ᠮᠠᠨ ᠤ ᠤᠷᠤᠨ ᠪᠠᠷᠠᠭᠤᠨ ᠤᠷᠤᠨ ᠤ ᠲᠦᠯᠦᠪᠯᠡᠭᠡ ᠳᠤ ᠰᠠᠶᠢᠨ ᠲᠤᠷ᠎ᠠ ᠠᠴᠠ ᠪᠠᠨ ᠦᠢᠯᠡᠴᠢᠯᠡᠬᠦ ᠰᠠᠶᠢᠨ ᠲᠤᠷᠠᠴᠤᠤᠯ ᠢ 435 ᠡᠯᠰᠡᠨ᠎ᠡ
ᠨᠡᠶᠢᠲᠡᠯᠡᠭᠰᠡᠨ ᠴᠠᠭ᠄
2018-06-05
      ᠤᠢᠢᠷ᠎ᠠ ᠳᠤ᠂ ᠰᠤᠷᠪᠤᠯᠵᠢᠯᠠᠭᠴᠢ ᠤᠶᠤᠳᠠᠳ ᠤᠨ ᠪᠠᠷᠠᠭᠤᠨ ᠤᠷᠤᠨ ᠤ ᠲᠦᠯᠦᠪᠯᠡᠭᠡ ᠳᠤ ᠰᠠᠶᠢᠨ ᠲᠤᠷ᠎ᠠ ᠠᠴᠠ ᠪᠠᠨ ᠦᠢᠯᠡᠴᠢᠯᠡᠬᠦ ᠦᠪᠦᠷ ᠮᠤᠩᠭᠤᠯ ᠤᠨ ᠲᠦᠷᠦᠯ ᠵᠦᠢᠯ ᠤᠨ ᠠᠯᠪᠠᠨ ᠭᠡᠷ ᠠᠴᠠ ᠤᠢᠢᠯᠠᠭᠠᠬᠰᠠᠨ ᠢᠶᠠᠷ ᠂ ᠮᠠᠨ ᠤ ᠤᠷᠤᠨ ᠪᠠᠷᠠᠭᠤᠨ ᠤᠷᠤᠨ ᠤ ᠲᠦᠯᠦᠪᠯᠡᠭᠡ ᠳᠤ ᠰᠠᠶᠢᠨ ᠲᠤᠷ᠎ᠠ ᠠᠴᠠ ᠪᠠᠨ ᠦᠢᠯᠡᠴᠢᠯᠡᠬᠦ ᠰᠠᠶᠢᠨ ᠲᠤᠷᠠᠴᠤᠤᠯ ᠢ 435 ᠡᠯᠰᠡᠬᠦ ᠪᠠᠷ ᠪᠤᠢ᠂ ᠡᠭᠦᠨ ᠳᠤ ᠪᠦᠬᠦ ᠤᠯᠤᠰ ᠤᠨ ᠲᠦᠷᠦᠯ ᠵᠦᠢᠯ ᠳᠤ 300 ᠬᠦᠮᠤᠨ ᠢ ᠡᠯᠰᠡᠨ᠎ᠠ︔ ᠤᠷᠤᠨ ᠨᠤᠳᠤᠭ ᠤᠨ ᠲᠦᠷᠦᠯ ᠵᠦᠢᠯ ᠳᠤ 135 ᠬᠦᠮᠤᠨ ᠢ ᠡᠯᠰᠡᠵᠦ᠂ ᠡᠭᠦᠨ ᠳᠤ ᠪᠤᠭᠤᠳᠤ ᠬᠤᠳᠠ 100 ᠬᠦᠮᠤᠨ᠂ ᠦᠬᠠᠢ ᠬᠤᠳᠠ 35 ᠬᠦᠮᠦᠨ ᠢ ᠡᠯᠰᠡᠵᠦ᠂ ᠪᠤᠰᠤᠳ ᠭᠠᠵᠠᠷ ᠤᠷᠤᠨ ᠪᠤᠳᠠᠳᠤ ᠪᠠᠶᠢᠳᠠᠯ ᠢᠶᠠᠨ ᠦᠨᠳᠦᠰᠦᠯᠡᠨ ᠡᠯᠰᠡᠬᠦ ᠪᠤᠯᠤᠨ᠎ᠠ᠃      ᠤᠢᠢᠯᠠᠭᠠᠬᠰᠠᠨ ᠢᠶᠠᠷ᠂ ᠪᠦᠬᠦ ᠤᠯᠤᠰ ᠤᠨ ᠲᠦᠷᠦᠯ ᠵᠦᠢᠯ ᠤᠨ ᠡᠯᠰᠡᠬᠦ ᠡᠳᠡᠭᠡᠳ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠩ ᠤᠨ ᠶᠡᠭᠡ ᠲᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠲᠦᠷᠢᠮᠳᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠵᠢᠴᠢ ᠲᠤᠰ ᠵᠢᠯ ᠲᠡᠭᠦᠰᠭᠦ ᠤᠶᠤᠳᠠᠳ ᠪᠤᠶᠤ ᠰᠤᠷᠭᠠᠭᠤᠯᠢ ᠳᠤ ᠰᠤᠷᠤᠯᠴᠠᠵᠤ ᠪᠠᠶᠢᠬᠤ ᠠᠰᠫᠢᠷᠠᠨᠲ ᠢ ᠪᠠᠭᠳᠠᠭᠠᠵᠠᠢ᠂ ᠡᠬᠦᠨ ᠳᠤ ᠶᠡᠭᠡ ᠰᠤᠷᠭᠠᠭᠤᠯᠢ ᠶᠢᠨ ᠵᠢᠩᠭᠢᠨᠢ ᠠᠩᠭᠢ ᠪᠠᠷ ᠭᠤᠤᠯᠳᠠᠭᠤᠯᠤᠨ᠎ᠠ︔ ᠤᠷᠤᠨ ᠤ ᠭᠠᠳᠠᠨᠠᠬᠢ ᠡᠩ ᠤᠨ ᠶᠡᠭᠡ ᠲᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠲᠦᠷᠢᠮᠳᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠵᠢᠴᠢ ᠲᠤᠰ ᠵᠢᠯ ᠲᠡᠭᠦᠰᠭᠦ ᠤᠶᠤᠳᠠᠳ ᠢ ᠪᠠᠭᠳᠠᠭᠠᠵᠠᠢ᠂ ᠡᠬᠦᠨ ᠳᠤ ᠶᠡᠭᠡ ᠰᠤᠷᠭᠠᠭᠤᠯᠢ ᠶᠢᠨ ᠵᠢᠩᠭᠢᠨᠢ ᠠᠩᠭᠢ ᠪᠠᠷ ᠭᠤᠤᠯᠳᠠᠭᠤᠯᠵᠤ᠂ ᠡᠯᠰᠡᠬᠦ ᠭᠠᠵᠠᠷ ᠨᠢ ᠪᠡᠭᠡᠵᠢᠩ ᠬᠤᠳᠠ᠂ ᠯᠢᠶᠤᠤᠨᠢᠩ ᠮᠤᠵᠢ᠂ ᠡᠾᠧᠨᠠᠨ ᠮᠤᠵᠢ ᠪᠠᠷ ᠭᠤᠤᠯᠳᠠᠭᠤᠯᠤᠨ᠎ᠠ︔ ᠪᠤᠰᠤᠳ ᠮᠤᠵᠢ ᠤᠷᠤᠨ ᠤ ᠦᠪᠤᠷ ᠮᠤᠩᠭᠤᠯ ᠤᠨ ᠡᠷᠦᠭᠡ ᠠᠮᠠ ᠲᠠᠢ ᠤᠶᠤᠳᠠᠳ ᠪᠠᠰᠠ ᠨᠡᠷ᠎ᠠ ᠮᠡᠳᠡᠬᠦᠯᠦᠨ ᠰᠢᠯᠭᠠᠵᠤ ᠪᠤᠯᠤᠨ᠎ᠠ︔ ᠤᠷᠤᠨ ᠨᠤᠳᠤᠭ ᠤᠨ ᠲᠦᠷᠦᠯ ᠵᠦᠢᠯ ᠤᠨ ᠡᠯᠰᠡᠬᠦ ᠡᠳᠡᠭᠡᠳ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠩ ᠤᠨ ᠶᠡᠭᠡ ᠲᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠲᠦᠷᠢᠮᠳᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠵᠢᠴᠢ ᠲᠤᠰ ᠵᠢᠯ ᠲᠡᠭᠦᠰᠭᠦ ᠤᠶᠤᠳᠠᠳ ᠪᠤᠶᠤ ᠰᠤᠷᠭᠠᠭᠤᠯᠢ ᠳᠤ ᠰᠤᠷᠤᠯᠴᠠᠵᠤ ᠪᠠᠶᠢᠬᠤ ᠠᠰᠫᠢᠷᠠᠨᠲ ᠢ ᠪᠠᠭᠳᠠᠭᠠᠵᠠᠢ᠂ ᠡᠬᠦᠨ ᠳᠤ ᠶᠡᠭᠡ ᠰᠤᠷᠭᠠᠭᠤᠯᠢ ᠶᠢᠨ ᠵᠢᠩᠭᠢᠨᠢ ᠠᠩᠭᠢ ᠪᠠᠷ ᠭᠤᠤᠯᠳᠠᠭᠤᠯᠤᠨ᠎ᠠ︔ ᠤᠷᠤᠨ ᠤ ᠭᠠᠳᠠᠨᠠᠬᠢ ᠦᠪᠦᠷ ᠮᠤᠩᠭᠤᠯ ᠤᠨ ᠡᠷᠦᠭᠡ ᠠᠮᠠ ᠲᠠᠢ ᠡᠩ ᠤᠨ ᠶᠡᠭᠡ ᠲᠡᠭᠡᠳᠦ ᠰᠤᠷᠭᠠᠭᠤᠯᠢ ᠶᠢᠨ ᠲᠡᠭᠦᠰᠭᠦ ᠠᠩᠭᠢ ᠶᠢᠨ ᠤᠶᠤᠳᠠᠳ᠂ ᠶᠡᠭᠡ ᠰᠤᠷᠭᠠᠭᠤᠯᠢ ᠶᠢᠨ ᠵᠢᠩᠭᠢᠨᠢ ᠠᠩᠭᠢ ᠪᠠᠷ ᠭᠤᠤᠯᠳᠠᠭᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号