ᠴᠢᠩ ᠱᠦᠢ ᠾᠧ ᠰᠢᠶᠠᠨ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠠᠬᠢᠭᠤᠯᠬᠤ ᠪᠠᠷ ᠰᠢᠵᠢᠮ ᠪᠣᠯᠭᠠᠨ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠢ ᠤᠶᠠᠯᠳᠤᠭᠤᠯᠤᠨ᠂ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠬᠤ ᠠᠯᠬᠤᠴᠠ ᠪᠠᠨ ᠲᠦᠷᠭᠡᠳᠬᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠣᠯᠤᠨ | ᠥᠷᠢᠰᠥᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠨᠢᠭᠡ ᠳᠤ᠂ ᠲᠤᠰ ᠰᠢᠶᠠᠨ ᠤ ︽12345 | +N︾ ᠠᠵᠤ ᠦᠢᠯᠡᠰ ᠤᠨ ᠶᠡᠷᠦᠩᠬᠡᠶ ᠪᠠᠶᠢᠷᠢᠯᠠᠭᠤᠯᠤᠯᠲᠠ ᠶᠣᠰᠤᠭᠠᠷ᠂ ᠾᠦᠨᠾᠧ ᠭᠤᠣᠯ᠂ ᠴᠢᠩ ᠱᠦᠢ ᠾᠧ᠂ | ᠬᠠᠲᠤᠨ ᠭᠤᠣᠯ᠂ ᠣᠷᠳᠣ ᠴᠠᠭᠠᠨ ᠬᠡᠷᠡᠮ ᠵᠡᠷᠭᠡ ᠳᠥᠷᠪᠡᠨ ᠠᠵᠤ ᠦᠢᠯᠡᠰ ᠤᠨ ᠪᠦᠰᠡ ᠳᠠᠭᠠᠤ ᠵᠢᠵᠢᠭ ᠨᠠᠷᠢᠮᠤ᠂ | ᠬᠠᠷ᠎ᠠ ᠰᠢᠯᠦᠬᠡᠶ᠂ ᠬᠠᠭᠠᠰ ᠵᠡᠷᠯᠢᠭ ᠬᠤᠨᠴᠢᠷ ᠵᠡᠷᠭᠡ ᠪᠠᠷ ᠭᠤᠣᠯ ᠪᠣᠯᠭᠠᠭᠰᠠᠨ ᠣᠨᠴᠠᠯᠢᠭ ᠪᠦᠬᠦᠢ ᠲᠠᠷᠢᠮᠠᠯ᠂ | ᠢᠳᠡᠰᠢᠨ ᠬᠤᠨᠢ᠂ ᠰᠠᠭᠠᠯᠢ ᠶᠢᠨ ᠢᠮᠠᠭ᠎ᠠ᠂ ᠢᠳᠡᠰᠢᠨ ᠡᠯᠵᠢᠭᠡ᠂ ᠢᠳᠡᠰᠢᠨ ᠦᠬᠡᠷ ᠵᠡᠷᠭᠡ ᠪᠠᠷ ᠭᠤᠣᠯ ᠪᠣᠯᠭᠠᠭᠰᠠᠨ | ᠣᠨᠴᠠᠯᠢᠭ ᠪᠦᠬᠦᠢ ᠲᠡᠵᠢᠭᠡᠨ ᠦᠷᠡᠵᠢᠭᠦᠯᠬᠦ ᠦᠢᠯᠡᠰ ᠵᠡᠷᠭᠡ ᠶᠠᠳᠠᠭᠤ ᠶᠢ ᠲᠡᠳᠬᠦᠬᠦ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ 19 ᠬᠡᠷᠡᠭᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠠᠵᠤ ᠠᠬᠤᠶᠢᠯᠠᠯ ᠤᠨ ᠳᠠᠶᠢᠴᠢᠯᠠᠨ ᠳᠠᠭᠠᠭᠤᠯᠬᠤ ᠪᠠᠷ ᠳᠠᠮᠵᠢᠭᠤᠯᠤᠨ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠬᠥᠳᠡᠯᠭᠡᠬᠦ | ᠬᠦᠴᠦᠨ ᠢ ᠬᠥᠭᠵᠢᠭᠡᠪᠡ᠃ ᠬᠤᠶᠠᠷ ᠲᠤ ᠱᠧᠩ ᠳ᠋ᠢ ᠮᠠᠯ ᠠᠵᠤ ᠠᠬᠤᠶ ᠶᠢᠨ ᠰᠠᠭᠠᠯᠢ ᠶᠢᠨ ᠦᠨᠢᠶ᠎ᠡ ᠶᠢ | ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠲᠦᠩ ᠶᠤᠸᠠᠨ ᠮᠠᠯ ᠠᠵᠤ ᠠᠬᠤᠶ ᠶᠢᠨ ᠢᠳᠡᠰᠢᠨ | ᠡᠯᠵᠢᠭᠡ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠴᠠᠩ ᠯᠦᠩ ᠲᠠᠷᠢᠶᠠᠯᠠᠩ ᠮᠠᠯ ᠠᠵᠤ | ᠠᠬᠤᠶ ᠶᠢᠨ ᠠᠮᠢᠳᠤ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ 5 ᠲᠦᠮᠡᠨ ᠮᠥ ᠶᠢᠨ ᠲᠠᠷᠢᠶᠠᠨ | ᠭᠠᠵᠠᠷ ᠤᠨ ᠡᠭᠡᠯᠵᠢᠯᠡᠨ ᠲᠠᠷᠢᠬᠤ ᠲᠥᠷᠥᠯ ᠵᠦᠢᠯ᠂ ᠭᠠᠵᠠᠷ ᠤᠨ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ | ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠢ | ᠪᠦᠬᠦ ᠬᠦᠴᠦ ᠪᠠᠷ ᠢᠶᠠᠨ ᠠᠬᠢᠭᠤᠯᠪᠠ᠃ ᠭᠤᠷᠪᠠ ᠳᠤ᠂ ᠬᠤᠩ ᠾᠧ ᠪᠠᠯᠭᠠᠰᠤᠨ ᠤ ᠾᠦᠨᠾᠧ ᠭᠤᠣᠯ ᠤᠨ ᠬᠤᠶᠠᠷ | ᠡᠷᠭᠢ ᠳᠤ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠲᠠᠷᠢᠶᠠᠯᠠᠩ ᠤᠨ ᠶᠡᠷᠦᠩᠬᠡᠶ ᠴᠣᠭᠴᠠ ᠪᠥᠬᠦᠢ | ᠪᠥᠳᠥᠭᠡᠨ ᠪᠠᠶᠢᠭᠤᠯᠤᠯᠲᠠ ᠶᠢᠨ ᠳᠦᠷᠦᠯ ᠵᠦᠢᠯ ᠢ ᠬᠡᠷᠡᠭᠵᠢᠭᠦᠯᠪᠡ᠃ ᠲᠠᠷᠢᠶᠠᠯᠠᠩ ᠤᠨ ᠪᠦᠲᠦᠭᠡᠭᠳᠡᠬᠦᠨ ᠪᠠ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ᠂ ᠳᠠᠪᠠᠭᠤᠯᠢᠭ | ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠲᠤᠬᠠᠶ ᠶᠢᠨ ᠭᠠᠵᠠᠷ ᠤᠨ ᠪᠣᠬᠢᠷᠲᠤᠯ ᠦᠬᠡᠢ | ᠲᠠᠷᠢᠶᠠᠯᠠᠩ ᠤᠨ ᠪᠦᠲᠦᠭᠡᠭᠳᠡᠬᠦᠨ ᠢ ᠪᠦᠬᠦ ᠤᠯᠤᠰ ᠲᠤ ᠪᠣᠷᠣᠯᠠᠭᠤᠯᠵᠤ᠂ ᠴᠢᠩ ᠱᠦᠢ ᠾᠧ ᠰᠢᠶᠠᠨ ᠤ ᠲᠠᠷᠢᠶᠠᠯᠠᠩ | ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠷ᠎ᠡ ᠠᠰᠢᠭ ᠪᠣᠯᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ | ᠠᠯᠬᠤᠮ ᠠᠯᠬᠤᠮ ᠢᠶᠠᠷ ᠳᠡᠭᠡᠭᠰᠢᠯᠡᠭᠦᠯᠦᠨ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ | ᠬᠥᠳᠡᠭᠡ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠢ ᠨᠡᠮᠡᠭᠳᠡᠭᠦᠯᠦᠨ | ᠶᠠᠳᠠᠭᠤ ᠠᠴᠠ ᠠᠩᠭᠢᠵᠢᠷᠠᠭᠤᠯᠵᠤ ᠪᠠᠶᠠᠵᠢᠭᠤᠯᠬᠤ ᠶᠢ ᠪᠡᠶᠡᠯᠡᠭᠦᠯᠪᠡ᠃ | |