ᠢᠦᠶ ᠴᠢᠤᠸᠠᠨ ᠲᠣᠭᠤᠷᠢᠭ ᠤᠨ ᠤᠯᠤᠰ ᠳᠦᠷᠦ ᠶᠢᠨ ᠵᠥᠪᠯᠡᠯᠭᠡᠨ ︽ᠬᠥᠬᠡᠬᠤᠲᠠ ᠶᠢᠨ ᠲᠡᠦᠬᠡ ᠰᠣᠶᠣᠯ ᠤᠨ ᠵᠢᠭᠤᠯᠴᠢᠯᠠᠯ ᠤᠨ ᠲᠤᠰᠬᠠᠶ ᠰᠡᠳᠦᠪᠲᠦ ᠲᠠᠶᠢᠯᠤᠮᠵᠢ︾ ᠡᠷᠬᠢᠯᠡᠪᠡ
ᠨᠡᠶᠢᠲᠡᠯᠡᠭᠰᠡᠨ ᠴᠠᠭ᠄
2018-06-05
     2018 ᠤᠨ ᠤ 5 ᠳ᠋ᠤᠭᠠᠷ ᠰᠠᠷ᠎ᠠ ᠶᠢᠨ 31 ᠤ ᠦᠳᠡ ᠶᠢᠨ ᠬᠤᠶᠢᠨ᠎ᠠ᠂ ᠢᠦᠶ ᠴᠢᠤᠸᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠣᠯᠤᠨ ᠤᠬᠠᠭᠤᠯᠬᠤ ᠬᠡᠯᠲᠡᠰ᠂ ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ ᠬᠤᠶᠠᠳᠤᠭᠠᠷ ᠳᠠᠪᠬᠤᠷ  ᠤᠨ ᠬᠤᠶᠢᠲᠤ ᠬᠤᠷᠠᠯ ᠤᠨ ᠭᠡᠷ ᠲᠤ ︽ᠬᠥᠬᠡᠬᠤᠲᠠ ᠶᠢᠨ ᠲᠡᠦᠬᠡ ᠰᠣᠶᠣᠯ ᠤᠨ ᠵᠢᠭᠤᠯᠴᠢᠯᠠᠯ ᠤᠨ ᠲᠤᠰᠬᠠᠶ ᠰᠡᠳᠦᠪᠲᠦ ᠲᠠᠶᠢᠯᠤᠮᠵᠢ︾ ᠡᠷᠬᠢᠯᠡᠪᠡ᠃ ᠲᠤᠰ ᠤᠳᠠᠭᠠᠨ ᠤ ᠲᠠᠶᠢᠯᠤᠮᠵᠢ ᠳᠤ ᠢᠦᠶ ᠴᠢᠤᠸᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠤᠯᠤᠰ ᠤᠨ ᠨᠢᠭᠡᠳᠦᠭᠡᠷ ᠳᠡᠰ ᠤᠨ ᠨᠡᠪᠲᠡᠷᠡᠭᠦᠯᠦᠭᠴᠢ᠂ ︽ᠬᠦᠬᠡᠬᠤᠲᠠ ᠶᠢᠨ ᠰᠠᠭᠤᠭᠳᠠᠯ︾ ᠵᠡᠷᠭᠡ ᠨᠣᠮ ᠤᠨ ᠵᠣᠬᠢᠶᠠᠭᠴᠢ᠂ ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ  ᠬᠤᠷᠢᠶ᠎ᠠ ᠶᠢᠨ ᠨᠡᠷᠡᠲᠦ ᠬᠥᠲᠥᠯᠥᠭᠴᠢ  ᠵᠠᠩ ᠵᠢᠩ ᡁᠢ  ᠶᠢ  ᠣᠨᠴᠠ ᠤᠷᠢᠨ ᠭᠤᠣᠯᠯᠠᠨ ᠶᠠᠷᠢᠭᠤᠯᠪᠠ᠃ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠪᠠ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠤᠳᠤᠷᠢᠳᠬᠤ ᠺᠠᠳ᠋ᠷ ᠲᠠᠶᠢᠯᠤᠮᠵᠢ   ᠶᠢ ᠰᠤᠨᠤᠰᠪᠠ᠃      ᠡᠨᠡ ᠤᠳᠠᠭ᠎ᠠ ᠶᠢᠨ ᠲᠠᠶᠢᠯᠤᠮᠵᠢ ᠳᠤ ᠬᠥᠬᠡᠬᠤᠲᠠ ᠵᠢᠴᠢ ᠢᠦᠢ ᠴᠢᠤᠸᠠᠨ ᠲᠣᠭᠤᠷᠢᠭ ᠤᠨ ᠥᠨᠢ ᠤᠳᠠᠭᠠᠨ ᠲᠡᠦᠬᠡ ᠰᠣᠶᠣᠯ ᠪᠠ ᠵᠠᠩ ᠦᠢᠯᠡ ᠶᠢ ᠭᠦᠨᠵᠡᠭᠡᠶ ᠵᠠᠳᠠᠯᠤᠨ ᠰᠢᠨᠵᠢᠯᠡᠵᠦ᠂ ᠠᠳᠡ ᠰᠠᠭᠤᠭ᠎ᠠ ᠨᠠᠮ ᠤᠨ ᠭᠡᠰᠢᠭᠦᠨ ᠺᠠᠳ᠋ᠷ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠥᠬᠡᠬᠤᠲᠠ ᠶᠢᠨ ᠲᠡᠦᠬᠡ ᠰᠣᠶᠣᠯ ᠤᠨ ᠡᠬᠢ ᠰᠤᠷᠪᠤᠯᠵᠢ ᠨᠡᠶᠢᠭᠡᠮ ᠤᠨ ᠪᠠᠶᠢᠭᠤᠯᠤᠯ ᠤᠨ ᠬᠥᠭᠵᠢᠵᠦ ᠪᠠᠶᠢᠭ᠎ᠠ ᠪᠠᠶᠢᠳᠠᠯ  ᠳᠤ ᠭᠦᠨᠵᠡᠭᠡᠢ ᠤᠶᠢᠯᠠᠭᠠᠯᠲᠠ ᠲᠠᠢ ᠪᠣᠯᠵᠠᠢ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号