5 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠦᠨ ᠬᠠᠢ ᠯᠦᠩ᠂ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠵᠠᠩ ᠫᠧᠩ ᠹᠸᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶᠠᠨ ᠳᠤ ᠭᠦᠨᠵᠡᠭᠡᠶᠢᠷᠡᠵᠦ ᠠᠵᠢᠯ ᠤᠨ ᠪᠠᠶᠢᠴᠠᠭᠠᠨ ᠰᠤᠳᠤᠯᠤᠯᠲᠠ ᠬᠢᠵᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠦᠬᠦᠳ | ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠶᠦᠨ ᠬᠠᠢ ᠯᠦᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ | ᠳᠠᠷᠤᠭ᠎ᠠ ᠵᠠᠩ ᠭᠦᠸᠧ ᠵᠢᠶᠦ᠋ᠨ ᠨᠦᠬᠦᠷ ᠤᠨ ᠲᠤᠰ ᠲᠣᠪᠴᠢᠶᠠᠨ ᠤ ᠶᠡᠷᠦᠩᠬᠡᠶ ᠪᠠᠶᠢᠳᠠᠯ ᠪᠠ ᠥᠷᠨᠢᠭᠦᠯᠵᠦ ᠪᠠᠶᠢᠭ᠎ᠠ | ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠮᠦᠷᠳᠡᠭᠡᠨ ᠣᠳᠣᠬᠠᠨ ᠤ ᠣᠷᠣᠰᠢᠵᠤ | ᠪᠠᠶᠢᠭ᠎ᠠ ᠠᠰᠠᠭᠤᠳᠠᠯ ᠪᠣᠯᠤᠨ ᠲᠤᠯᠭᠠᠷᠠᠵᠤ ᠪᠠᠶᠢᠭ᠎ᠠ ᠬᠦᠴᠢᠷᠳᠡᠯ ᠢ ᠰᠠᠨᠠᠭᠠᠴᠢᠯᠠᠭ᠎ᠠ ᠲᠠᠢ ᠪᠠᠷ ᠤᠶᠢᠯᠠᠭᠠᠭᠰᠠᠨ ᠪᠠᠶᠢᠨ᠎ᠠ | ᠃ | ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠬᠤ | ᠪᠠᠭ ᠤᠨ ᠪᠦᠷᠢᠯᠳᠦᠬᠦᠨ ᠵᠢᠴᠢ ᠪᠦᠬᠦ ᠺᠠᠳ᠋ᠷ ᠠᠵᠢᠯᠳᠠᠨ ᠠᠵᠢᠯᠴᠢᠨ ᠤ ᠬᠦᠴᠢᠷ ᠪᠡᠷᠬᠡᠰᠢᠶᠡᠯ ᠠᠴᠠ ᠠᠶᠤᠬᠤ ᠤᠢᠭᠡᠢ᠂ | ᠴᠢᠷᠮᠠᠶᠢᠯᠭ᠎ᠠ ᠲᠠᠢ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠤᠭᠤᠷᠢᠨ ᠳᠤ᠂ | ᠰᠢᠶᠠᠨ ᠤ ᠲᠠᠢ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ | ᠭᠦᠢᠴᠡᠳᠬᠡᠵᠦ᠂ ᠪᠦᠬᠦ ᠰᠢᠶᠠᠨ ᠤ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠬᠤ ᠶᠢᠨ | ᠲᠥᠯᠥᠭᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠭᠡᠵᠤ ᠶᠦᠨ ᠬᠠᠢ ᠯᠦᠩ ᠨᠦᠬᠦᠷ ᠵᠢᠭᠠᠵᠤ ᠭᠠᠷᠭᠠᠪᠠ᠃ | ᠨᠢᠭᠡ ᠳᠤ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠤᠯᠠᠮ ᠨᠢᠭᠡ ᠠᠯᠬᠤᠮ ᠦᠵᠡᠯᠲᠡ ᠪᠠᠨ | ᠬᠤᠪᠢᠷᠠᠭᠤᠯᠵᠤ᠂ ᠦᠵᠡᠯ ᠰᠠᠨᠠᠭ᠎ᠠ ᠪᠠᠨ ᠨᠢᠭᠡᠳᠭᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠨᠦᠯᠦᠭᠡᠯᠡᠭᠳᠡᠵᠦ | ᠪᠣᠯᠬᠤ ᠦᠭᠡᠢ᠂ ᠤᠳᠤᠷᠢᠳᠬᠤ ᠪᠠᠭ ᠤᠨ ᠭᠡᠰᠢᠭᠦᠳ ᠤᠨ ᠬᠤᠭᠤᠷᠤᠨᠳᠦ ᠪᠠᠨ ᠪᠦᠯᠬᠦᠮᠳᠡᠯ ᠢᠶᠠᠨ ᠴᠢᠩᠭᠠᠳᠬᠠᠬᠤ | ᠬᠡᠷᠡᠭᠲᠡᠶ᠃ ᠤᠳᠤᠷᠢᠳᠬᠤ ᠪᠠᠭ ᠤᠨ ᠪᠦᠷᠢᠯᠳᠦᠬᠦᠨ ᠨᠢᠭᠡᠪᠦᠷᠢ ᠬᠤᠪᠢ ᠢᠷᠥᠭᠡᠯ ᠢᠶᠠᠨ ᠡᠷᠬᠢᠮᠯᠡᠨ ᠨᠠᠨᠳᠢᠩᠨᠠᠵᠤ᠂ | ᠴᠢᠷᠮᠠᠶᠢᠨ ᠠᠵᠢᠯᠯᠠᠵᠤ᠂ ᠬᠠᠮᠵᠢᠯᠴᠠᠭ᠎ᠠ ᠪᠠᠨ ᠴᠢᠩᠭᠠᠳᠬᠠᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠡᠶ᠎ᠡ | ᠵᠣᠬᠢᠴᠠᠯ ᠲᠠᠢ ᠠᠵᠢᠯ ᠤᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠳᠡᠢ︔ | ᠬᠤᠶᠠᠷ ᠲᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠤᠳᠤᠷᠢᠳᠬᠤ | ᠪᠠᠭ ᠤᠨ ᠭᠡᠰᠢᠭᠦᠳ ᠲᠦᠷᠦᠭᠦᠯᠡᠨ ᠦᠯᠢᠭᠡᠷ ᠵᠢᠱᠢᠶ᠎ᠡ ᠦᠵᠡᠭᠦᠯᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠵᠤ᠂ ᠺᠠᠳ᠋ᠷ ᠤᠨ ᠡᠩᠨᠡᠭᠡ ᠶᠢ | ᠴᠢᠷᠮᠠᠶᠢᠨ ᠪᠠᠶᠢᠭᠤᠯᠵᠤ ᠬᠡᠷᠡᠭᠳᠡᠢ᠃ | ᠭᠤᠷᠪᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠴᠠᠭ | ᠢᠮᠠᠭᠲᠠ ᠬᠥᠭᠵᠢᠯᠲᠡ ᠪᠠᠷ ᠭᠤᠤᠯᠳᠠᠯᠭ᠎ᠠ ᠪᠤᠯᠭᠠᠵᠤ᠂ ᠬᠠᠤᠯᠢ ᠶᠤᠰᠤᠭᠠᠷ ᠵᠠᠰᠠᠭ ᠶᠠᠪᠤᠭᠤᠯᠵᠤ᠂ ᠬᠢᠨᠠᠨ | ᠬᠠᠮᠢᠶᠠᠷᠤᠯᠳᠠ ᠬᠠᠤᠯᠢ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠤ ᠶᠦᠨ ᠬᠠᠢ ᠯᠦᠩ ᠨᠦᠬᠦᠷ | ᠭᠤᠷᠪᠠᠨ ᠲᠠᠯ᠎ᠠ ᠪᠠᠷ ᠴᠢᠬᠤᠯᠠᠴᠢᠯᠠᠪᠠ᠃ ᠶᠦᠨ ᠬᠠᠢ ᠯᠦᠩ ᠳᠡᠳ᠋ ᠱᠦᠵᠢ ᠲᠣᠭᠲᠠᠬᠤ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠤ ᠨᠠᠰᠤ ᠠᠬᠢᠭᠰᠠᠠ᠂ ᠬᠦᠮᠦᠨ ᠤ | ᠬᠦᠴᠦᠨ ᠤ ᠲᠤᠭᠢᠷᠠᠭᠤᠯᠤᠯᠲᠠ ᠶᠢ ᠬᠦᠷᠦᠯᠴᠡᠬᠦ ᠦᠭᠡᠢ ᠪᠠᠶᠢᠬᠤ ᠪᠠ ᠲᠤᠬᠠᠶᠢᠯᠠᠭᠰᠠᠨ ᠠᠵᠢᠯ ᠤᠨ ᠵᠠᠷᠤᠳᠠᠯ ᠳᠤᠲᠠᠮᠠᠭ | ᠂ ᠲᠤᠷᠰᠢᠯᠳᠠ ᠶᠢᠨ ᠲᠠᠰᠤᠭ ᠤᠨ ᠵᠠᠰᠠᠵᠤ ᠴᠢᠮᠡᠭᠯᠡᠬᠦ ᠳᠠᠭᠠᠭᠠᠴᠢᠯᠠᠯᠲᠠ ᠵᠠᠷᠯᠠᠬᠤ ᠠᠵᠢᠯ ᠶᠢᠨ ᠠᠬᠢᠴᠠ ᠳᠤ ᠲᠣᠳᠣᠷᠬᠠᠶ | ᠵᠢᠭᠠᠪᠦᠷᠢ ᠦᠭᠴᠡᠢ᠃ | ᠵᠠᠩ ᠭᠦᠸᠧ ᠵᠢᠶᠦ᠋ᠨ ᠲᠣᠪᠴᠢᠶᠠᠨ ᠳᠠᠷᠤᠭ᠎ᠠ᠄ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭᠠᠲᠤ | ᠤᠬᠠᠮᠰᠠᠷ ᠢ ᠤᠯᠠᠮ ᠨᠢᠭᠡ ᠠᠯᠬᠤᠮ ᠪᠤᠢ ᠪᠣᠯᠭᠠᠵᠤ᠂ ᠠᠵᠢᠯ ᠤᠨ ᠰᠡᠳᠬᠢᠴᠡ ᠢᠶᠠᠨ ᠡᠮᠬᠢ ᠴᠡᠭᠴᠡᠲᠡᠶ ᠪᠣᠯᠭᠠᠵᠤ᠂ | ᠠᠷᠭ᠎ᠠ ᠪᠠᠷᠢᠯ ᠤᠨ ᠰᠢᠨᠡᠳᠭᠡᠵᠤ᠂ ᠪᠦᠬᠦ ᠰᠢᠶᠠᠨ ᠤ ᠨᠡᠶᠢᠭᠡᠮ ᠤᠨ ᠠᠵᠤ ᠠᠬᠤᠶ ᠶᠢᠨ ᠬᠥᠭᠵᠢᠯᠲᠡ᠂ ᠵᠠᠬ᠎ᠠ | ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠨ᠎ᠡ ᠬᠡᠵᠤ | ᠵᠤᠷᠢᠭ ᠢᠶᠠᠨ ᠢᠯᠡᠳᠭᠡᠪᠡ᠃ |