ᠲᠤᠭᠳᠠᠬᠤ ᠰᠢᠶᠠᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠠ ᠶᠢᠨ ᠠᠵᠢᠯ ᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2018-06-05
ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᡁᠢ ᠴᠢᠶᠠᠩ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ  ᠾᠧ ᠺᠸᠤ ᠬᠠᠮᠢᠶᠠᠷᠤᠯᠲᠠ ᠶᠢᠨ ᠵᠥᠪᠯᠡᠯ ᠳᠤ ᠠᠵᠢᠯ ᠤᠨ ᠪᠠᠶᠢᠴᠠᠭᠠᠯᠳᠠ ᠬᠢᠪᠡ      5 ᠰᠠᠷ᠎ᠠ ᠶᠢᠨ 26 ᠤ ᠡᠳᠦᠷ  ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᡁᠢ ᠴᠢᠶᠠᠩ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠤᠨ ᠲᠤᠬᠠᠢ ᠾᠧ ᠺᠸᠤ ᠬᠠᠮᠢᠶᠠᠷᠤᠯᠲᠠ ᠶᠢᠨ ᠵᠥᠪᠯᠡᠯ ᠳᠤ ᠪᠠᠶᠢᠴᠠᠭᠠᠯᠳᠠ  ᠬᠢᠪᠡ  ᠃ ᠾᠧ ᠺᠸᠤ ᠬᠠᠮᠢᠶᠠᠷᠤᠯᠲᠠ ᠶᠢᠨ ᠵᠥᠪᠯᠡᠯ ᠨᠠᠮ ᠤᠨ ᠬᠤᠷᠢᠶᠠᠨ ᠤ ᠱᠦᠵᠢ ᠯᠢᠦ ᠹᠧᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠠᠩ ᠳ᠋ᠦᠩ ᠴᠢᠶᠦ᠋ᠨ ᠪᠠᠷ᠎ᠠ ᠪᠤᠯᠵᠦ ᠪᠠᠶᠢᠴᠠᠭᠠᠯᠲᠠ ᠳᠤ ᠤᠷᠤᠯᠴᠠᠪᠠ᠃ ᠪᠠᠶᠢᠴᠠᠭᠠᠯᠳᠠ ᠶᠢᠨ ᠲᠤᠭᠤᠶᠢᠯᠠᠩ ᠤᠷᠢᠳ ᠬᠤᠵᠢᠳ ᠬᠠᠮᠢᠶᠠᠷᠤᠯᠲᠠ ᠶᠢᠨ ᠵᠥᠪᠯᠡᠯ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠳᠤ ᠭᠦᠨᠵᠡᠭᠡᠶᠢᠷᠡᠨ ᠪᠠᠶᠢᠴᠠᠭᠠᠨ ᠦᠵᠡᠪᠡ᠃      ᠯᠢᠦ ᡁᠢ ᠴᠢᠶᠠᠩ ᠨᠦᠬᠦᠷ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠄ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠪᠤᠯ ᠠᠷᠠᠳ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠤᠯᠬᠤᠷ ᠣᠰᠣᠨ ᠤ ᠡᠬᠢ ᠰᠤᠷᠪᠤᠯᠵᠢ ᠶᠢᠨ ᠤᠷᠤᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠪᠣᠯ ᠮᠠᠨ ᠤ ᠤᠳᠤᠬᠢ ᠠᠵᠢᠯ ᠤᠨ ᠳᠤᠮᠳᠠᠬᠢ ᠴᠢᠬᠤᠯᠠ ᠠᠴᠠ ᠴᠢᠬᠤᠯᠠ ᠶᠠᠪᠤᠳᠠᠯ ᠪᠣᠯᠤᠨ᠎ᠠ᠃ ᠳᠠᠶᠠᠭᠠᠷ ᠢᠶᠠᠨ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠵᠤ᠂ ᠡᠯ᠎ᠡ ᠰᠠᠯᠠᠭ᠎ᠠ ᠮᠥᠴᠢᠷ᠂ ᠾᠧ ᠺᠸᠤ ᠬᠠᠮᠢᠶᠠᠷᠤᠯᠲᠠ ᠶᠢᠨ ᠵᠥᠪᠯᠡᠯ ᠤᠨ ᠬᠢᠨ ᠬᠠᠷᠢᠯᠴᠠᠨ ᠬᠠᠮᠵᠢᠯᠴᠠᠨ᠂ ᠵᠢᠯᠤᠭᠤᠳᠤᠯᠭ᠎ᠠ ᠪᠠᠨ ᠴᠢᠩᠭᠠᠳᠬᠠᠬᠤ ᠪᠠ ᠰᠢᠪᠠᠳᠠᠨ ᠠᠬᠢᠭᠤᠯᠵᠤ᠂ ᠤᠰᠤᠨ ᠤ ᠰᠤᠷᠪᠤᠯᠵᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠭᠠᠯᠢ ᠠᠷᠠᠳ ᠤᠨ ᠤᠤᠭᠤᠬᠤ ᠤᠰᠤᠨ ᠤ ᠤᠰᠤᠨ ᠤ ᠰᠤᠷᠪᠤᠯᠵᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠂ ᠢᠯᠠᠩᠭᠤᠶ᠎ᠠ ᠨᠢᠭᠡᠳᠤᠭᠡᠷ ᠲᠡᠰ ᠤᠨ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠬᠢᠬᠦ ᠶᠢ ᠡᠷᠡᠰ ᠬᠤᠷᠢᠭᠯᠠᠬᠤ ᠬᠡᠷᠡᠭᠲᠡᠶ᠂ ᠤᠷᠲᠤ ᠬᠤᠭᠤᠴᠠᠭᠠᠨ ᠤ ᠬᠦᠴᠦᠨ ᠪᠦᠬᠦᠢ ᠲᠦᠪ ᠴᠢᠩᠭ᠎ᠠ ᠮᠦᠷᠳᠡᠭᠡᠨ ᠬᠡᠷᠡᠭᠵᠢᠭᠦᠯᠵᠦ ᠪᠣᠯᠬᠤ ᠠᠷᠭ᠎ᠠ ᠬᠡᠮᠵᠢᠶ᠎ᠡ ᠪᠠ ᠲᠣᠭᠲᠠᠴᠠ ᠶᠢ ᠲᠤᠭᠳᠠᠭᠠᠵᠤ᠂ ᠪᠣᠬᠢᠷᠲᠤᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠪᠣᠬᠢᠷᠲᠤᠯ ᠤᠨ ᠰᠤᠷᠪᠤᠯᠵᠢ ᠶᠢ ᠤᠰᠤᠨ ᠴᠣᠭᠴᠠ ᠳᠤ ᠣᠷᠣᠬᠤ ᠶᠢ ᠡᠷᠡᠰ ᠬᠤᠷᠢᠭᠯᠠᠬᠤ ᠬᠡᠷᠡᠭᠲᠡᠶ᠃ ᠣᠳᠣᠬᠠᠨ ᠳᠤ ᠮᠥᠨ ᠯᠡ ᠨᠢᠭᠡᠳᠤᠭᠡᠷ ᠲᠡᠰ ᠤᠨ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠳᠤ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠬᠢᠵᠦ ᠪᠠᠶᠢᠭ᠎ᠠ ᠪᠠᠶᠢᠳᠠᠯ ᠢ ᠡᠷᠡᠰ ᠬᠦᠴᠦᠨ ᠦᠭᠡᠢ ᠪᠣᠯᠭᠠᠨ᠎ᠠ᠃ ᠤᠰᠤᠨ ᠤ ᠡᠬᠢ ᠰᠤᠷᠪᠤᠯᠵᠢ ᠶᠢᠨ ᠡᠷᠬᠢᠨ ᠲᠣᠭᠤᠷᠢᠨ ᠤ ᠬᠤᠭ ᠨᠣᠪᠰᠢ᠂ ᠰᠠᠭᠤᠭᠠᠯᠢ ᠠᠷᠠᠳ ᠤᠨ ᠠᠮᠢᠳᠤᠷᠠᠯ ᠤᠨ ᠪᠣᠬᠢᠷ ᠤᠰᠤ᠂ ᠲᠠᠷᠢᠶᠠᠯᠠᠩ ᠮᠠᠯ ᠠᠵᠤ ᠠᠬᠤᠶ ᠵᠡᠷᠭᠡ ᠤᠯᠠᠨ ᠡᠬᠢᠳᠤ ᠪᠣᠬᠢᠷᠲᠤᠯ  ᠤᠨ ᠵᠠᠰᠠᠠᠯᠳᠠ ᠶᠢ ᠴᠢᠩᠭᠠᠳᠬᠠᠵᠤ᠂ ᠤᠰᠤᠨ ᠤ ᠰᠤᠷᠪᠤᠯᠵᠢ ᠶᠢᠨ ᠤᠷᠤᠨ ᠤ ᠠᠮᠤᠷ ᠲᠦᠪᠰᠢᠨ ᠢ ᠡᠬᠢ ᠦᠨᠳᠦᠰᠦ ᠠᠴᠠ ᠨᠢ ᠬᠠᠮᠠᠭᠠᠯᠠᠬᠤ ᠬᠡᠷᠡᠭᠳᠡᠢ ᠭᠡᠵᠤ ᠴᠢᠬᠤᠯᠠᠴᠢᠯᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号