠬᠦᠯᠢᠶᠡᠨ ᠵᠥᠪᠰᠢᠶᠡᠷᠡᠵᠦ ᠪᠠᠶᠢᠭ᠎ᠠ ᠬᠡᠮᠵᠢᠶ᠎ᠡ ᠨᠢ ᠴᠦ ᠨᠡᠯᠢᠶᠡᠳᠥᠨᠳᠥᠷ᠂ ᠯᠢ ᠮᠧᠶ ᠵᠢᠶᠦ᠋ᠨ ᠡᠷᠬᠢᠯᠡᠭᠴᠢ | ᠲᠠ ᠨᠠᠷ ᠡᠨᠡ ᠠᠵᠢᠯ ᠢ ᠶᠠᠭᠠᠬᠢᠵᠦ ᠦᠷᠭᠦᠯᠵᠢᠯᠡᠨ ᠬᠢᠬᠦ ᠶᠤᠮ ᠦᠦ︖ | ᠯᠢ ᠮᠧᠶ ᠵᠢᠶᠦ᠋ᠨ᠄ ᠲᠡᠶᠢᠮᠦ ᠡ᠂ ᠪᠢᠳᠡᠡᠨᠡ ᠵᠢᠯ ᠲᠣᠬᠠᠢ ᠰᠠᠳᠣᠪᠲᠣ ᠠᠵᠢᠯ ᠪᠠᠨ ᠦᠷᠭᠦᠯᠵᠢᠯᠡᠨ ᠬᠢᠬᠦ ᠪᠠᠷ ᠪᠠᠷᠠᠬᠤ ᠦᠭᠡᠢ ᠪᠠᠰᠠ ᠨᠠᠷᠢᠯᠢᠭ᠂ | ᠪᠣᠳᠠᠲᠠᠶ ᠲᠠᠯ᠎ᠠ ᠪᠠᠷ ᠶᠡᠭᠡ ᠬᠦᠴᠦ ᠲᠠᠯᠪᠢᠨ᠎ᠠ᠃ ᠢᠳᠡᠭᠡᠨ ᠤᠮᠳᠠᠭᠠᠨ ᠤ ᠶᠡᠷᠦᠩᠬᠡᠶ ᠣᠷᠴᠢᠨ ᠲᠣᠭᠤᠷᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ | ᠬᠤᠳᠠ ᠶᠢᠨ ᠣᠷᠴᠢᠨ ᠠᠬᠤᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠤᠨ ᠥᠷ᠎ᠡ ᠪᠦᠲᠦᠭᠡᠯ ᠢ ᠪᠠᠬᠢᠵᠢᠭᠦᠯᠬᠦ᠂ ᠮᠠᠨ ᠤ ᠲᠣᠪᠴᠢᠶᠠᠡᠩ ᠲᠡᠷᠢᠭᠦᠨ ᠳᠤ | ︽ᠢᠳᠡᠭᠡᠨ ᠤ ᠵᠦᠢᠯ ᠤᠨ ᠠᠶᠤᠯᠭᠦᠶ 4D ᠬᠠᠮᠢᠶᠠᠷᠤᠯᠲᠠ ᠶᠢᠨ ᠬᠡᠪ ᠵᠠᠭᠪᠤᠷ︾ ᠢ ᠪᠦᠬᠦ ᠬᠦᠴᠦ ᠪᠠᠷ ᠬᠡᠷᠡᠭᠵᠢᠭᠦᠯᠦᠨ᠂ ᠲᠣᠪᠴᠢᠶᠠᠨ ᠤ ᠲᠦᠯᠦᠪᠯᠡᠭᠡ ᠪᠠᠷ | ᠤᠷᠢᠳᠠᠪᠠᠷ 3 ᠵᠤᠷᠪᠤᠰ ᠢᠳᠡᠭᠡᠨ ᠤᠮᠳᠠᠭᠠᠨ ᠤ ᠵᠡᠭᠡᠯᠢ ᠶᠢ ᠰᠤᠭᠤᠴᠢᠨ4D ᠬᠠᠮᠢᠶᠠᠷᠤᠯᠲᠠ ᠶᠢᠨ ᠬᠡᠪ ᠵᠠᠭᠪᠤᠷ ᠢ ᠲᠥᠪᠯᠡᠷᠡᠭᠦᠯᠦᠨ ᠥᠷᠨᠢᠭᠦᠯᠵᠦ᠂ | ᠥᠨᠳᠥᠷ ᠪᠠᠷᠢᠮᠵᠢᠶ᠎ᠠ ᠪᠠᠷ ᠰᠣᠳᠣᠨ ᠪᠦᠲᠦᠭᠡᠯ ᠭᠠᠷᠭᠠᠨ ᠢᠳᠡᠭᠡᠨ ᠤ ᠵᠦᠢᠯ ᠤᠨ ᠠᠶᠤᠯᠭᠦᠢ ᠵᠢᠱᠢᠶ᠎ᠡ ᠦᠵᠡᠭᠦᠯᠬᠦ ᠵᠡᠭᠡᠯᠢ ᠶᠢ ᠡᠭᠦᠳᠦᠨ ᠪᠠᠶᠢᠭᠤᠯᠵᠤ ᠵᠢᠱᠢᠶ᠎ᠡ | ᠦᠵᠡᠭᠦᠯᠬᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠨᠡ ᠬᠦ ᠰᠠᠭᠤᠷᠢᠨ ᠳᠡᠭᠡᠷ᠎ᠡ 8 — 9 ᠵᠤᠷᠪᠤᠰ ᠵᠡᠭᠡᠯᠢ ᠶᠢ ᠰᠤᠩᠭᠤᠵᠤ᠂ ︽ᠪᠥᠬᠦ | ᠣᠷᠣᠨ ᠤ ᠵᠢᠱᠢᠶ᠎ᠡ ᠦᠵᠡᠭᠦᠯᠬᠦ ᠵᠡᠭᠡᠯᠢ ᠭᠤᠳᠤᠮᠵᠢ︾ ᠪᠣᠯᠭᠠᠨ ᠬᠤᠭᠤᠯᠠ ᠤᠮᠳᠠᠭᠠᠨ ᠤ ᠨᠢᠭᠡᠴᠡ ᠳᠤ ᠳᠡᠯᠭᠡᠷᠡᠭᠦᠯᠵᠦ᠂ ᠢᠳᠡᠭᠡᠨ ᠤᠮᠳᠠᠭᠠᠨ ᠤ ᠠᠮᠤᠷ | ᠲᠦᠪᠰᠢᠨ ᠢ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠦᠳᠦᠯᠦᠭᠴᠢ᠄ ᠯᠢ ᠡᠷᠬᠢᠯᠡᠭᠴᠢ ᠲᠠ ᠰᠠᠶ᠋ᠢᠬᠠᠨ ᠳᠤᠷᠠᠳᠤᠭᠰᠠᠨ4D ᠬᠠᠮᠢᠶᠠᠷᠤᠯᠲᠠ ᠪᠠᠨ ᠮᠠᠨ ᠳᠤ ᠳᠥᠭᠦᠮᠬᠡᠨ ᠲᠠᠨᠢᠯᠴᠠᠭᠤᠯᠵᠤ ᠥᠭᠭᠦᠨ᠎ᠡ ᠦᠦ︖ | ᠯᠢ ᠮᠧᠶ ᠵᠢᠶᠦ᠋ᠨ ᠄ 4D ᠬᠠᠮᠢᠶᠠᠷᠤᠯᠲᠠ ᠶᠢᠨ ᠬᠡᠪ ᠵᠠᠭᠪᠤᠷ᠂ ᠲᠤᠬᠠᠶᠢᠯᠠᠪᠠᠯ ᠡᠮᠬᠢᠯᠡᠵᠦ ᠬᠠᠳᠠᠭᠠᠯᠠᠬᠤ ᠨᠢ ᠵᠢᠷᠤᠮᠲᠠᠢ᠂ ᠬᠠᠷᠢᠭᠤᠴᠠᠯᠭ᠎ᠠ ᠶᠢ ᠪᠣᠳᠠᠲᠠᠶ | ᠨᠠᠶᠢᠳᠠᠪᠦᠷᠢᠵᠢᠭᠤᠯᠬᠤ᠂ ᠠᠵᠢᠯ ᠮᠡᠷᠭᠡᠵᠢᠯ ᠤᠨ ᠪᠣᠯᠪᠠᠰᠤᠷᠠᠯ ᠪᠦᠷᠢᠨ᠂ ᠭᠦᠢᠴᠡᠳᠭᠡᠯ ᠶᠠᠪᠦᠴᠠ ᠲᠣᠳᠣᠷᠬᠠᠢ ᠪᠠᠶᠢᠬᠤ᠃ | ᠬᠥᠲᠥᠯᠥᠭᠴᠢ᠄ ᠰᠤᠷᠤᠭᠴᠢᠳ ᠤᠨ ᠬᠤᠭᠤᠯᠠ ᠤᠮᠳᠠ ᠶᠢᠨ ᠠᠶᠤᠯᠭᠦᠢ ᠪᠣᠯ ᠪᠢᠳᠡ ᠤᠯᠠᠨ ᠢᠶᠠᠷ ᠢᠶᠠᠨ ᠶᠡᠷᠦ ᠶᠢᠨ ᠬᠠᠯᠠᠮᠵᠢᠯᠠ᠊ ᠠᠩᠬᠠᠷᠴᠤ ᠪᠠᠶᠢᠭ᠎ᠠ | ᠠᠰᠠᠭᠤᠳᠠᠯ᠂ ᠢᠯᠠᠩᠭᠤᠶ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠯ᠎ᠡ ᠵᠦᠢᠯ ᠤᠨ ︽ᠵᠢᠵᠢᠭ ᠬᠤᠭᠤᠯᠠᠨ ᠭᠡᠷ︾ ᠪᠠ ᠰᠤᠷᠭᠠᠭᠤᠯᠢ ᠶᠢᠨ | ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ᠂ ᠡᠳᠡᠭᠡᠷ ᠢᠳᠡᠭᠡᠨ ᠤᠮᠳᠠᠭᠠᠨ ᠨᠢᠭᠡᠴᠡ ᠨᠢ ᠶᠡᠷᠦ ᠳᠡᠭᠡᠨ ᠡᠵᠡᠩᠨᠡᠯᠲᠡ ᠶᠢᠨ ᠭᠠᠵᠠᠷ ᠨᠢ ᠳᠠᠯᠳᠠ᠂ | ᠡᠵᠡᠩᠨᠡᠯᠲᠡ ᠶᠢᠨ ᠨᠥᠬᠦᠴᠡᠯ ᠠᠳᠠᠯᠢ ᠦᠭᠡᠢ ᠪᠠᠶᠢᠳᠠᠭ᠂ ᠡᠨᠡ ᠲᠠᠯ᠎ᠠ ᠪᠠᠷ ᠪᠢᠳᠠ ᠶᠠᠭᠠᠬᠢᠵᠤ ᠬᠠᠮᠢᠶᠠᠷᠬᠤ ᠪᠤᠢ︖ | ᠯᠢ ᠮᠧᠶ ᠵᠢᠶᠦ᠋ᠨ ᠄ ᠲᠡᠶᠢᠮᠦ ᠡ ᠂ ᠰᠤᠷᠤᠭᠴᠢᠳ ᠤᠨ ᠢᠳᠡᠭᠡᠨ ᠣᠮᠳᠠᠭᠠᠨ ᠤ ᠠᠶᠣᠯᠭᠦᠢ ᠪᠣᠯ ᠶᠡᠷᠦ ᠨᠢ ᠪ᠊ ᠠᠷᠠᠳ ᠢᠷᠭᠡᠳ ᠤᠨ ᠠᠩᠬᠠᠷᠴᠤ | ᠪᠠᠶᠢᠭ᠎ᠠ ᠬᠠᠯᠠᠭᠤᠨ ᠴᠡᠭ ᠂ ᠭᠤᠣᠯᠳᠠᠯᠭ᠎ᠠ ᠲᠠᠢ ᠠᠰᠠᠭᠤᠳᠠᠯ ᠮᠦᠨ ᠃ ᠤᠷᠳᠤ ᠬᠤᠭᠤᠴᠠᠭᠠᠨ ᠤ ᠲᠤᠷᠰᠢ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠡᠨᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠰᠠ ᠴᠤ ᠮᠠᠨ ᠤ ᠲᠣᠪᠴᠢᠶ᠎ᠠ ᠲᠣᠪᠴᠢᠶ᠎ᠠ ᠭᠤᠣᠯᠳᠠᠯᠭ᠎ᠠ ᠲᠠᠢ | ᠠᠵᠢᠯ ᠪᠣᠯᠭᠠᠵᠤ᠂ ᠡᠨᠡ ᠵᠢᠯ ᠮᠠᠨ ᠤ ᠲᠣᠪᠴᠢᠶ᠎ᠠ ︽ᠵᠢᠵᠢᠭ ᠬᠤᠭᠤᠯᠠᠨ ᠭᠡᠷ︾ ᠤᠨ ᠬᠠᠮᠢᠶᠠᠷᠦᠯᠲᠠ ᠶᠢᠨ ᠠᠵᠢᠯ ᠢ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠡᠭᠦᠷᠭᠡ ᠪᠣᠯᠭᠠᠵᠤ ᠂ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠳᠣᠣᠷᠠᠬᠢ ᠬᠡᠳᠦᠨ ᠲᠠᠯ᠎ᠠ ᠪᠠᠷ ᠠᠵᠢᠯ ᠪᠠᠨ | ᠦᠷᠨᠢᠭᠦᠯᠦᠭᠰᠡᠨ ᠪᠠᠶᠢᠨ᠎ᠠ᠃ ᠨᠢᠭᠡ ᠳᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠶᠢᠳᠠᠯ ᠢ ᠡᠵᠡᠮᠰᠢᠬᠦ ᠬᠡᠷᠡᠭᠲᠡᠶ᠃ ᠬᠤᠶᠠᠷ ᠲᠤ ᠴᠢᠩᠭ᠎ᠠ ᠬᠢᠨᠠᠨ | ᠬᠠᠷᠭᠤᠭᠤᠯᠵᠤ ᠦᠨᠡᠮᠯᠡᠯ ᠣᠯᠭᠤᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠭᠤᠷᠪᠠ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠬᠡᠷᠡᠭᠲᠡᠢ ᠃ ᠲᠦᠷᠪᠡ ᠳᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠵᠢᠵᠢᠭ ᠬᠤᠭᠤᠯᠠᠨ ᠭᠡᠷ ᠬᠥᠲᠥᠯᠥᠨ ᠵᠢᠯᠣᠭᠤᠳᠴᠤ ᠪᠠᠶᠢᠭᠠᠳ | ᠵᠢᠷᠤᠮᠵᠢᠭᠤᠯᠤᠨ ᠬᠥᠭᠵᠢᠭᠦᠯᠬᠦ ᠬᠡᠷᠡᠭᠲᠡᠶ᠃ | ᠬᠥᠲᠥᠯᠥᠭᠴᠢ ᠄ ᠣᠳᠠᠯ ᠦᠭᠡᠢ ᠵᠢᠭᠤᠯᠴᠢᠯᠠᠯ ᠤᠨ ᠥᠷᠨᠢᠭᠦᠨ ᠴᠠᠭ ᠬᠦᠷᠴᠦ ᠢᠷᠡᠯ᠎ᠡ᠂ ᠰᠢᠨ᠎ᠡ ᠬᠤᠲᠠ ᠲᠣᠭᠤᠷᠢᠭ ᠨᠢ ᠳᠠᠯᠠᠨ ᠬᠠᠷ᠎ᠠ | ᠠᠭᠤᠯᠠ ᠵᠢᠨᠤᠢᠢᠷᠠ ᠵᠠᠮ ᠨᠢ ᠵᠢᠭᠤᠯᠴᠢᠯᠠᠯ ᠤᠨ ᠦᠵᠡᠮᠵᠢᠲᠦ ᠣᠷᠣᠨ ᠪᠣᠯᠵᠤ ᠴᠥᠭᠡᠨ ᠪᠤᠰᠤ ᠬᠤᠭᠤᠯᠠᠨ ᠭᠡᠷ ᠪᠠᠶᠢᠳᠠᠭ᠂ ᠡᠳᠡᠭᠡᠷ ᠬᠤᠭᠤᠯᠠᠨ ᠭᠡᠷ ᠤᠨ | ᠬᠠᠮᠢᠶᠠᠷᠤᠯᠲᠠ ᠶᠢᠨ ᠠᠵᠢᠯ ᠢ ᠬᠡᠷᠬᠢᠨ ᠬᠢᠭᠰᠡᠨ ᠪᠤᠢ︖ | ᠯᠢ ᠮᠧᠶ ᠵᠢᠶᠦ᠋ᠨ ᠄ ᠣᠳᠣᠬᠠᠨ ᠳᠤ᠂ ᠮᠠᠨ ᠤ ᠰᠢᠨ᠎ᠡ ᠬᠤᠲᠠ ᠲᠣᠭᠤᠷᠢᠭ ᠤᠨ ᠲᠠᠷᠢᠶᠠᠴᠢᠨ ᠠᠶᠢᠯ ᠤᠨ ᠵᠢᠭᠤᠯᠴᠢᠯᠠᠯ ᠤᠨ ᠬᠤᠭᠤᠯᠠᠨ ᠭᠡᠷ 53 | ᠪᠠᠶᠢᠨ᠎ᠠ᠂ ᠡᠷᠬᠢᠨ ᠲᠣᠭᠤᠷᠢᠨ ᠤ ᠬᠥᠳᠡᠭᠡ ᠲᠣᠰᠬᠤᠨ ᠤ ᠬᠤᠭᠤᠯᠠ ᠤᠮᠳᠠᠭᠠᠨ ᠨᠢᠭᠡᠴᠡ ᠶᠢᠨ 100 ᠭᠠᠷᠤᠶ ᠪᠠᠶᠢᠵᠤ ᠪᠢᠳᠡᠨ ᠤ ᠬᠢᠨᠠᠯᠲᠠ ᠬᠠᠮᠢᠶᠠᠷᠤᠯᠲᠠ ᠶᠢᠨ | ᠭᠤᠣᠯᠳᠠᠯᠭ᠎ᠠ ᠮᠥᠨ᠃ ᠡᠮᠦᠨᠡᠬᠢ ᠬᠤᠭᠤᠴᠠᠭᠠᠨ ᠳᠤ ᠮᠠᠨ ᠤ ᠲᠣᠪᠴᠢᠶ᠎ᠠ ᠨᠢᠭᠡᠨᠲᠡ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠳᠠᠭᠠᠭᠤᠯᠭ᠎ᠠ | ᠳᠣᠣᠷ᠎ᠠ᠂ ᠡᠷᠭᠢᠨ ᠲᠣᠭᠤᠷᠢᠨ ᠤ ᠵᠤᠭᠠᠴᠠᠯ ᠤᠨ ᠦᠵᠡᠮᠵᠢ ᠶᠢᠨ ᠣᠷᠣᠨ᠂ ᠲᠠᠷᠢᠶᠠᠴᠢᠨ ᠠᠶᠢᠯ ᠤᠨ ᠵᠢᠭᠤᠯᠴᠢᠯᠠᠯ ᠤᠨ ᠬᠤᠭᠤᠯᠠ ᠣᠮᠳᠠᠭᠠᠨ ᠤ ᠨᠢᠭᠡᠴᠡ ᠶᠢ | ᠰᠢᠮᠳᠠᠭᠤᠯᠤᠨ ᠪᠠᠶᠢᠴᠠᠭᠠᠵᠤ ᠰᠤᠳᠤᠯᠤᠯᠲᠠ ᠬᠢᠵᠦ᠂ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠬᠦ ᠠᠷᠭ᠎ᠠ ᠳᠤᠷᠠᠳᠴᠤ ᠴᠠᠭ ᠲᠤᠬᠠᠶ ᠳᠤᠨᠢ ᠬᠤᠯᠪᠣᠭᠳᠠᠯ | ᠪᠦᠬᠦᠢ ᠠᠵᠢᠯ ᠲᠦᠷᠦᠯ ᠦᠨᠲ᠋ᠥ᠋ᠰᠦᠯ ᠲᠣᠭᠲᠠᠭᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ ᠃ᠨᠢᠭᠡ ᠳᠤ | ᠵᠦᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠨᠠᠷᠢᠯᠢᠭ ᠳᠡᠰ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃ ᠬᠤᠶᠠᠷ ᠲᠤ ᠴᠡᠭᠴᠡᠯᠡᠨ | ᠵᠠᠰᠠᠬᠤ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠶ᠃ ᠭᠤᠷᠪᠠ ᠳᠤ ᠭᠡᠷᠡᠴᠢ ᠪᠣᠯᠤᠨ ᠪᠠᠷᠢᠮᠲᠠ ᠠᠪᠬᠤ ᠨᠠᠶᠢᠳᠠᠪᠤᠷᠢᠵᠢᠭᠤᠯᠵᠤ᠂ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠬᠡᠬᠦ ᠬᠡᠷᠡᠭᠲᠡᠶ᠃ ᠲᠦᠷᠪᠡ ᠳᠤ ᠲᠦᠭᠰᠢᠭᠦᠷᠢ ᠢ ᠬᠢᠨᠠᠨ ᠬᠢᠵᠠᠭᠠᠷᠯᠠᠬᠤ᠂ ᠰᠤᠭᠤᠴᠠᠨ ᠪᠠᠶᠢᠴᠠᠭᠠᠬᠤ | ᠬᠦᠴᠦᠨ ᠢᠶᠠᠨ ᠨᠡᠮᠡᠭᠳᠡᠭᠦᠯᠬᠦ ᠬᠡᠷᠡᠭᠲᠡᠶ᠃ ᠲᠠᠪᠤ ᠳᠤ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠳᠡᠭᠡᠨ ᠤ ᠠᠶᠤᠯᠭᠦᠶ ᠶᠢ | ᠪᠠᠲᠤᠯᠠᠨ᠎ᠠ᠃ | ᠬᠥᠲᠥᠯᠥᠭᠴᠢ᠄ ᠣᠶᠢᠷ᠎ᠠ ᠶᠢᠨ ᠵᠢᠯ ᠠᠴᠠ ᠨᠠᠰᠢ᠂ ︽ᠢᠨᠲ᠋ᠤᠷ ᠰᠦᠯᠵᠢᠶ᠎ᠡ + ᠬᠤᠭᠤᠯᠠ ᠵᠠᠬᠢᠶᠠᠯᠠᠬᠤ︾ ᠨᠢ ᠮᠠᠨ ᠳᠤ ᠰᠢᠨ᠎ᠡ ᠬᠤᠭᠤᠯᠠ ᠵᠠᠬᠢᠶᠠᠯᠠᠨ | ᠢᠳᠡᠬᠦ ᠭᠡᠯᠪᠡᠷᠢ ᠪᠣᠯᠵᠦ ᠪᠠᠶᠢᠨ᠎ᠠ᠂ ᠭᠡᠪᠡᠴᠦ ᠡᠵᠡᠩᠨᠡᠯᠲᠡ ᠶᠢᠨ ᠦᠨᠡᠮᠯᠡᠯ ᠦᠭᠡᠶ᠂ ᠪᠤᠵᠠᠷ ᠪᠠᠷᠤᠭᠲᠠᠶ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠤᠶ᠃ | ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ ᠬᠢᠨᠠᠵᠤ ᠬᠠᠮᠢᠶᠠᠷᠬᠤ ᠠᠵᠢᠯ ᠢ ᠬᠡᠷᠬᠢᠨ ᠴᠢᠩᠭᠠᠳᠬᠠᠬᠤ ᠨᠢ ᠪᠢᠳᠡᠨ ᠤ ᠢᠮᠠᠭᠲᠠ ᠠᠩᠬᠠᠷᠴᠤ ᠪᠠᠶᠢᠭ᠎ᠠ ᠠᠰᠠᠭᠤᠳᠠᠯ᠂ | ᠯᠢ ᠡᠷᠬᠢᠯᠡᠭᠴᠢ᠂ ᠪᠢᠳᠡ ᠣᠳᠣᠬᠠᠨ ᠳᠤ ᠮᠠᠨ ᠤ ᠲᠣᠪᠴᠢᠶ᠎ᠠ ᠡᠨᠡ ᠠᠵᠢᠯ ᠢ ᠬᠡᠷᠬᠢᠨᠬᠢᠵᠦ ᠪᠠᠶᠢᠬᠤ ᠶᠢ ᠲᠠᠨᠢᠯᠴᠠᠭᠤᠯᠤᠨ᠎ᠠ ᠦᠦ︖ | ᠯᠢ ᠮᠧᠶ ᠵᠢᠶᠦ᠋ᠨ ᠄ ᠨᠢᠳᠤᠨᠤᠨ ᠠᠴᠠ ᠡᠬᠢᠯᠡᠵᠦ ᠪᠢᠳᠠ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠣᠰᠣᠭᠠᠷ ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ | ᠰᠢᠪᠳᠦᠷᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡ ᠡᠵᠡᠩᠨᠡᠭᠴᠢᠳ ᠤᠨ ᠵᠥᠪᠰᠢᠶᠡᠷᠡᠯ ᠣᠯᠭᠤᠭᠰᠠᠨ ᠪᠠᠶᠢᠳᠠᠯ᠂ | ᠢᠳᠡᠭᠡᠨ ᠤᠮᠳᠠᠭᠠᠨ ᠤ ᠦᠢᠯᠡᠴᠢᠯᠡᠭᠡ ᠵᠢᠨᠡᠵᠡᠩᠨᠡᠭᠴᠢᠳ ᠤᠨᠰᠦ᠋ᠯᠵᠢᠶᠡᠨ ᠳᠤ ᠣᠷᠣᠬᠤ ᠶᠢ ᠵᠢᠷᠤᠮᠵᠢᠭᠤᠯᠵᠤ᠂ ᠭᠤᠷᠪᠠᠳᠠᠬᠢ ᠡᠲᠡᠭᠡᠳ ᠤᠨ ᠡᠳ᠋ ᠪᠠᠷᠠᠭᠠᠨ ᠤ | ᠭᠦᠢᠯᠭᠡᠭᠡ ᠺᠣᠮᠫᠠᠨᠢ ᠵᠢ᠊ ᠪᠠᠶᠢᠳᠠᠯ ᠢ ᠴᠡᠭᠴᠡᠯᠡᠨ ᠬᠠᠮᠢᠶᠠᠷᠴᠦ᠂ ᠵᠢᠯᠣᠭᠤᠳᠬᠤ ᠪᠠ ᠰᠢᠳᠬᠡᠯ ᠥᠭᠬᠦ ᠶᠢ ᠵᠡᠷᠭᠡᠪᠡᠷ ᠴᠢᠬᠤᠯᠠᠴᠢᠯᠠᠵᠤ᠂ ᠵᠢᠯᠣᠭᠤᠳᠬᠤ ᠪᠠᠷ ᠭᠤᠣᠯ | ᠪᠣᠯᠭᠠᠵᠤ᠂ ᠰᠢᠳᠬᠡᠯ ᠢᠶᠠᠷ ᠳᠡᠳ᠋ᠯᠡᠭᠦᠯᠦᠨ ᠬᠥᠮᠦᠯᠢᠭ ᠬᠠᠤᠯᠢ ᠬᠡᠷᠡᠭᠵᠢᠭᠦᠯᠵᠦ᠂ ᠡᠯ᠎ᠡ ᠢᠳᠡᠭᠡᠨ ᠤ ᠵᠦᠢᠯ ᠡᠮ ᠤᠨ ᠵᠦᠢᠯ ᠤᠨ ᠡᠵᠡᠩᠨᠡᠯᠳᠡ ᠶᠢᠨ ᠡᠷᠦᠬᠡ ᠶᠢ | ᠬᠡᠰᠡᠭ ᠬᠤᠪᠢᠶᠠᠨ ᠳᠠᠭᠠᠭᠠᠴᠢᠯᠠᠭᠤᠯᠤᠨ᠂ ᠬᠠᠷᠢᠭᠤᠴᠠᠯᠭ᠎ᠠ ᠶᠢ ᠠᠵᠢᠯᠲᠠᠨ ᠨᠢᠭᠡᠪᠦᠷᠢ ᠳᠤ ᠳᠠᠭᠠᠯᠭᠠᠨ ᠡᠷᠦᠬᠡ ᠳᠠᠷᠠᠭᠠᠯᠠᠨ ᠪᠠᠶᠢᠴᠠᠭᠠᠨ ᠳᠡᠪᠲᠡᠷᠯᠡᠵᠦ᠂ | ᠨᠡᠶᠢᠳᠡᠮ ᠤᠨ ᠪᠠᠶᠢᠴᠠᠭᠠᠯᠲᠠ ᠪᠠᠷ ᠪᠠᠶᠢᠳᠠᠯ ᠢ ᠣᠶᠢᠯᠠᠭᠠᠵᠦ ᠵᠢᠭᠠᠨ ᠵᠢᠯᠣᠭᠤᠳᠴᠤ ᠰᠦᠯᠵᠢᠶ᠎ᠡ ᠪᠠᠷ ᠬᠤᠭᠤᠯᠠ ᠵᠠᠬᠢᠶᠠᠯᠠᠬᠤ ᠶᠢ ᠭᠤᠣᠯᠳᠠᠯᠭ᠎ᠠ ᠲᠠᠢ ᠪᠠᠷ | ᠪᠠᠶᠢᠴᠠᠭᠠᠵᠤ ᠂ ᠬᠤᠭᠤᠯᠠ ᠤᠮᠳᠠᠭᠠᠨ ᠤ ᠦᠢᠯᠡᠴᠢᠯᠡᠭᠡᠨ ᠡᠵᠡᠩᠨᠡᠬᠦ ᠵᠦᠪᠰᠢᠶᠡᠷᠡᠯ ᠤᠨ ᠦᠨᠡᠮᠯᠡᠯ ᠪᠠᠶᠢᠬᠤ ᠡᠰᠡᠬᠦ᠂ ᠭᠤᠣᠯ ᠬᠠᠭᠤᠳᠠᠰᠤᠨ ᠨᠢᠭᠤᠷ ᠢᠯᠡ | ᠪᠠᠶᠢᠷᠢᠨ ᠳᠤ ᠡᠵᠡᠩᠨᠡᠯᠲᠡ ᠶᠢᠨ ᠦᠨᠡᠮᠯᠡᠯ ᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠳᠡᠰ ᠵᠡᠷᠭᠡ ᠮᠡᠳᠡᠭᠡ ᠵᠠᠩᠭᠢ ᠶᠢ ᠮᠡᠳᠡᠭᠳᠡᠭᠰᠡᠨ ᠡᠰᠡᠬᠦ ᠂ ᠰᠦᠯᠵᠢᠶᠡᠨ | ᠳᠠᠬᠢ ᠵᠥᠪᠰᠢᠶᠡᠷᠡᠯ ᠤᠨ ᠦᠨᠡᠮᠯᠡᠯ ᠨᠢ ᠪᠣᠳᠠᠲᠠᠶ ᠵᠥᠪᠰᠢᠶᠡᠷᠡᠯ ᠤᠨ ᠦᠨᠡᠮᠯᠡᠯ ᠲᠠᠢ ᠨᠢᠭᠡᠳᠦᠯᠲᠡᠶ ᠪᠠᠶᠢᠬᠤ ᠡᠰᠡᠬᠦ︔ ᠡᠵᠡᠩᠨᠡᠬᠦ ᠬᠠᠶ᠋ᠢᠭ᠂ ᠲᠥᠷᠥᠯ ᠵᠦᠢᠯ | ᠵᠡᠷᠭᠡ ᠮᠡᠳᠡᠭᠡ ᠵᠠᠩᠭᠢ ᠨᠢ ᠪᠣᠳᠠᠲᠤ ᠴᠣᠭᠴᠠᠲᠤ ᠳᠡᠯᠭᠡᠭᠦᠷ ᠲᠠᠢ ᠨᠢᠭᠡᠳᠦᠯᠲᠡᠶ ᠪᠠᠶᠢᠬᠤ ᠡᠰᠡᠬᠦ᠃ ᠢᠳᠡᠭᠡᠨ ᠤᠮᠳᠠᠭᠠᠨ ᠤ ᠰᠦᠯᠵᠢᠶᠡᠨ ᠳᠤ ᠣᠷᠣᠬᠤ | ᠦᠢᠯᠡᠴᠢᠯᠡᠭᠡ ᠡᠵᠡᠩᠨᠡᠭᠴᠢᠳ ᠤᠨ ᠦᠨᠡᠮᠯᠡᠯ ᠲᠠᠢ ᠡᠰᠡᠬᠦ ᠶᠢ ᠬᠢᠨᠠᠨ ᠬᠠᠷᠭᠤᠭᠤᠯᠬᠤ ᠠᠵᠢᠯ᠂ ᠬᠠᠷᠢᠶ᠎ᠠ ᠣᠷᠣᠨ ᠳᠠᠭᠠᠨ ᠦᠨᠡᠮᠯᠡᠯ ᠦᠭᠡᠢ ᠪᠠᠷ ᠢᠳᠡᠭᠡᠨ | ᠤᠮᠳᠠᠭᠠᠨ ᠤ ᠦᠢᠯᠡᠴᠢᠯᠡᠭᠡ ᠡᠵᠡᠩᠨᠡᠭᠴᠢᠳ ᠤᠨ ᠰᠦᠯᠵᠢᠶᠡᠨ ᠳᠤ ᠣᠷᠣᠬᠤ ᠬᠠᠷᠢᠴᠠᠭᠤᠯᠤᠭᠰᠠᠨ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ ᠰᠢᠰᠲ᠋ᠧᠮ ᠳᠤ | ᠬᠠᠩᠭᠠᠭᠰᠠᠨ ᠨᠢ ᠨᠠᠷᠢᠨ ᠲᠣᠳᠣᠷᠬᠠᠶ᠂ ᠣᠳᠣᠬᠠᠨ ᠳᠤ ᠨᠢᠭᠡᠨᠲᠡ ᠰᠢᠭᠰᠢᠨ ᠪᠠᠶᠢᠴᠠᠭᠠᠵᠤ 51 ᠬᠠᠶ᠋ᠢᠭ ᠨᠢ ᠨᠡᠶᠢᠴᠡᠬᠦ ᠦᠭᠡᠢ᠂ ᠭᠡᠷᠡᠴᠢ ᠪᠢᠴᠢᠭ ᠳᠤᠲᠠᠭᠳᠠᠵᠤ | ᠪᠠᠶᠢᠭ᠎ᠠ ᠵᠡᠷᠭᠡ ᠠᠰᠠᠭᠤᠳᠠᠯ ᠲᠠᠢ ᠬᠤᠳᠤᠯᠳᠠᠭᠠᠴᠢᠨ ᠤ ᠮᠡᠳᠡᠭᠡ ᠵᠠᠩᠭᠢ ᠶᠢ ᠢᠯᠡ ᠨᠡᠶᠢᠲᠡᠯᠡᠨ ᠠᠵᠤ ᠠᠬᠤᠶᠢᠯᠠᠯ ᠢ ᠵᠠᠬ᠎ᠠ ᠳᠡᠯᠭᠡᠭᠦᠷ ᠠᠴᠠ ᠭᠠᠷᠭᠠᠵᠠᠢ᠃ | ᠡᠭᠦᠨ ᠤ ᠬᠠᠮᠲᠤ ᠬᠤᠭᠤᠯᠠ ᠬᠦᠷᠭᠡᠬᠦ ᠲᠠᠯ᠎ᠠ ᠪᠠᠷ ᠠᠶᠤᠯ ᠥᠭᠡᠢ ᠶᠢ ᠪᠠᠲᠤᠯᠠᠬᠤ ᠶᠢᠨ ᠲᠥᠯᠥᠭᠡ ᠡᠷᠡᠭᠦᠯ ᠬᠠᠮᠠᠭᠠᠯᠠᠯ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ | ᠡᠬᠢᠯᠡᠭᠦᠯᠵᠦ᠂ ᠰᠦᠯᠵᠢᠶ᠎ᠡ ᠪᠠᠷ ᠬᠤᠭᠤᠯᠠ ᠵᠠᠬᠢᠶᠠᠯᠠᠬᠤ ᠳᠤ ᠭᠠᠷ ᠤᠨ ᠦᠰᠦᠭ ᠵᠢᠷᠤᠬᠤ ᠶᠢ ᠬᠡᠷᠡᠭᠵᠢᠭᠦᠯᠵᠦ᠂ ᠭᠠᠷ ᠤᠨ ᠦᠰᠦᠭ ᠵᠢᠷᠤᠬᠤ ᠬᠡᠪ ᠬᠠᠪᠲᠠᠰᠤ | ᠲᠠᠷᠬᠠᠭᠠᠵᠤ ᠥᠭᠭᠦᠭᠰᠡᠨ ᠡᠯ᠎ᠡ ᠢᠳᠡᠭᠡᠨ ᠤ ᠵᠦᠢᠯ᠂ ᠡᠮ ᠤᠨ ᠵᠦᠢᠯ ᠤᠨ ᠭᠠᠵᠠᠷ ᠬᠤᠭᠤᠯᠠ ᠬᠦᠷᠭᠡᠬᠦ ᠭᠦᠢᠴᠡᠳᠬᠡᠬᠦ ᠶᠠᠪᠤᠴᠠ ᠳᠤ ᠭᠠᠷ ᠤᠨ ᠦᠰᠦᠭ | ᠵᠢᠷᠤᠵᠤ᠂ ᠢᠳᠡᠭᠡᠨ ᠢ ᠲᠣᠬᠢᠷᠠᠭᠤᠯᠤᠨ ᠬᠦᠷᠭᠡᠬᠦ ᠶᠠᠪᠤᠴᠠ ᠶᠢᠨ ᠪᠣᠬᠢᠷᠳᠤᠯ ᠥᠬᠡᠢ ᠪᠠᠶᠢᠬᠤ ᠢ ᠦᠨᠡᠨ ᠬᠦ ᠪᠠᠲᠤᠯᠠᠬᠤ ᠬᠡᠷᠡᠭᠲᠡᠶ᠃ | ᠬᠥᠲᠥᠯᠥᠭᠴᠢ᠄ ᠡᠨᠡ ᠵᠢᠯ ᠠᠴᠠ ᠡᠬᠢᠯᠡᠵᠦ ᠮᠠᠨ ᠤ ᠬᠤᠳᠠ ᠶᠢᠨ ᠬᠤᠭ ᠨᠣᠪᠰᠢ ᠣᠪᠣᠭᠠᠯᠠᠬᠤ ᠪᠠᠶᠢᠳᠠᠯ ᠲᠦᠢᠯ ᠤᠨ ᠶᠡᠭᠡ ᠪᠠᠷ ᠰᠠᠶᠢᠵᠢᠷᠠᠵᠤ᠂ | ᠢᠯᠠᠩᠭᠤᠶ᠎ᠠ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠳᠤᠷ᠎ᠠ ᠪᠠᠷ ᠢᠶᠠᠨ ᠴᠢᠳᠬᠤᠭᠰᠠᠨ ᠪᠠᠶᠢᠳᠠᠯ ᠴᠥᠭᠡᠨ ᠪᠣᠯᠣᠯ᠎ᠠ᠂ ᠲᠠ ᠨᠠᠷ ᠡᠨᠡ | ᠠᠵᠢᠯ ᠢ ᠬᠡᠷᠬᠢᠨ ᠬᠢᠵᠦ ᠪᠠᠶᠢᠭ᠎ᠠ ᠪᠣᠢ︖ | ᠯᠢ ᠮᠧᠶ ᠵᠢᠶᠦ᠋ᠨ᠄ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠳᠠᠷᠦᠢ ᠲᠦᠷᠭᠡᠨ ᠵᠦᠭᠡᠭᠡᠪᠦᠷᠢᠯᠡᠨ ᠥᠷᠭᠡᠨ ᠤᠯᠠᠨ ᠰᠠᠭᠤᠭᠠᠯᠢ | ᠠᠷᠠᠳ ᠲᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠶᠢᠨ ᠲᠦᠯᠦᠭᠡ ᠮᠠᠨ ᠤ ᠲᠣᠪᠴᠢᠶ᠎ᠠ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠬᠡᠷᠡᠭ ᠡᠷᠬᠢᠯᠡᠬᠦ ᠭᠠᠵᠠᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠦᠷᠠᠨ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ | ᠴᠢᠳᠬᠤᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠦᠭᠴᠦ᠂ ᠬᠤᠭ ᠨᠣᠪᠰᠢ ᠶᠢ ᠳᠤᠷ᠎ᠠ ᠪᠠᠷ ᠬᠠᠶᠠᠬᠤ ᠬᠠᠤᠯᠢ ᠵᠥᠷᠢᠴᠡᠭᠰᠡᠨ ᠦᠢᠯᠡ | ᠠᠵᠢᠯᠯᠠᠭ᠎ᠠ ᠳᠤ 3200 ᠢᠯᠡᠭᠦᠦ ᠬᠤᠪᠢ ᠠᠯᠪᠠᠨ ᠵᠠᠷᠯᠠᠯ ᠲᠷᠬᠠᠭᠠᠵᠦ᠂ ᠡᠵᠡᠩᠨᠡᠭᠴᠢ ᠶᠢ ᠰᠢᠪᠠᠳᠠᠨ ᠡᠳᠦᠷ ᠪᠦᠷᠢ ᠶᠢᠨ ᠴᠡᠪᠡᠷᠯᠡᠨ ᠲᠡᠭᠡᠭᠡᠪᠦᠷᠢᠯᠡᠬᠦ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠴᠡᠪᠡᠷᠯᠡᠨ ᠲᠡᠭᠡᠭᠡᠪᠦᠷᠢᠯᠡᠬᠦ ᠲᠡᠮᠳᠡᠭᠯᠡᠯ ᠢᠶᠠᠨ ᠰᠠᠶᠢᠲᠤᠷ ᠬᠢᠵᠦ ᠂ ᠬᠤᠭ ᠨᠣᠪᠰᠢ ᠶᠢ ᠳᠤᠷ᠎ᠠ ᠪᠠᠷ ᠬᠠᠶᠠᠬᠤ | ᠦᠢᠯᠡ ᠠᠵᠢᠯᠯᠠᠭ᠎ᠠ ᠶᠢ ᠪᠠᠶᠢᠴᠠᠭᠠᠵᠦ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠤᠷᠢᠭᠯᠠᠨ ᠵᠣᠭᠰᠣᠭᠠᠵᠤ᠂ ᠠᠯᠬᠤᠮ ᠠᠯᠬᠤᠮ ᠢᠶᠠᠷ ᠢᠳᠡᠭᠡᠨ | ᠤᠮᠳᠠᠭᠠᠨ ᠤ ᠨᠢᠭᠡᠴᠡ ᠳᠤ ᠠᠵᠢᠯᠯᠠᠵᠤ ᠪᠠᠶᠢᠭ᠎ᠠ ᠬᠥᠮᠦᠰ ᠤᠨ ᠳᠤᠷ᠎ᠠ ᠪᠠᠷ ᠢᠶᠠᠨ ᠬᠤᠭ ᠨᠣᠪᠰᠢ ᠶᠢ ᠬᠠᠶᠠᠬᠤ ᠦᠭᠡᠢ ᠰᠠᠶᠢᠨ ᠵᠠᠩᠰᠢᠯ ᠲᠠᠢ ᠪᠣᠢ ᠪᠣᠯᠭᠠᠬᠤ | ᠪᠠᠷ ᠴᠢᠷᠮᠠᠶᠢᠵᠠᠢ᠃ | ᠬᠥᠲᠥᠯᠥᠭᠴᠢ᠄ ᠲᠠᠷᠢᠶᠠᠯᠠᠩ ᠤᠨ ᠪᠦᠲᠦᠭᠳᠡᠭᠦᠨ ᠤ ᠵᠠᠬ᠎ᠠ ᠳᠡᠯᠭᠡᠭᠦᠷ ᠤᠨ ᠢᠳᠡᠭᠡᠨ ᠣᠮᠳᠠᠭᠠᠨ ᠤ ᠴᠢᠨᠠᠷ ᠴᠢᠨᠰᠠᠭ᠎ᠠ ᠨᠢᠠᠷᠠᠳ ᠣᠯᠠᠨ ᠤ ᠡᠳᠦᠷ | ᠲᠤᠲᠤᠮ ᠤᠨ ᠠᠮᠢᠳᠦᠷᠠᠯ ᠲᠠᠢ ᠰᠢᠭᠤᠳ ᠬᠤᠯᠪᠣᠭᠳᠠᠵᠤ ᠪᠠᠶᠢᠳᠠᠭ᠃ ᠯᠢ ᠵᠢᠤᠢ ᠴᠢᠶᠠᠨ ᠡᠷᠬᠢᠯᠡᠭᠴᠢ ᠡᠳᠡᠭᠡᠷ ᠵᠠᠬ᠎ᠠ ᠳᠡᠯᠭᠡᠭᠦᠷ ᠢ ᠴᠡᠭᠴᠡᠯᠡᠬᠦ ᠳᠤ ᠶᠠᠮᠠᠷ | ᠶᠠᠮᠠᠷ ᠪᠣᠳᠠᠲᠠᠶ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠤᠭᠰᠠᠨ ᠪᠤᠢ︖ | ᠯᠢ ᠵᠢᠤᠢ ᠴᠢᠶᠠᠨ ᠄ ᠶᠠᠭᠤᠨ ᠤ ᠡᠮᠦᠨ᠎ᠡ ᠪᠢᠳᠡ ᠭᠤᠣᠯᠳᠠᠯᠭ᠎ᠠ ᠪᠠᠨ ᠠᠳᠬᠤᠨ ᠵᠠᠬ᠎ᠠ ᠳᠡᠯᠭᠡᠭᠦᠷ ᠤᠨ ᠬᠠᠷᠢᠭᠤᠴᠠᠯᠭᠠᠲᠠᠨ ᠪᠠ ᠡᠵᠡᠩᠨᠡᠬᠦ ᠡᠷᠦᠬᠡ ᠶᠢᠨ | ᠢᠳᠡᠭᠡᠨ ᠣᠮᠳᠠᠭᠠᠨ ᠤ ᠠᠶᠤᠯ ᠭᠡᠨᠳᠡᠯ ᠤᠨ ᠤᠬᠠᠭᠤᠯᠭ᠎ᠠ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠵᠠᠬ᠎ᠠ ᠳᠡᠯᠭᠡᠭᠦᠷ ᠤᠨ ᠵᠢᠷᠤᠮᠵᠢᠭᠤᠯᠬᠤ | ᠪᠠᠶᠢᠭᠤᠯᠤᠯᠲᠠ ᠶᠢᠨ ᠲᠤᠬᠠᠶ ᠲᠠᠨᠢᠯᠲᠠ ᠪᠠᠨ ᠳᠡᠭᠡᠭᠰᠢᠯᠡᠭᠦᠯᠦᠨ᠎ᠡ᠃ ᠳᠠᠷᠠᠭ᠎ᠠ ᠨᠢ ᠢᠳᠡᠰᠢᠨ ᠨᠣᠭᠤᠭ᠎ᠠ ᠮᠢᠬ᠎ᠠ ᠭᠦᠢᠯᠭᠡᠭᠡᠨ ᠤ ᠡᠯᠧᠺᠲᠷᠤᠨ ᠮᠥᠷᠳᠡᠨ | ᠬᠠᠮᠢᠶᠠᠷᠬᠤ ᠲᠠᠪᠴᠠᠩ ᠢ ᠪᠠᠶᠢᠭᠤᠯᠵᠤ᠂ ᠡᠯ᠎ᠡ ᠡᠵᠡᠩᠨᠡᠭᠴᠢ ᠶᠢᠨ ᠪᠠᠶᠢᠳᠠᠯ ᠢ ᠦᠨᠡᠨ ᠪᠣᠳᠠᠳᠠᠢ ᠲᠡᠮᠳᠡᠭᠯᠡᠵᠦ ᠂ ᠣᠪᠣᠭ ᠨᠡᠷ᠎ᠡ᠂ ᠬᠤᠯᠪᠣᠭ᠎ᠠ ᠠᠪᠬᠤ ᠠᠷᠭ᠎ᠠ | ᠬᠡᠯᠪᠡᠷᠢ᠂ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠵᠡᠷᠭᠡ ᠭᠡᠷᠡᠴᠢ ᠮᠠᠲ᠋ᠧᠷᠢᠶᠠᠯ ᠠᠪᠬᠤ᠂ ᠬᠥᠬᠡᠬᠤᠲᠠ ᠶᠢᠨ ᠮᠢᠬ᠎ᠠ ᠨᠣᠭᠤᠭ᠎ᠠ ᠭᠦᠢᠯᠭᠡᠭᠡᠨ ᠤ | ᠴᠢᠨᠠᠷ ᠢ ᠮᠥᠷᠳᠡᠨ ᠬᠠᠮᠢᠶᠠᠷᠬᠤ ᠲᠠᠪᠴᠠᠩ ᠪᠠᠷ ᠡᠵᠡᠩᠨᠡᠭᠴᠢ ᠶᠢᠨ ᠡᠯᠧᠺᠲᠷᠣᠨ ᠳᠠᠩᠰᠠ ᠡᠪᠬᠡᠮᠡᠯ᠂ ᠦᠢᠯᠡᠳᠬᠦᠨ ᠤ ᠴᠢᠨᠠᠷ ᠢ ᠮᠥᠷᠳᠡᠵᠦ ᠪᠣᠯᠬᠤ ᠶᠢ | ᠪᠠᠲᠤᠯᠠᠬᠤ ᠬᠡᠷᠡᠭᠲᠡᠶ᠃ ᠭᠤᠷᠪᠠ ᠳᠤ ᠲᠦᠷᠭᠡᠨ ᠪᠠᠶᠢᠴᠠᠭᠠᠬᠤ ᠲᠠᠰᠤᠭ ᠢ ᠪᠠᠶᠢᠭᠤᠯᠵᠤ ᠵᠠᠬ᠎ᠠ ᠳᠡᠯᠭᠡᠭᠦᠷ ᠤᠨ ᠢᠯᠡᠷᠬᠡᠶ ᠭᠠᠵᠠᠷ ᠲᠤ ᠪᠠᠶᠢᠴᠠᠭᠠᠨ ᠰᠢᠯᠭᠠᠬᠤ | ᠲᠠᠰᠤᠭ ᠭᠠᠷᠭᠠᠨ᠂ ᠲᠦᠷᠭᠡᠨ ᠰᠢᠯᠭᠠᠨ ᠬᠡᠮᠵᠢᠬᠦ ᠲᠥᠬᠦᠭᠡᠷᠦᠮᠵᠢ ᠪᠠ ᠠᠵᠢᠯᠲᠠᠨ ᠲᠦᠷᠭᠡᠨ ᠪᠠᠶᠢᠴᠠᠭᠠᠵᠤ ᠰᠢᠯᠭᠠᠬᠤ ᠴᠢᠳᠠᠪᠦᠷᠢ ᠶᠢ ᠪᠦᠷᠢᠯᠳᠦᠭᠦᠯᠦᠭᠰᠡᠨ | ᠪᠠᠶᠢᠨ᠎ᠠ᠃ | ᠬᠥᠲᠥᠯᠥᠭᠴᠢ᠄ ᠨᠢᠳᠤᠨᠤᠨ ᠪᠢᠳᠡ ᠣᠶᠢᠯᠠᠭᠠᠵᠤ ᠮᠡᠳᠡᠭᠰᠡᠨ ᠪᠠᠷ ᠥᠪᠡᠷᠲᠡᠭᠡᠨ ᠵᠠᠰᠠᠬᠤ ᠣᠷᠣᠨ ᠤ ᠢᠳᠡᠭᠡᠨ ᠪᠣᠯᠤᠨ ᠡᠮ ᠤᠨ ᠲᠣᠪᠴᠢᠶ᠎ᠠ ᠴᠢᠨᠠᠷ ᠤᠨ | ᠠᠶᠤᠯᠭᠦᠶ ᠮᠢᠬ᠎ᠠ ᠢᠳᠡᠰᠢᠨ ᠨᠣᠭᠤᠭᠠᠨ ᠤ ᠳᠡᠯᠭᠡᠭᠦᠷ ᠤᠨ ᠠᠵᠢᠯ ᠢ ᠵᠣᠬᠢᠶᠡᠨ ᠪᠠᠶᠢᠭᠤᠯᠵᠠᠢ᠂ ᠡᠨᠡ ᠬᠦ ᠠᠵᠢᠯ ᠢ ᠰᠢᠨ᠎ᠡ ᠬᠤᠲᠠ ᠲᠣᠭᠤᠷᠢᠭ ᠶᠠᠭᠠᠬᠢᠵᠤ | ᠬᠢᠭᠰᠡᠨ ᠪᠤᠶ︖ | ᠯᠢ ᠵᠢᠤᠢ ᠴᠢᠶᠠᠨ ᠄ ᠬᠡᠳᠦ ᠳᠡᠯᠭᠡᠭᠦᠷ ᠤᠨ ᠢᠳᠡᠭᠡᠨ ᠤ ᠠᠶᠤᠯ ᠥᠭᠡᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠮᠢᠬ᠎ᠠ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠠᠮᠢᠶᠠᠷᠤᠯᠲᠠ᠂ | ᠬᠡᠷᠡᠭᠯᠡᠭᠴᠢᠳ ᠲᠤ ᠴᠢᠨᠠᠷ ᠤᠨ ᠠᠶᠤᠯᠭᠦᠶ ᠮᠢᠬ᠎ᠠ ᠢᠳᠡᠰᠢᠨ ᠨᠣᠭᠤᠭ᠎ᠠ ᠬᠠᠩᠭᠠᠬᠤ ᠪᠠᠷ ︽ᠴᠢᠨᠠᠷ ᠤᠨᠠᠶᠤᠯᠭᠦᠶᠮᠢᠬᠠ ᠨᠣᠭᠤᠭ᠎ᠠ ᠵᠢᠱᠢᠶ᠎ᠡ ᠦᠵᠡᠭᠦᠯᠬᠦ ᠬᠡᠳᠦ | ᠳᠡᠯᠭᠡᠭᠦᠷ︾ ᠢ ᠡᠭᠦᠳᠦᠨ ᠪᠠᠶᠢᠭᠤᠯᠵᠤ ᠨᠢᠳᠤᠨᠤᠨ ᠪᠢᠳᠡ ᠪᠡᠭᠡᠵᠢᠩ ᠤᠨ ᠬᠤᠸᠠ ᠯᠢᠶᠠᠨ ᠬᠡᠳᠦ ᠳᠡᠯᠭᠡᠭᠦᠷ ᠤᠨ ᠪᠢᠨ ᠬᠠᠢ ᠳᠡᠯᠭᠡᠭᠦᠷ ᠢ ᠮᠠᠨ ᠤ ᠣᠷᠣᠨ ᠤ | ᠠᠩᠬᠠᠳᠠᠭᠴᠢ ᠴᠢᠨᠠᠷ ᠤᠨ ᠠᠶᠤᠯᠭᠦᠶ ᠮᠢᠬ᠎ᠠ ᠨᠣᠭᠤᠭᠠᠨ ᠵᠢᠱᠢᠶ᠎ᠡ ᠦᠵᠡᠭᠦᠯᠬᠦ ᠳᠡᠯᠭᠡᠭᠦᠷ ᠪᠠᠷ ᠨᠡᠷᠡᠯᠡᠵᠦ᠂ ᠳᠡᠯᠭᠡᠭᠦᠷ ᠤᠨ ᠬᠠᠷᠢᠭᠤᠴᠠᠯᠭᠠᠲᠠᠨ ᠪᠠ | ᠠᠵᠢᠯᠲᠠᠳ ᠤᠨ ᠢᠳᠡᠪᠬᠢᠲᠡᠶ ᠪᠠᠷ ᠬᠠᠮᠵᠢᠯᠴᠠᠭ᠎ᠠ ᠪᠠᠷ ᠬᠡᠳᠦ ᠳᠡᠯᠭᠡᠭᠦᠷ ᠲᠤ ᠢᠳᠡᠭᠡᠨ ᠤ ᠴᠢᠨᠠᠷ ᠢ ᠲᠦᠷᠭᠡᠨ ᠪᠠᠶᠢᠴᠠᠭᠠᠬᠤ ᠲᠠᠰᠤᠭ ᠭᠠᠷᠭᠠᠨ ᠡᠳᠦᠷ ᠪᠦᠷᠢ | ᠳᠡᠯᠭᠡᠭᠦᠷ ᠤᠨ ᠣᠷᠣᠭᠤᠯᠣᠭᠰᠨᠠ ᠮᠢᠬ᠎ᠠ ᠢᠳᠡᠰᠢᠨ ᠨᠣᠭᠤᠭ᠎ᠠ ᠶᠢ ᠲᠦᠷᠭᠡᠨ ᠪᠠᠶᠢᠴᠠᠭᠠᠵᠤ ᠂ ᠪᠠᠶᠢᠴᠠᠭᠠᠯᠲᠠ ᠶᠢᠨ ᠳ᠋ᠦᠩ ᠪᠠᠨ ᠵᠠᠷᠯᠠᠨᠠᠷᠠᠳ ᠢᠷᠭᠡᠳ ᠰᠠᠨᠠᠭ᠎ᠠ | ᠠᠮᠤᠷ ᠬᠤᠳᠠᠯᠳᠤᠨ ᠠᠪᠬᠤ ᠪᠠᠳᠤᠯᠠᠭ᠎ᠠ ᠶᠢ ᠬᠠᠩᠭᠠᠵᠠᠢ᠃ ᠬᠡᠳᠦ ᠳᠡᠯᠭᠡᠭᠦᠷ ᠪᠠᠰᠠ ᠢᠳᠡᠰᠢᠨ ᠨᠣᠭᠤᠭ᠎ᠠ ᠲᠠᠷᠢᠬᠤ ᠰᠠᠭᠤᠷᠢᠨ ᠭᠠᠵᠠᠷ ᠲᠠᠢ ᠬᠤᠳᠠᠯᠳᠤᠨ | ᠠᠪᠬᠤ ᠪᠠ ᠪᠣᠷᠣᠯᠠᠭᠤᠯᠬᠤ ᠭᠡᠷ᠎ᠡ ᠲᠣᠭᠲᠠᠵᠤ ᠂ ᠣᠬᠢ ᠰᠠᠶᠢᠨ ᠢᠳᠡᠰᠢᠨ ᠨᠣᠭᠤᠭ᠎ᠠ ᠶᠢᠨ ᠲᠤᠰᠬᠠᠶ ᠪᠣᠯᠣᠩ ᠭᠠᠷᠭᠠᠨ ᠡᠷᠳᠡᠨᠢ ᠮᠢᠬᠠᠨ ᠤ ᠦᠢᠯᠡᠰ᠂ ᠮᠧᠩ | ᠶᠠᠩ ᠬᠤᠨᠢᠨ ᠮᠢᠬᠠᠨ ᠤ ᠦᠢᠯᠡᠰ ᠤᠨ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠠᠵᠤ᠂ ᠮᠢᠬᠠᠨ ᠤ ᠲᠤᠰᠬᠠᠶ ᠯᠠᠩᠭᠦᠶ ᠪᠠᠶᠢᠭᠤᠯᠵᠤ ᠳᠦᠭᠦᠮ | ᠦᠵᠡᠭᠦᠯᠦᠨ᠂ ᠠᠷᠠᠳ ᠣᠯᠠᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ | ᠬᠥᠲᠥᠯᠥᠭᠴᠢ᠄ ᠨᠡᠶᠢᠭᠡᠮ ᠤᠨ ᠲᠠᠪᠰᠢᠯᠳᠠ ᠂ ᠠᠷᠠᠳ ᠲᠦᠮᠡᠨ ᠤ ᠠᠮᠢᠳᠤᠷᠠᠯ ᠤᠨ ᠬᠡᠮᠵᠢᠶ᠎ᠡ ᠳᠡᠭᠡᠭᠰᠢᠯᠡᠭᠰᠡᠨ ᠠᠴᠠ ᠣᠯᠠᠨ ᠲᠦᠮᠡᠨ ᠥᠪᠡᠷ ᠤᠨ ᠪᠡᠶ᠎ᠡ | ᠮᠠᠬᠠᠪᠤᠳ ᠢᠶᠠᠨ ᠰᠤᠪᠢᠯᠠᠬᠤ ᠰᠢᠨ᠎ᠡ ᠱᠠᠭᠠᠷᠳᠠᠯᠭ᠎ᠠ ᠲᠠᠢ ᠪᠣᠯᠵᠠᠢ᠂ ᠢᠯᠠᠩᠭᠤᠶ᠎ᠠ ᠨᠠᠰᠤᠲᠠᠶᠢᠴᠤᠳ ᠤᠨ ᠡᠷᠡᠭᠦᠯᠵᠢᠯ ᠤᠨ ᠢᠳᠡᠭᠡᠨ ᠢ ᠶᠡᠭᠡ ᠬᠡᠮᠵᠢᠶ᠎ᠡ ᠪᠠᠷ | ᠬᠤᠳᠠᠯᠳᠤᠨ ᠠᠪᠴᠤ ᠠᠮᠠᠷᠬᠠᠨ ᠮᠡᠭᠡᠯᠡᠭᠳᠡᠳᠡᠭ᠃ ᠡᠶᠢᠮᠦ ᠠᠴᠠ ᠡᠷᠡᠭᠦᠯᠵᠢᠯ ᠢᠳᠡᠭᠡᠨ ᠢ ᠬᠡᠷᠬᠢᠨ ᠢᠯᠭᠠᠨ ᠲᠠᠨᠢᠵᠤ ᠬᠤᠳᠠᠯᠳᠤᠨ ᠠᠪᠬᠤ ᠨᠢ ᠣᠯᠠᠨ ᠤ | ᠠᠩᠬᠠᠷᠴᠤ ᠪᠠᠶᠢᠭ᠎ᠠ ᠪᠠᠰᠠ ᠨᠢᠭᠡᠨ ᠠᠰᠠᠭᠤᠳᠠᠯ ᠮᠦᠨ᠂᠂ ᠡᠨᠡ ᠲᠠᠯ᠎ᠠ ᠪᠠᠷ ᠲᠠ ᠬᠡᠯᠡᠭᠡᠳ ᠦᠭᠭᠦᠨ᠎ᠡ ᠦᠦ︖ | ᠯᠢ ᠵᠢᠤᠢ ᠴᠢᠶᠠᠨ ᠄ ᠣᠶᠢᠷ᠎ᠠ ᠶᠢᠨ ᠵᠢᠯ ᠳᠤ ᠡᠯᠳᠡᠪ ᠡᠰᠡ ᠶᠢᠨ ᠨᠡᠷᠡᠶᠢᠳᠦᠯ ᠲᠠᠢ ᠡᠷᠡᠭᠦᠯᠵᠢᠯ ᠶᠢᠨ ᠢᠳᠡᠭᠡᠨ ᠢ ᠪᠣᠷᠣᠯᠠᠭᠤᠯᠬᠤ ᠠᠵᠤ ᠠᠬᠤᠶᠢᠯᠠᠯ᠂ | ᠡᠯ᠎ᠡ ᠵᠦᠢᠯ ᠤᠨ ᠬᠡᠯᠪᠡᠷᠢ ᠶᠢᠨ ᠡᠵᠡᠩᠨᠡᠨ ᠪᠣᠷᠣᠯᠠᠭᠤᠯᠬᠤ ᠣᠬᠠᠭᠤᠯᠭ᠎ᠠ ᠣᠯᠠᠳᠴᠤ ᠂ ᠬᠡᠷᠡᠭᠯᠡᠭᠴᠢᠳ ᠤᠨ ᠢᠳᠡᠭᠡᠨ ᠢ ᠰᠣᠩᠭᠤᠬᠤ ᠪᠠ ᠬᠡᠷᠡᠭᠯᠡᠬᠦ ᠪᠠᠷ | ᠡᠷᠡᠭᠦᠯᠵᠢᠯ ᠤᠨ ᠵᠦᠢᠯ ᠢᠳᠡᠭᠡᠨ ᠪᠠ ᠡᠮ ᠤᠨ ᠵᠦᠢᠯ ᠤᠨ ᠢᠯᠭᠠᠭ᠎ᠠ ᠶᠢ ᠮᠡᠳᠡᠬᠦ ᠬᠡᠷᠡᠭᠳᠡᠢ ᠃ ᠬᠠᠮᠤᠭ ᠤᠨ ᠲᠡᠷᠢᠭᠦᠨ ᠳᠤ ᠦᠢᠯᠡᠳᠬᠦᠨ ᠤ ᠭᠠᠳᠠᠷ | ᠪᠣᠭᠤᠳᠠᠯ ᠪᠠᠭᠯᠠᠭ᠎ᠠ ᠳᠡᠭᠡᠷ᠎ᠡ ᠨᠢ ᠵᠥᠪᠰᠢᠶᠡᠷᠡᠭᠰᠡᠨ ᠪᠢᠴᠢᠭ ᠤᠨ ᠳ᠋ᠤᠭᠠᠷᠯᠠᠯ ᠢᠯᠭᠠᠭ᠎ᠠ ᠲᠠᠢ ᠪᠠᠶᠢᠳᠠᠭ᠃ ᠦᠢᠯᠡᠳᠬᠦᠨ ᠤ ᠭᠠᠳᠠᠷ ᠪᠣᠭᠤᠳᠠᠯ ᠪᠠᠭᠯᠠᠭ᠎ᠠ | ᠳᠡᠭᠡᠷ᠎ᠡ ᠨᠢ 2003 ᠣᠨ ᠤ 10 ᠰᠠᠷ᠎ᠠ ᠳᠤ ᠰᠡᠭᠦᠯᠡᠷ ᠨᠢ ᠤᠯᠤᠰ ᠤᠨ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠨᠢ ᠡᠷᠡᠭᠦᠯᠵᠢᠯ ᠶᠢᠨ ᠢᠳᠡᠭᠡᠨ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠵᠤ᠂ ᠵᠥᠪᠰᠢᠶᠡᠷᠡᠯ ᠤᠨ ᠪᠢᠴᠢᠭ ᠤᠨ ᠳ᠋ᠤᠭᠠᠷ ᠲᠣᠭᠠᠲᠤ ︽ᠤᠯᠤᠰ ᠤᠨ | ᠢᠳᠡᠭᠡᠨ ᠤ ᠡᠷᠡᠭᠦᠯᠵᠢᠯ ᠤᠨ ᠦᠰᠦᠭ G + ᠳᠥᠷᠪᠡᠨ ᠣᠨ ᠤ ᠳᠠᠷᠠᠭᠠᠯᠠᠯ ᠤᠨ ᠺᠣᠳ᠋ ︾ ᠵᠢᠴᠢ ︽ᠤᠯᠤᠰ ᠤᠨ ᠢᠳᠡᠭᠡᠨ ᠤ ᠡᠷᠡᠭᠦᠯᠵᠢᠯ ᠤᠨ ᠦᠰᠦᠭ J | + ᠳᠥᠷᠪᠡᠨ ᠣᠨ ᠤ ᠳᠠᠷᠠᠭᠠᠯᠠᠯ ᠤᠨ ᠺᠣᠳ᠋︾ ᠲᠠᠢ ᠪᠠᠶᠢᠳᠠᠭ᠃ ᠴᠢᠨᠠᠭᠰᠢᠳᠠ ᠡᠷᠡᠭᠦᠯᠵᠢᠯ ᠶᠢᠨ ᠢᠳᠡᠭᠡᠨ ᠪᠠ ᠡᠮ ᠤᠨ ᠵᠦᠢᠯ ᠤᠨ ᠴᠢᠳᠠᠪᠤᠷᠢ ᠶᠢᠨ | ᠲᠠᠯ᠎ᠠ ᠪᠠᠷ ᠪᠣᠯ ᠲᠣᠳᠣᠷᠬᠠᠶ ᠢᠯᠭᠠᠭ᠎ᠠ ᠲᠠᠢ ᠶᠤᠮ᠃ ᠡᠮ ᠪᠣᠯ ᠡᠪᠡᠳᠴᠢᠨ ᠢ ᠡᠮᠨᠡᠨ ᠵᠠᠰᠠᠬᠤ ᠪᠣᠳᠠᠰ︔ ᠡᠷᠡᠭᠦᠯᠵᠢᠯ ᠢᠳᠡᠭᠡᠨ ᠤ ᠮᠥᠨ ᠴᠢᠨᠠᠷ ᠨᠢ ᠢᠳᠡᠭᠡᠨ᠂ | ᠬᠥᠮᠦᠨ ᠤ ᠪᠡᠶ᠎ᠡ ᠶᠢᠨ ᠶᠠᠮᠠᠷ ᠨᠢᠭᠡᠨ ᠠᠵᠢᠯᠯᠠᠭ᠎ᠠ ᠦᠢᠯᠡᠳᠦᠯ ᠢ ᠰᠠᠶᠢᠵᠢᠷᠠᠭᠤᠯᠵᠦ ᠪᠡᠶ᠎ᠡ ᠮᠠᠬᠠᠪᠣᠳ ᠤᠨ ᠠᠵᠢᠯᠯᠠᠭ᠎ᠠ ᠶᠢᠨ ᠬᠡᠪ ᠤᠨ ᠪᠠᠶᠢᠳᠠᠯ ᠢ ᠬᠠᠮᠠᠭᠠᠯᠠᠵᠤ ᠂ | ᠡᠷᠡᠭᠦᠯ ᠮᠡᠡᠳᠦ ᠪᠤᠶᠤ ᠤᠷᠢᠳᠴᠢᠯᠠᠨ ᠶᠠᠮᠠᠷ ᠨᠢᠭᠡᠨ ᠡᠪᠡᠳᠴᠢᠨ ᠢ ᠰᠡᠷᠭᠡᠶᠢᠯᠡᠬᠦ ᠬᠥᠮᠦᠨ ᠳᠤ ᠠᠪᠴᠤ ᠬᠡᠯᠡᠪᠡᠯ ᠡᠷᠡᠭᠦᠯᠵᠢᠯ ᠢᠳᠡᠭᠡᠨ ᠪᠣᠯ ᠰᠢᠮ᠎ᠡ ᠲᠡᠵᠢᠭᠡᠯ | ᠨᠥᠬᠦᠪᠥᠷᠢᠯᠡᠬᠦ ᠡᠳ᠋ ᠪᠣᠯᠤᠨ᠎ᠠ᠃ ᠡᠷᠡᠭᠦᠯᠵᠢᠯ ᠢᠳᠡᠭᠡᠨ ᠢ ᠬᠤᠳᠠᠯᠳᠤᠨ ᠠᠪᠬᠤ ᠦᠶ᠎ᠡ ᠳᠤ ᠡᠷᠡᠭᠦᠯᠵᠢᠯ ᠢᠳᠡᠭᠡᠨ ᠤ ᠪᠣᠭᠤᠳᠠᠯ ᠳᠡᠭᠡᠷ᠎ᠡ ᠡᠷᠡᠭᠦᠯᠵᠢᠯ | ᠢᠳᠡᠭᠡᠨ ᠤ ᠲᠡᠮᠳᠡᠭ ᠪᠠᠶᠢᠬᠤ ᠡᠰᠡᠬᠦ ᠵᠢᠴᠢ ᠡᠷᠡᠭᠦᠯᠵᠢᠯ ᠢᠳᠡᠭᠡᠨ ᠤ ᠵᠥᠪᠰᠢᠶᠡᠷᠡᠭᠰᠡᠨ ᠪᠢᠴᠢᠭ ᠤᠨ ᠳ᠋ᠤᠭᠠᠷᠯᠠᠯ ᠣᠯᠤᠭᠰᠠᠨ ᠪᠠᠶᠢᠬᠤ ᠬᠡᠷᠡᠭᠲᠡᠶ ᠡᠰᠡᠬᠦ ᠶᠢ | ᠪᠠᠶᠢᠴᠠᠭᠠᠬᠤ︔ ᠡᠷᠡᠭᠦᠯᠵᠢᠯ ᠢᠳᠡᠭᠡᠨ ᠤ ᠪᠣᠭᠤᠳᠠᠯ ᠳᠡᠭᠡᠷ᠎ᠡ ᠲᠣᠳᠣᠷᠬᠠᠶᠢᠯᠠᠭᠰᠠᠨ ᠡᠰᠡᠬᠦ᠂ ᠦᠢᠯᠡᠳᠪᠦᠷᠢᠯᠡᠭᠰᠡᠨ ᠠᠵᠤ ᠠᠬᠤᠶᠢᠯᠠᠯ ᠤᠨ ᠨᠡᠷᠡᠶᠢᠳᠦᠯ ᠵᠢᠴᠢ | ᠲᠡᠭᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠨᠣᠮᠧᠷ ᠢ ᠪᠠᠶᠢᠬᠤ ᠶᠢ ᠦᠵᠡᠨᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠨᠣᠮᠧᠷ | ᠢ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠠᠴᠠ ᠬᠠᠤᠯᠢ | ᠶᠣᠰᠣᠴᠢ ᠴᠢᠨᠠᠷ ᠢ ᠰᠢᠯᠭᠠᠨ ᠪᠠᠶᠢᠴᠠᠭᠠᠨ᠎ᠠ᠃ ᠪᠠᠭᠴᠠᠯᠠᠪᠠᠯ᠄ ᠬᠠᠮᠤᠭ ᠤᠨ ᠠᠩᠬᠠᠷᠤᠭᠤᠰᠢᠲᠠᠶ ᠨᠢ ᠡᠷᠡᠭᠦᠯᠵᠢᠯ ᠢᠳᠡᠭᠡᠨ ᠢ ᠡᠮ ᠤᠨ ᠵᠦᠢᠯ ᠲᠠᠢ ᠬᠤᠳᠬᠤᠵᠦ | ᠪᠣᠯᠬᠤ ᠦᠭᠡᠶ᠂ ᠡᠷᠡᠭᠦᠯᠵᠢᠯ ᠢᠳᠡᠭᠡᠨ ᠢ ᠬᠤᠪᠢᠯᠭᠠᠨ ᠷᠢᠯᠦ ᠪᠣᠯᠭᠠᠵᠤ ᠪᠣᠯᠬᠤ ᠦᠭᠡᠢ᠃ | ᠬᠥᠲᠥᠯᠥᠭᠴᠢ᠄ ᠬᠢᠵᠢᠭ ᠤᠨ ᠲᠠᠷᠢᠯᠭ᠎ᠠ ᠶᠢᠨ ᠠᠶᠤᠯᠭᠦᠢ ᠨᠢ ᠬᠡᠦᠬᠡᠳ ᠤᠨ ᠡᠷᠡᠭᠦᠯ ᠮᠡᠨᠳᠦ᠂ ᠭᠡᠷ ᠪᠦᠯᠢ ᠶᠢᠨ ᠲᠣᠭᠲᠠᠭᠤᠨ ᠪᠠᠶᠢᠳᠠᠯ ᠲᠠᠢ ᠬᠤᠯᠪᠣᠭ᠎ᠠ | ᠶᠡᠭᠡ ᠲᠠᠢ ᠠᠰᠠᠭᠤᠳᠠᠯ ᠮᠦᠨ᠃ ᠬᠢᠵᠢᠭ ᠤᠨ ᠲᠠᠷᠢᠯᠭ᠎ᠠ ᠶᠢᠨ ᠠᠮᠤᠷ ᠲᠦᠪᠰᠢᠨ ᠨᠢ ᠤᠯᠠᠨ ᠲᠦᠮᠡᠨ ᠤ ᠠᠩᠬᠠᠷᠴᠦ ᠪᠠᠶᠢᠭ᠎ᠠ ᠴᠢᠬᠤᠯᠠ ᠠᠰᠠᠭᠤᠳᠠᠯ ᠪᠣᠯᠵᠤ | ᠪᠠᠶᠢᠨ᠎ᠠ ᠃ ᠯᠢᠦ ᠵᠢᠶᠦ᠋ᠨ ᠡᠷᠬᠢᠯᠡᠭᠴᠢ ᠲᠠ ᠪᠢᠳᠡᠨ ᠳᠤ ᠲᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠠᠷᠭ᠎ᠠ ᠠᠪᠴᠢᠯ ᠠᠪᠴᠦ | ᠪᠠᠶᠢᠭ᠎ᠠ ᠶᠢ ᠲᠠᠨᠢᠯᠴᠠᠭᠤᠯᠤᠨ᠎ᠠ ᠦᠦ︖ | ᠯᠢᠦ ᠵᠢᠶᠦ᠋ᠨ᠄ ᠲᠡᠶᠢᠮᠦ ᠡ ᠂ ᠱᠠᠨᠳᠦ᠋ᠩ ᠤᠨ ᠵᠢᠨᠠᠨ ᠳᠤ ᠬᠠᠤᠯᠢ ᠪᠤᠰᠤ ᠪᠠᠷ ᠬᠢᠵᠢᠭ ᠤᠨ ᠲᠠᠷᠢᠯᠭ᠎ᠠ ᠡᠵᠡᠩᠨᠡᠭᠰᠡᠨ ᠬᠡᠷᠡᠭ ᠭᠠᠷᠤᠭᠰᠠᠨ ᠤ ᠳᠠᠷᠠᠭ᠎ᠠ᠂ | ᠲᠠᠷᠢᠯᠭ᠎ᠠ ᠶᠢᠨ ᠶᠠᠪᠤᠳᠠᠯ ᠳᠤ ᠠᠩᠬᠠᠷᠤᠯ ᠲᠠᠯᠪᠢᠬᠤ ᠬᠡᠮᠵᠢᠶ᠎ᠡ ᠨᠢ ᠤᠯᠠᠮ ᠠᠴᠠ ᠤᠯᠠᠮ ᠥᠨᠳᠥᠷ ᠪᠣᠯᠵᠠᠢ᠃ ᠤᠳᠤ ᠮᠠᠨ ᠤ ᠲᠣᠪᠴᠢᠶ᠎ᠠ ᠨᠢ ᠬᠢᠵᠢᠭ ᠤᠨ | ᠲᠠᠷᠢᠯᠭ᠎ᠠ ᠶᠢᠨ ᠬᠠᠮᠢᠶᠠᠷᠦᠯᠲᠠ ᠳᠤ ᠳᠣᠣᠷᠠᠬᠢ ᠠᠷᠭ᠎ᠠ ᠬᠡᠮᠵᠢᠶ᠎ᠡ ᠶᠢ ᠠᠪᠴᠦ ᠪᠠᠶᠢᠨ᠎ᠠ᠃ ᠨᠢᠭᠡ ᠳᠤ ᠬᠦᠷᠦᠭᠡᠨᠬᠠᠳᠠᠭᠠᠯᠠᠬᠤ ᠪᠠ ᠬᠥᠯᠳᠡᠭᠡᠬᠦ ᠡᠮ ᠶᠢᠨ ᠵᠦᠢᠯ | ᠳᠤ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠬᠤᠲᠠ ᠲᠣᠭᠤᠷᠢᠭ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠪᠣᠯ ᠮᠠᠨ ᠤ ᠣᠷᠣᠨ ᠤ ᠴᠣᠷ ᠤᠨ | ᠭᠠᠭᠴᠠ ᠬᠢᠵᠢᠭ ᠤᠨ ᠲᠠᠷᠢᠯᠭ᠎ᠠ ᠬᠤᠳᠠᠯᠳᠤᠨ ᠠᠪᠬᠤ ᠲᠠᠷᠬᠠᠭᠠᠬᠤ ᠬᠢᠷᠢ ᠬᠡᠮ ᠲᠠᠢ ᠨᠢᠭᠡᠴᠡ ᠮᠦᠨ᠃ ᠰᠢᠨ᠎ᠡ ᠬᠤᠲᠠ ᠲᠣᠭᠤᠷᠢᠭ ᠤᠨ ᠡᠪᠡᠳᠴᠢᠨ ᠬᠢᠵᠢᠭ | ᠢ ᠰᠡᠷᠭᠡᠶᠢᠯᠡᠨ ᠬᠢᠵᠠᠭᠠᠷᠯᠠᠬᠤ ᠲᠥᠪ ᠳᠠᠬᠢ ᠡᠳᠦᠷ ᠲᠣᠲᠣᠮ ᠤᠨ ᠪᠠᠶᠢᠴᠠᠭᠠᠯᠲᠠ ᠪᠠ ᠱᠠᠯᠠᠪᠳᠠᠨ ᠪᠠᠶᠢᠴᠠᠭᠠᠵᠤ ᠂ ᠲᠠᠷᠢᠯᠭ᠎ᠠ ᠶᠢᠨ ᠬᠠᠳᠠᠭᠠᠯᠠᠬᠤ ᠂ᠢᠯᠭᠠᠨ | ᠲᠠᠷᠬᠠᠭᠠᠬᠤ ᠵᠡᠷᠭᠡ ᠭᠤᠭᠴᠤᠭ᠎ᠠ ᠳᠤ ᠪᠦᠬᠦ ᠶᠠᠪᠦᠴᠠ ᠬᠠᠮᠢᠶᠠᠷᠤᠯᠲᠠ ᠪᠠᠨ ᠴᠢᠩᠭᠠᠳᠬᠠᠵᠦ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ | ᠱᠠᠭᠠᠷᠳᠠᠯᠭ᠎ᠠ ᠪᠠᠷ ᠲᠠᠷᠢᠯᠭ᠎ᠠ ᠬᠤᠳᠠᠯᠳᠤᠨ ᠠᠪᠬᠤ ᠦᠶ᠎ᠡ ᠳᠤ ᠡᠷᠬᠡᠪᠰᠢ ᠪᠠᠶᠢᠴᠠᠭᠠᠨ ᠰᠢᠯᠭᠠᠬᠤ ᠵᠢᠨᠬᠠᠮᠲᠤ ᠲᠠᠷᠢᠯᠭ᠎ᠠ ᠬᠠᠩᠭᠠᠬᠤ ᠲᠠᠯ᠎ᠠ ᠶᠢᠨ ᠬᠠᠤᠯᠢ | ᠶᠣᠰᠣᠨ ᠤ ᠬᠢᠷᠢ ᠬᠡᠮ ᠢ ᠭᠡᠷᠡᠴᠢᠯᠡᠬᠦ ᠬᠢᠷᠢ ᠲᠡᠩᠴᠡᠭᠰᠡᠨ ᠦᠨᠡᠮᠯᠡᠯ ᠭᠠᠷᠭᠠᠵᠤ ᠥᠭᠬᠦ ᠬᠡᠷᠡᠭᠲᠡᠶ᠃ ᠬᠤᠶᠠᠷ ᠲᠤ᠂ ᠬᠠᠳᠠᠭᠠᠯᠠᠭᠰᠠᠨ ᠲᠡᠭᠡᠭᠡᠪᠦᠷᠢ ᠶᠢᠨ ᠲᠠᠯ᠎ᠠ ᠪᠠᠷ᠂ | ᠬᠢᠵᠢᠭ ᠤᠨ ᠪᠠᠷᠠᠭ᠎ᠠ ᠬᠦᠯᠢᠶᠡᠨ ᠠᠪᠬᠤ ᠦᠶ᠎ᠡ ᠳᠤ᠂ ᠰᠢᠯᠭᠠᠨ ᠠᠪᠤᠭᠰᠠᠨ ᠠᠵᠢᠯᠳᠡᠠ ᠨᠢ ᠡᠷᠬᠡᠪᠰᠢ ᠲᠡᠭᠡᠭᠡᠪᠦᠷᠢᠯᠡᠬᠦ ᠶᠠᠪᠣᠴᠠ ᠶᠢᠨ ᠳᠤᠯᠠᠭᠠᠨ ᠤᠲ᠋ᠡᠮᠳᠡᠭᠯᠡᠯ | ᠪᠠᠶᠢᠴᠠᠭᠠᠨ ᠰᠢᠯᠭᠠᠨ ᠲᠡᠭᠡᠭᠡᠪᠦᠷᠢᠯᠡᠬᠦ ᠶᠠᠪᠤᠴᠠ ᠳᠤ ᠳᠤᠯᠠᠭᠠᠨ ᠤ ᠬᠡᠮᠵᠢᠶ᠎ᠡ ᠨᠢ ᠪᠠᠷᠢᠮᠵᠢᠶ᠎ᠠ ᠠᠴᠠ ᠬᠡᠲᠦᠷᠡᠭᠰᠡᠨ ᠪᠠᠶᠢᠳᠠᠯ ᠪᠠᠶᠢᠪᠠᠯ ᠡᠷᠬᠡᠪᠰᠢ ᠬᠦᠯᠢᠶᠡᠨ | ᠠᠪᠬᠤ ᠶᠢ ᠲᠡᠪᠴᠢᠬᠦ ᠶᠢᠨ ᠬᠠᠮᠲᠤ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠦᠴᠢᠷ ᠮᠡᠳᠡᠭᠦᠯᠬᠦ ᠬᠡᠷᠡᠭᠲᠡᠢ᠃ ᠬᠠᠳᠠᠭᠠᠯᠠᠬᠤ ᠶᠠᠪᠤᠴᠠ ᠳᠤᠮᠳᠠ | ᠬᠦᠢᠳᠡᠨ ᠪᠤᠶᠤ ᠬᠦᠢᠳᠡᠠ ᠬᠠᠶᠢᠷᠴᠠᠭ ᠳᠤᠯᠠᠭᠠᠨ ᠤ ᠬᠡᠮᠵᠢᠶ᠎ᠡ ᠶᠢ ᠬᠢᠨᠠᠨ ᠡᠵᠡᠮᠳᠡᠵᠦ ᠂ ᠴᠠᠬᠢᠯᠭᠠᠨ ᠲᠠᠰᠦᠷᠠᠪᠡᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠴᠠᠬᠢᠯᠭᠠᠨ ᠡᠭᠦᠰᠭᠡᠭᠴᠢᠢᠯᠡᠭᠦᠬᠡᠨ ᠪᠡᠯᠡᠳᠭᠡᠵᠦ ᠦᠢᠯᠡᠳᠪᠦᠷᠢ ᠠᠴᠠ ᠭᠠᠷᠭᠠᠬᠤ ᠠᠴᠠ ᠬᠡᠷᠡᠭᠯᠡᠬᠦ ᠪᠦᠬᠦ ᠶᠠᠪᠤᠴᠠ ᠳᠤ ᠳᠤᠯᠠᠭᠠᠨ ᠤ ᠬᠡᠮᠵᠢᠶ᠎ᠡ ᠨᠢ ᠬᠢᠨᠠᠨ | ᠡᠵᠡᠮᠳᠡᠬᠦ ᠨᠡᠬᠡᠮᠵᠢᠯᠡᠨ ᠪᠠᠶᠢᠴᠠᠭᠠᠬᠤ ᠲᠡᠮᠳᠡᠭᠯᠡᠯ ᠨᠢ ᠨᠠᠷᠢᠨ ᠣᠨᠣᠪᠴᠢᠲᠠᠢ ᠶᠢ ᠪᠠᠳᠦᠯᠠᠬᠤ ᠬᠡᠷᠡᠭᠲᠡᠢ᠃ | ᠬᠥᠲᠥᠯᠥᠭᠴᠢ ᠄ ᠯᠢᠦ ᠡᠷᠬᠢᠯᠡᠭᠴᠢ᠂ ᠤᠳᠤ ᠠᠷᠠᠳ ᠣᠯᠠᠨ ᠡᠮ ᠤᠨ ᠳᠡᠯᠭᠡᠭᠦᠷ ᠠᠴᠠ ᠡᠮ ᠠᠪᠬᠤ ᠳᠤ ᠶᠠᠭᠤᠨ ᠤ ᠤᠴᠢᠷ ᠠᠴᠠ ᠵᠠᠷᠢᠮ ᠳᠠᠭᠠᠨ | ᠡᠵᠡᠩᠨᠡᠭᠴᠢ ᠬᠡᠷᠡᠭᠯᠡᠭᠴᠢᠳ ᠤᠨ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠶᠢ ᠱᠠᠭᠠᠷᠳᠠᠳᠠᠭ ᠪᠤᠢ︖ | ᠯᠢᠦ ᠵᠢᠶᠦ᠋ᠨ ᠄ ᠲᠡᠶᠢᠮᠦ ᠡ ᠂ ᠡᠨᠡ ᠬᠦ ᠠᠰᠠᠭᠤᠳᠠᠯ ᠳᠤ ᠴᠢᠭᠯᠡᠭᠦᠯᠦᠨ ᠪᠢ ᠠᠳᠡ ᠲᠠ ᠪᠦᠬᠦᠨ ᠳᠤ ᠲᠠᠶᠢᠯᠪᠤᠷᠢᠯᠠᠯᠲᠠ ᠬᠢᠶ᠎ᠡ᠂ ᠪᠢᠳᠡ ᠡᠮ ᠤᠨ | ᠳᠡᠯᠭᠡᠭᠦᠷ ᠲᠤ ᠳᠡᠯᠭᠡᠭᠡᠰᠦᠳᠡᠢ ᠡᠮ ᠤᠨ ᠵᠦᠢᠯ ᠦᠨᠨᠢᠭᠡ ᠬᠡᠰᠡᠭ ᠨᠢ ᠣᠨᠴᠠᠭᠠᠶ ᠡᠮ ᠤᠨ ᠵᠦᠢᠯ ᠳᠤ ᠬᠠᠷᠢᠶᠠᠯᠠᠭᠳᠠᠬᠤ ᠬᠤᠯᠢᠮᠠᠭ ᠨᠠᠶᠢᠷᠠᠯᠭ᠎ᠠ ᠶᠢᠨ ᠡᠮ ᠪᠠᠭᠲᠠᠨ᠎ᠠ | ᠂ ᠵᠢᠱᠢᠶᠡᠯᠡᠪᠡᠯ ᠄ ᠵᠡᠭᠡᠷᠭᠡᠨ᠎ᠡ ᠶᠢᠨ ᠱᠦᠯᠲᠦ᠂ ᠰᠢᠬᠢᠷ ᠡᠪᠡᠰᠦᠨ ᠤ ᠨᠡᠶᠢᠯᠡᠮᠡᠯ ᠬᠠᠪᠲᠠᠭᠠᠶ ᠦᠷᠢᠯ ᠳᠣᠲᠣᠷ᠎ᠠ ᠬᠠᠷ᠎ᠠ ᠲᠠᠮᠠᠬᠢᠨ ᠤ ᠪᠦᠷᠢᠯᠳᠦᠬᠦᠨ ᠪᠠᠭᠲᠠᠨ᠎ᠠ᠂ ᠡᠮ | ᠶᠢᠨ ᠵᠦᠢᠯ ᠳᠣᠲᠣᠷᠠᠬᠢ ᠡᠳᠡᠭᠡᠷ ᠣᠨᠴᠠᠭᠠᠶ ᠪᠦᠷᠢᠯᠳᠦᠬᠦᠨ ᠢ ᠬᠥᠮᠦᠨ ᠠᠷᠪᠢᠨ ᠢᠳᠡᠪᠡᠯ ᠪᠡᠶ᠎ᠡ ᠮᠠᠬᠠᠪᠣᠳ ᠤᠨ ᠨᠠᠶᠢᠳᠠᠬᠤ ᠴᠢᠨᠠᠷ ᠲᠠᠢ᠂ ᠬᠡᠷᠪᠡ ᠶᠠᠯᠠᠲᠤ | ᠡᠲᠡᠭᠡᠳ ᠭᠠᠷ ᠲᠤ ᠠᠷᠪᠢᠨ ᠣᠷᠣᠪᠠᠯ ᠬᠤᠣᠷᠲᠤ ᠡᠳ᠋ ᠢ ᠪᠣᠯᠪᠠᠰᠤᠷᠠᠭᠤᠯᠤᠨᠠᠪᠬᠤ ᠲᠦᠭᠦᠬᠡᠶ ᠡᠳ᠋ ᠪᠣᠯᠭᠠᠵᠤ ᠴᠢᠳᠠᠨ᠎ᠠ ᠃ ᠮᠠᠨ ᠤ ᠤᠯᠤᠰ ᠤᠨ ᠡᠶᠢᠮᠦ | ᠲᠦᠷᠦᠯ ᠤᠨ ᠡᠮ ᠪᠣᠷᠣᠯᠠᠭᠤᠯᠬᠤ ᠳᠤ ᠮᠠᠰᠢ ᠴᠢᠩᠭ᠎ᠠ ᠨᠢᠭᠲᠠ ᠳᠦᠷᠢᠮ ᠭᠤᠷᠢᠮ ᠲᠠᠢ ᠪᠠᠶᠢᠵᠦ ᠂ ᠡ᠊ᠨᠡ ᠲᠥᠷᠥᠯ ᠤᠨ ᠡᠮ ᠢ ᠡᠷᠬᠡᠪᠰᠢ ᠪᠡᠶ᠎ᠡ ᠶᠢᠨ ᠦᠨᠡᠮᠯᠡᠯ | ᠰᠢᠯᠭᠠᠨ ᠲᠡᠮᠳᠡᠭᠯᠡᠵᠦ ᠬᠤᠳᠠᠯᠳᠤᠨ ᠠᠪᠴᠤ᠂ ᠨᠢᠭᠡ ᠤᠳᠠᠭ᠎ᠠ ᠬᠠᠮᠤᠭ ᠵᠢᠵᠢᠭ ᠪᠣᠭᠤᠳᠠᠯ ᠪᠠᠷ ᠬᠤᠶᠠᠷ ᠢ ᠬᠤᠳᠠᠯᠳᠤᠨ ᠠᠪᠴᠦ ᠪᠣᠯᠣᠨ᠎ᠠ᠃ ᠡᠶᠢᠮᠦ ᠠᠴᠠ | ᠪᠢ ᠠᠳᠡ ᠥᠷᠭᠡᠨ ᠤᠯᠡᠠ ᠲᠦᠮᠡᠨ ᠤ ᠡᠮ ᠤᠨ ᠳᠡᠯᠭᠡᠭᠦᠷ ᠲᠤ ᠬᠤᠳᠠᠯᠳᠤᠨ ᠠᠪᠬᠤ ᠡᠮ ᠤᠨ ᠵᠦᠢᠯ ᠢ ᠬᠢᠨᠠᠨ ᠵᠥᠪᠰᠢᠶᠡᠷᠡᠭᠦᠯᠬᠦ ᠳᠡᠭᠡᠨ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ ᠂ ᠪᠡᠶ᠎ᠡ ᠶᠢᠨ ᠦᠨᠡᠮᠯᠡᠯ ᠢᠶᠠᠨ ᠦᠵᠡᠭᠦᠯᠬᠦ ᠬᠡᠷᠡᠭᠲᠡᠢ᠃ | ᠬᠥᠲᠥᠯᠥᠭᠴᠢ᠄ ᠨᠢᠭᠡ ᠨᠢ ᠠᠷᠠᠳ ᠣᠯᠠᠨ ᠲᠣᠳᠣᠷᠬᠠᠶ ᠣᠶᠢᠯᠠᠭᠠᠬᠤ ᠱᠠᠭᠠᠷᠳᠠᠯᠭ᠎ᠠ ᠲᠠᠢ ᠠᠰᠠᠭᠤᠳᠠᠯ ᠢ ᠠᠰᠠᠭᠤᠶ᠎ᠠ᠂ ᠶᠠᠭᠤ ᠶᠢ ᠵᠣᠷ ᠤᠨ ᠡᠮ | ᠪᠣᠯᠤᠨ ᠵᠣᠷ ᠤᠨ ᠪᠤᠰᠤ ᠡᠮ ᠭᠡᠬᠦ ᠪᠣᠢ︖ | ᠯᠢᠦ ᠵᠢᠶᠦ᠋ᠨ ᠄ ᠯᠢᠣ ᠡᠷᠬᠢᠯᠡᠭᠴᠢ︽ᠡᠮ ᠢ ᠬᠠᠮᠢᠶᠠᠷᠬᠤ ᠬᠠᠤᠯᠢ︾ ᠶᠢᠨ ᠭᠤᠴᠢᠨ ᠳᠣᠯᠣᠳᠤᠭᠠᠷ ᠵᠦᠢᠯ ᠤᠯᠤᠰ ᠠᠴᠠ ᠡᠮ ᠤᠨ ᠵᠦᠢᠯ ᠳᠤ ᠵᠣᠷ ᠤᠨ | ᠡᠮ ᠪᠣᠯᠤᠨ ᠵᠣᠷ ᠤᠨ ᠪᠤᠰᠤ ᠡᠮ ᠭᠡᠵᠦ ᠲᠦᠷᠦᠯ ᠬᠤᠪᠢᠶᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠵᠣᠷ ᠤᠨ ᠡᠮ ᠢ ᠠᠵᠢᠯ ᠡᠷᠬᠢᠯᠡᠵᠤ ᠪᠥᠬᠦᠢ ᠡᠮᠴᠢ | ᠪᠤᠶᠤ ᠠᠵᠢᠯ ᠡᠷᠬᠢᠯᠡᠬᠦ ᠲᠤᠰᠠᠯᠠᠬᠤ ᠡᠮᠴᠢ ᠶᠢᠨ ᠪᠢᠴᠢᠭᠰᠡᠨ ᠵᠣᠷ ᠢ ᠦᠨᠳᠦᠰᠦᠯᠡᠨ ᠠᠪᠴᠦ ᠪᠣᠯᠤᠨ᠎ᠠ᠂ ᠵᠣᠷ ᠤᠨ ᠪᠤᠰᠤ ᠡᠮ ︵OTC) ᠭᠡᠵᠦ ᠭᠡᠳᠡᠭ ᠪᠣᠯ | ᠲᠥᠷᠥ ᠶᠢᠨ ᠶᠠᠪᠤᠳᠠᠯ ᠤᠨ ᠬᠤᠷᠢᠶᠠᠨ ᠤ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠶᠢᠲᠡᠯᠡᠭᠰᠡᠨ᠂ ᠠᠵᠢᠯ ᠡᠷᠬᠢᠯᠡᠵᠤ ᠪᠥᠬᠦᠢ ᠡᠮᠴᠢ | ᠪᠤᠶᠤ ᠠᠵᠢᠯ ᠡᠷᠬᠢᠯᠡᠬᠦ ᠲᠤᠰᠠᠯᠠᠬᠤ ᠡᠮᠴᠢ ᠶᠢᠨ ᠪᠢᠴᠢᠭᠰᠡᠨ ᠵᠣᠷ ᠶᠢᠨ ᠪᠠᠷᠢᠮᠲᠠ ᠦᠭᠡᠶ ᠂ ᠬᠡᠷᠡᠭᠯᠡᠭᠴᠢᠳ ᠥᠪᠡᠰᠦᠪᠡᠨ ᠮᠠᠭᠠᠳᠯᠠᠬᠤ᠂ ᠡᠮ ᠤᠨ ᠵᠦᠢᠯ ᠢ | ᠬᠤᠳᠠᠯᠳᠤᠨ ᠠᠪᠴᠦ ᠬᠡᠷᠡᠭᠯᠡᠵᠦ ᠪᠣᠯᠣᠨ᠎ᠠ᠃ ᠴᠥᠭᠡᠨ ᠲᠣᠭᠠᠨ ᠤ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠮ ᠤᠨ ᠬᠠᠮᠢᠶᠠᠷᠤᠯᠲᠠ ᠶᠢ ᠬᠠᠤᠯᠢ | ᠲᠦ᠋ᠷᠢᠮ ᠤᠨ ᠦᠵᠡᠯᠲᠡ ᠨᠡᠯᠢᠶᠡᠳ ᠲᠤᠷᠤᠢ ᠪᠠᠶᠢᠵᠦ᠂ ᠠᠵᠤ ᠠᠬᠤᠶ ᠶᠢᠨ ᠠᠰᠢᠭ ᠲᠤᠰᠠ᠂ ᠨᠡᠶᠢᠭᠡᠮ ᠤᠨ ᠦᠷ᠎ᠡ ᠠᠰᠢᠭ ᠢ ᠬᠥᠩᠭᠡᠪᠴᠢᠯᠡᠬᠦ᠂ ᠡᠮᠴᠢ ᠶᠢᠨ | ᠪᠢᠴᠢᠭᠰᠡᠨ ᠵᠣᠷ ᠢᠶᠠᠷ ᠵᠣᠷ ᠤᠨ ᠡᠮ ᠢ ᠪᠣᠷᠣᠯᠠᠭᠤᠯᠤᠭᠰᠠᠨ ᠠᠰᠠᠭᠤᠳᠠᠯ ᠢ ᠮᠠᠨ ᠤ ᠢᠳᠡᠭᠡᠨ ᠪᠣᠯᠤᠨ ᠡᠮ ᠤᠨ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ ᠮᠥᠴᠢᠷ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠡᠳᠦᠷ ᠲᠤᠳᠤᠮ ᠤᠨ ᠰᠤᠭᠤᠴᠢᠨ ᠪᠠᠶᠢᠴᠠᠭᠠᠬᠤ ᠪᠠ | ᠲᠤᠰᠬᠠᠶ ᠪᠠᠢᠴᠠᠭᠠᠯᠲᠠ ᠶᠢᠨ ᠠᠷᠭ᠎ᠠ ᠪᠠᠷ ᠵᠣᠷ ᠤᠨ ᠡᠮ ᠢ ᠲᠣᠭᠲᠠᠭᠠᠯ ᠠᠴᠠ ᠵᠥᠷᠢᠴᠡᠵᠦ ᠪᠣᠷᠣᠯᠠᠭᠤᠯᠤᠭᠰᠠᠨ ᠡᠮ ᠤᠨ ᠳᠡᠯᠭᠡᠭᠦᠷ ᠲᠤ ᠠᠩᠬ᠎ᠠ ᠤᠳᠠᠭ᠎ᠠ | ᠪᠢᠴᠢᠭ ᠢᠶᠠᠷ ᠰᠡᠷᠡᠮᠵᠢᠯᠡᠭᠦᠯᠬᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠬᠤ ᠦᠭᠡᠢ | ᠪᠣᠯ ︽ᠡᠮ ᠤᠨ ᠵᠦᠢᠯ ᠤᠨ ᠭᠦᠢᠯᠭᠡᠭᠡᠨ ᠤ ᠬᠠᠮᠢᠶᠠᠷᠤᠯᠲᠠ ᠶᠢᠨ ᠠᠷᠭ᠎ᠠ︾ ᠶᠣᠰᠣᠭᠠᠷ ᠰᠢᠳᠬᠡᠨ᠎ᠡ᠃ | ᠬᠥᠲᠥᠯᠥᠭᠴᠢ᠄ ᠬᠤᠳᠠ ᠶᠢᠨ ᠠᠷᠠᠳ ᠭ᠊ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠲᠣᠬᠢᠶᠠᠯᠳᠦᠪᠡᠯ ᠬᠡᠷᠬᠢᠨ | ᠰᠢᠢᠳᠪᠦᠷᠢᠯᠡᠪᠡᠯ ᠵᠣᠬᠢᠬᠤ ᠪᠤᠢ︖ | ᠯᠢᠦ ᠵᠢᠶᠦ᠋ᠨ : ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠥᠷᠢᠴᠡᠭᠰᠡᠨ ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠢᠳᠡᠭᠡᠨ ᠤ ᠵᠦᠢᠯ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠶ᠂ ᠪᠦᠬᠦ ᠣᠷᠣᠨ ᠤ ᠢᠯᠡᠴᠢᠯᠡᠨ ᠮᠡᠳᠡᠭᠦᠯᠬᠦ | ᠳ᠋ᠢᠶᠠᠩᠬᠤᠸᠠ ᠪᠣᠯ 12231᠂ ᠰᠢᠨ᠎ᠡ ᠬᠤᠲᠠ ᠲᠣᠭᠤᠷᠢᠭ ᠤᠨ ᠬᠡᠷᠡᠭᠯᠡᠭᠴᠢᠳ 24 ᠴᠠᠭ ᠤᠨᠵᠢᠵᠢᠭᠦᠷᠯᠡᠬᠦ ᠤᠲᠠᠰᠤ ︵6903962︶ ᠶᠢ ᠳᠠᠮᠵᠢᠭᠤᠯᠤᠨ | ᠮᠡᠳᠡᠭᠦᠯᠵᠦ ᠪᠣᠯᠤᠨ᠎ᠠ᠃ | | |