ᠬᠥᠬᠡᠬᠤᠲᠠ ᠶᠢᠨ ᠵᠡᠭᠡᠯᠢ ᠪᠠᠷ  ︽​  ᠨᠣᠭᠤᠭᠠᠨ ᠪᠦᠴᠡ︾ ᠨᠠᠮᠢᠷᠠᠨᠠᠮ
ᠨᠡᠶᠢᠲᠡᠯᠡᠭᠰᠡᠨ ᠴᠠᠭ᠄
2018-06-05
     6 ᠳ᠋ᠤᠭᠠᠷ ᠰᠠᠷ᠎ᠠ ᠶᠢᠨ 4  ᠤ ᠡᠳᠦᠷ᠂ ᠬᠥᠬᠡᠬᠤᠲᠠ ᠶᠢᠨ  ᠵᠠᠮ ᠬᠠᠷᠢᠯᠴᠠᠭᠠᠨ ᠤ ᠴᠠᠭᠳᠠᠭ᠎ᠠ  ︽ᠨᠣᠭᠤᠭᠠᠨ ᠪᠦᠴᠡ︾  ᠲᠠᠷᠬᠠᠭᠠᠪᠠ᠃  ᠣᠶᠢᠯᠠᠭᠠᠭᠰᠠᠨ ᠢᠶᠠᠷ᠂ 2018  ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠪᠣᠯᠬᠤ  ᠲᠠᠰᠢᠷᠠᠮ ᠳᠤ᠂  ᠰᠢᠯᠭᠠᠯᠲᠠ ᠶᠢᠨ ᠡᠮᠦᠨ᠎ᠡ  ᠪᠠ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭ᠎ᠠ ᠶᠢᠨ ᠰᠠᠭᠠᠳ ᠦᠭᠡᠢ ᠶᠢ ᠪᠠᠲᠤᠯᠠᠬᠤ ᠶᠢᠨ ᠬᠠᠮᠲᠤ ᠣᠯᠠᠨ ᠲᠦᠮᠡᠨ ᠳᠤ ᠰᠢᠯᠭᠠᠯᠲᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠩᠬᠠᠷᠬᠤ ᠴᠢᠬᠤᠯᠠᠲᠠᠢ ᠵᠦᠢᠯᠡᠰ ᠢ ᠤᠬᠠᠭᠤᠯᠬᠤ ᠶᠢᠨ ᠲᠤᠰᠠᠳᠠ᠂  ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠨᠴᠠ ᠡᠭᠦᠷᠭᠡ ᠶᠢ ᠭᠦᠢᠴᠡᠳᠬᠡᠬᠦ ᠶᠡᠭᠡ ᠠᠩᠭᠢ ᠶᠢᠨ ᠲᠠᠪᠤᠳᠤᠭᠠᠷ ᠳᠤᠮᠳᠠ ᠠᠩᠭᠢ ᠶᠢᠨ  ᠵᠠᠮ ᠬᠠᠷᠢᠯᠴᠠᠭᠠᠨ ᠤ ᠴᠠᠭᠳᠠᠭ᠎ᠠ ᠵᠠᠮ ᠳᠡᠭᠡᠷ᠎ᠡ ᠭᠠᠷᠴᠤ᠂ ᠬᠤᠲᠠ ᠶᠢᠨ ᠢᠷᠡᠭᠡᠳ ᠲᠤ ︽ᠨᠣᠭᠤᠭᠠᠨ ᠪᠦᠴᠡ︾ ᠲᠠᠷᠬᠠᠭᠠᠵᠤ᠂ ᠪᠠᠰᠠ ᠲᠤᠰᠬᠠᠶᠢᠯᠠᠨ ᠮᠠᠨ ᠤ ᠬᠤᠲᠠ ᠶᠢᠨ ᠨᠡᠶᠢᠲᠡ ᠮᠠᠰᠢᠨ ᠲᠡᠷᠭᠡᠨ ᠤ ᠭᠤᠷᠪᠠᠳᠤᠭᠠᠷ ᠺᠣᠮᠫᠠᠨᠢ ᠳᠤ ᠬᠦᠷᠴᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠤ ᠰᠢᠯᠭᠠᠯᠲᠠ ᠶᠢᠨ ᠲᠠᠯᠠᠪᠤᠷ ᠢᠶᠠᠷ ᠥᠩᠭᠡᠷᠡᠬᠦ ᠨᠡᠶᠢᠲᠡ ᠶᠢᠨ ᠮᠠᠰᠢᠨ ᠲᠡᠷᠭᠡ ᠳᠤ ︽ᠨᠣᠭᠤᠭᠠᠨ ᠪᠦᠴᠡ︾ ᠤᠶᠠᠵᠤ᠂ ᠮᠠᠨ ᠤ ᠬᠤᠲᠠ ᠶᠢᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ  ᠳᠠᠬᠢ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠪᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号