ᠬᠦᠬᠡᠬᠤᠳᠠ ᠶᠢᠨ ᠬᠤᠳᠠ ᠶᠢᠨ ᠵᠠᠮ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠲᠦᠷᠢᠮ
ᠨᠡᠶᠢᠲᠡᠯᠡᠭᠰᠡᠨ ᠴᠠᠭ᠄
2018-06-06
 ︵2005 ᠤᠨ ᠤ 10 ᠰᠠᠷ᠎ᠠ ᠶᠢᠨ 28 ᠤ ᠡᠳᠦᠷ ᠬᠦᠬᠡᠬᠤᠳᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ ᠢᠶᠠᠷ ᠪᠠᠳᠤᠯᠠᠵᠤ᠂  2006 ᠤᠨ ᠤ 4 ᠰᠠᠷ᠎ᠠ ᠶᠢᠨ 1 ᠤ ᠡᠳᠦᠷ ᠦᠪᠦᠷ ᠮᠤᠩᠭᠤᠯ ᠤ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯᠳᠤᠭᠠᠨ ᠢᠶᠠᠷ  ᠵᠦᠪᠰᠢᠶᠡᠷᠡᠪᠡ᠂  2015ᠤᠨ ᠤ  11  ᠰᠠᠷ᠎ᠠ ᠶᠢᠨ  25  ᠤ ᠡᠳᠦᠷ ᠤᠨ ︽︿ᠬᠦᠬᠡᠬᠤᠳᠠ ᠶᠢᠨ ᠬᠤᠳᠠ ᠶᠢᠨ ᠵᠠᠮ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠲᠦᠷᠢᠮ﹀ ᠳᠤ ᠵᠠᠰᠠᠪᠦᠷᠢ ᠤᠷᠤᠭᠤᠯᠬᠤ ᠲᠤᠬᠠᠢ ᠬᠦᠬᠡᠬᠤᠳᠠ ᠶᠢᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠭᠳᠠᠭᠠᠯ︾ ᠢ ᠵᠦᠪᠰᠢᠶᠡᠷᠡᠬᠦ ᠲᠤᠬᠠᠢ ᠦᠪᠦᠷ ᠮᠤᠩᠭᠤᠯ ᠤᠨ  ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠡᠭᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠤ ᠰᠢᠢᠳᠪᠦᠷᠢ ᠶᠢ ᠦᠨᠳᠦᠰᠦᠯᠡᠨ ᠵᠠᠰᠠᠪᠦᠷᠢ ᠤᠷᠤᠭᠤᠯᠪᠠ︶      ᠨᠢᠭᠡᠳᠦᠭᠡᠷ ᠵᠦᠢᠯ   ᠬᠤᠳᠠ ᠶᠢᠨ ᠵᠠᠮ ᠤᠨ ᠪᠡᠯᠡᠳᠭᠡᠮᠵᠢ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠨ᠂ ᠬᠤᠳᠠ ᠶᠢᠨ ᠵᠠᠮ ᠤᠨ ᠪᠡᠯᠡᠳᠭᠡᠮᠵᠢ ᠶᠢᠨ ᠴᠢᠳᠠᠪᠬᠢ ᠶᠢ ᠭᠦᠢᠴᠡᠳ ᠪᠠᠳᠠᠷᠠᠭᠤᠯᠤᠨ᠂ ᠲᠦᠪ ᠬᠤᠳᠠ ᠶᠢᠨ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠶᠢᠨ ᠲᠦᠯᠦᠭᠡ᠂ ᠲᠦᠷᠦ ᠶᠢᠨ ᠶᠠᠪᠤᠳᠠᠯ ᠤᠨ ᠬᠤᠷᠢᠶᠠᠨ ᠤ ︽ᠬᠤᠳᠠ ᠶᠢᠨ ᠵᠠᠮ ᠤᠨ ᠬᠠᠮᠢᠶᠠᠷᠤᠯᠳᠠ ᠶᠢᠨ ᠲᠦᠷᠢᠮ︾ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠦᠰᠦᠯᠡᠨ᠂ ᠲᠤᠰ ᠬᠤᠳᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠲᠤᠰ ᠲᠦᠷᠢᠮ ᠢ ᠲᠤᠭᠳᠠᠭᠠᠪᠠ᠃      ᠬᠤᠶᠠᠳᠤᠭᠠᠷ ᠵᠦᠢᠯ   ᠲᠤᠰ ᠲᠦᠷᠢᠮ ᠢ ᠬᠤᠳᠠ ᠶᠢᠨ ᠲᠦᠯᠦᠪᠵᠢᠭᠦᠯᠭᠡ ᠶᠢᠨ ᠲᠤᠭᠤᠷᠢᠭ ᠲᠠᠬᠢ ᠬᠤᠳᠠ ᠶᠢᠨ ᠵᠠᠮ ᠤᠨ ᠪᠡᠯᠡᠳᠭᠡᠮᠵᠢ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠳᠤ ᠬᠡᠷᠡᠭᠯᠡᠨ᠎ᠡ᠃      ᠭᠤᠷᠪᠠᠳᠤᠭᠠᠷ ᠵᠦᠢᠯ   ᠲᠤᠰ ᠲᠦᠷᠢᠮ ᠳᠤ ᠵᠢᠭᠠᠵᠤ ᠪᠠᠶᠢᠭ᠎ᠠ ᠬᠤᠳᠠ ᠶᠢᠨ ᠵᠠᠮ ᠤᠨ ᠪᠡᠯᠡᠳᠭᠡᠮᠵᠢ ᠨᠢ ᠲᠤᠤᠷᠠᠬᠢ ᠵᠦᠢᠯᠡᠰ ᠢ ᠪᠠᠭᠳᠠᠭᠠᠨ᠎ᠠ᠄      ︵ᠨᠢᠭᠡ︶ ᠲᠡᠷᠭᠡᠨ ᠵᠠᠮ᠂ ᠶᠠᠪᠠᠭᠠᠨ ᠬᠦᠮᠦᠨ ᠤ ᠵᠠᠮ᠂ ᠵᠠᠭᠠᠬᠯᠠᠬᠤ ᠪᠦᠰᠡ᠂ ᠬᠠᠵᠠᠭᠤ ᠶᠢᠨ ᠴᠢᠯᠠᠭᠤ᠂ ᠵᠠᠮ ᠢ ᠲᠦᠯᠦᠪᠵᠢᠭᠦᠯᠬᠦ ᠳᠤ ᠬᠡᠷᠡᠭᠯᠡᠬᠦ ᠭᠠᠵᠠᠷ ᠵᠢᠴᠢ ᠲᠡᠭᠦᠨ ᠤ ᠲᠠᠭᠠᠯᠳᠤᠯ ᠪᠡᠯᠡᠳᠭᠡᠮᠵᠢ︔      ︵ᠬᠤᠶᠠᠷ︶ ᠬᠦᠭᠦᠷᠭᠡ᠂ ᠵᠦᠷᠢᠯᠢᠭ ᠬᠦᠭᠦᠷᠭᠡ᠂ ᠶᠠᠪᠠᠭᠠᠨ ᠢᠶᠠᠷ ᠶᠠᠪᠤᠬᠤ ᠱᠠᠳᠤᠳᠤ ᠬᠦᠭᠦᠷᠭᠡ᠂ ᠵᠡᠭᠡᠯᠢ ᠦᠡᠭᠭᠡᠷᠡᠬᠦ ᠭᠠᠵᠠᠷ ᠲᠤᠤᠷᠠᠬᠢ ᠵᠠᠮ᠂ ᠭᠤᠯᠳᠤᠷᠢᠯ ᠨᠦᠬᠡᠨ ᠵᠠᠮ᠂ ᠨᠦᠬᠡᠨ ᠵᠠᠮ ᠵᠢᠴᠢ ᠲᠡᠭᠦᠨ ᠤ ᠲᠠᠭᠠᠯᠳᠤᠯ ᠪᠡᠯᠡᠳᠭᠡᠮᠵᠢ︔      ︵ᠭᠤᠷᠪᠠ︶ ᠬᠤᠳᠠ ᠶᠢᠨ ᠵᠠᠮ ᠤᠨ ᠭᠡᠷᠡᠯᠳᠦᠭᠦᠯᠭᠡ ᠶᠢᠨ ᠪᠡᠯᠡᠳᠭᠡᠮᠵᠢ ᠵᠢᠴᠢ ᠲᠡᠭᠦᠨ ᠤ ᠲᠠᠭᠠᠯᠳᠤᠯ ᠲᠦᠭᠦᠭᠡᠷᠤᠮᠵᠢ︔      ︵ᠲᠦᠷᠪᠡ︶ ᠲᠡᠷᠬᠡ ᠵᠤᠭᠰᠤᠬᠤ ᠲᠠᠯᠠᠪᠦᠷ ᠵᠢᠴᠢ ᠲᠡᠭᠦᠨ ᠤ ᠢᠵᠢ ᠪᠦᠷᠢᠳᠦᠭᠦᠯᠬᠦ ᠪᠡᠯᠡᠳᠭᠡᠮᠵᠢ︔      ︵ᠲᠠᠪᠤ︶ ᠵᠠᠮ ᠬᠠᠷᠢᠯᠴᠠᠭᠠᠨ ᠤ ᠲᠡᠮᠳᠡᠭ᠂ ᠵᠠᠮ ᠬᠠᠷᠢᠯᠴᠠᠭᠠᠨ ᠤ ᠲᠡᠮᠳᠡᠭ ᠱᠤᠭᠤᠮ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠭᠡᠮᠵᠢ︔      ︵ᠵᠢᠷᠭᠤᠭ᠎ᠠ︶ ᠬᠤᠳᠠ ᠶᠢᠨ ᠵᠠᠮ ᠤᠨ ᠪᠤᠰᠤᠳ ᠪᠡᠯᠡᠳᠭᠡᠮᠵᠢ᠃      ᠲᠦᠷᠪᠡᠳᠦᠭᠡᠷ ᠵᠦᠢᠯ   ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠳᠤ ᠨᠢᠭᠡᠳᠦᠯᠳᠠᠢ ᠲᠦᠯᠦᠪᠵᠢᠭᠦᠯᠬᠦ᠂ ᠵᠤᠬᠢᠰᠳᠠᠢ ᠪᠠᠶᠢᠷᠢᠯᠠᠭᠤᠯᠬᠤ᠂ ᠢᠵᠢ ᠪᠦᠷᠢᠳᠦᠭᠦᠯᠦᠨ ᠪᠦᠳᠦᠭᠡᠨ ᠪᠠᠶᠢᠭᠤᠯᠬᠤ᠂ ᠱᠠᠳᠤ ᠬᠤᠪᠢᠶᠠᠨ᠂ ᠰᠠᠯᠠᠭ᠎ᠠ ᠮᠦᠴᠢᠷ ᠬᠤᠪᠢᠶᠠᠨ᠂ ᠨᠢᠭᠡᠴᠢ ᠬᠤᠪᠢᠶᠠᠨ ᠬᠠᠮᠢᠶᠠᠷᠬᠤ ᠶᠢ ᠤᠶᠠᠯᠳᠤᠭᠤᠯᠤᠭᠰᠠᠨ ᠵᠠᠷᠴᠢᠮ ᠢ ᠬᠡᠷᠡᠭᠵᠢᠭᠦᠯᠦᠨ᠎ᠡ᠃      ᠲᠠᠪᠤᠳᠤᠭᠠᠷ ᠵᠦᠢᠯ   ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯ ᠬᠤᠳᠠ ᠶᠢᠨ ᠵᠠᠮ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠮᠦᠨ᠃      ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠨᠠᠶᠢᠳᠠᠯᠭ᠎ᠠ ᠪᠠᠷ ᠬᠤᠳᠠ ᠶᠢᠨ ᠵᠠᠮ ᠤᠨ ᠪᠡᠯᠡᠳᠭᠡᠮᠵᠢ ᠶᠢᠨ ᠪᠤᠳᠠᠳᠠᠢ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃      ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠢ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠡᠭᠡᠨ ᠬᠤᠳᠠ ᠶᠢᠨ ᠵᠠᠮ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠠᠵᠢᠯ ᠳᠤ ᠰᠠᠶᠢᠳᠤᠷ ᠬᠠᠮᠵᠢᠯᠴᠠᠵᠤ ᠬᠢᠬᠦ ᠬᠡᠷᠡᠭᠳᠠᠢ᠃      ᠵᠢᠷᠭᠤᠳᠤᠭᠠᠷ ᠵᠦᠢᠯ  ᠬᠤᠳᠠ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠪᠦᠷᠢᠯᠳᠦᠭᠦᠨ ᠬᠡᠰᠡᠭ ᠪᠤᠯᠭᠠᠵᠤ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠳᠤ ᠤᠷᠤᠭᠤᠯᠬᠤ ᠬᠡᠷᠡᠭᠳᠠᠢ᠃      ᠬᠤᠳᠠ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠵᠢᠯ ᠪᠦᠷᠢ ᠵᠤᠬᠢᠬᠤ ᠪᠡᠯᠡ ᠮᠦᠡᠭᠬᠦ ᠲᠤᠬᠢᠷᠠᠭᠤᠯᠤᠨ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠬᠡᠷᠡᠭᠳᠠᠢ᠃ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠡᠭᠬᠦ ᠶᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ᠂ ᠵᠠᠰᠠᠭ ᠤᠨ ᠤᠷᠳᠤᠨ ᠠᠴᠠ ᠪᠠᠯᠡ ᠤᠷᠤᠭᠤᠯᠬᠤ᠂ ᠪᠡᠯᠡ ᠬᠤᠷᠠᠮᠳᠤᠭᠤᠯᠬᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠡᠯᠡᠯᠭᠡ᠂ ᠤᠯᠤᠰ ᠤᠨ ᠭᠠᠵᠠᠷ ᠰᠢᠷᠤᠢ ᠶᠢ ᠲᠦᠯᠦᠪᠦᠷᠢᠳᠠᠢ ᠬᠡᠷᠡᠭᠯᠡᠬᠦ ᠤᠷᠤᠯᠭ᠎ᠠ᠂ ᠵᠢᠭᠡᠯᠡᠯᠭᠡ ᠶᠢᠨ ᠲᠡᠮᠳᠡᠭᠳᠦ ᠲᠠᠷᠬᠠᠭᠠᠬᠤ ᠵᠡᠷᠭᠡ ᠤᠯᠠᠨ ᠲᠦᠷᠦᠯ ᠤᠨ ᠠᠷᠭ᠎ᠠ ᠵᠠᠮ ᠢᠶᠠᠷ ᠴᠤᠭᠯᠠᠭᠤᠯᠬᠤ ᠶᠢᠨ ᠬᠠᠮᠳᠤ ᠭᠠᠳᠠᠭᠠᠳᠤ ᠪᠡᠯᠡ ᠪᠤᠯᠤᠨ ᠨᠡᠶᠢᠭᠡᠮ ᠤᠨ ᠪᠡᠯᠡ ᠮᠦᠡᠭᠬᠦ ᠪᠠᠷ ᠪᠡᠯᠡ ᠤᠷᠤᠭᠤᠯᠬᠤ ᠶᠢ ᠵᠤᠷᠢᠬᠵᠢᠭᠤᠯᠤᠨ᠎ᠠ᠃      ᠲᠤᠯᠤᠳᠤᠭᠠᠷ ᠵᠦᠢᠯ   ᠶᠠᠮᠠᠷᠪᠠ ᠨᠢᠭᠡᠴᠢ ᠪᠤᠯᠤᠨ ᠬᠤᠪᠢ ᠬᠦᠮᠦᠨ ᠪᠦᠷ ᠬᠤᠳᠠ ᠶᠢᠨ ᠵᠠᠮ ᠤᠨ ᠪᠡᠯᠡᠳᠭᠡᠮᠵᠢ ᠶᠢ ᠬᠡᠷᠡᠭᠯᠡᠬᠦ ᠡᠷᠬᠡ ᠪᠠ ᠬᠤᠳᠠ ᠶᠢᠨ ᠵᠠᠮ ᠤᠨ ᠪᠡᠯᠡᠳᠭᠡᠮᠵᠢ ᠶᠢ ᠬᠠᠮᠠᠭᠠᠯᠠᠬᠤ ᠡᠭᠦᠷᠭᠡ ᠲᠠᠢ ᠪᠦᠭᠡᠳ ᠲᠤᠰ ᠲᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠡᠷᠬᠡ ᠲᠠᠢ᠃      ᠨᠠᠢᠮᠠᠳᠤᠭᠠᠷ ᠵᠦᠢᠯ   ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠦᠨᠳᠦᠰᠦᠯᠡᠨ᠂ ᠬᠤᠳᠠ ᠶᠢᠨ ᠲᠦᠯᠦᠪᠵᠢᠭᠦᠯᠭᠡ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤ ᠪᠠᠷ ᠬᠤᠳᠠ ᠶᠢᠨ ᠵᠠᠮ ᠤᠨ ᠪᠡᠯᠡᠳᠭᠡᠮᠵᠢ ᠶᠢᠨ ᠲᠤᠰᠬᠠᠢ ᠲᠦᠯᠦᠪᠵᠢᠭᠦᠯᠭᠡ ᠶᠢ ᠨᠠᠶᠢᠷᠠᠭᠤᠯᠬᠤ ᠶᠢᠨ ᠬᠠᠮᠳᠤ ᠲᠡᠭᠦᠨ ᠢ ᠦᠨᠳᠦᠰᠦᠯᠡᠵᠤ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠪᠠ ᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠶᠢ ᠨᠠᠶᠢᠷᠠᠭᠤᠯᠬᠤ ᠬᠡᠷᠡᠭᠳᠠᠢ᠃      ᠬᠤᠳᠠ ᠶᠢᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠬᠡᠷᠡᠭᠴᠡᠭᠡ ᠶᠢ ᠦᠨᠳᠦᠰᠦᠯᠡᠨ᠂ ᠬᠤᠳᠠ ᠶᠢᠨ ᠵᠠᠮ ᠤᠨ ᠪᠡᠯᠡᠳᠭᠡᠮᠵᠢ ᠶᠢᠨ ᠲᠤᠰᠬᠠᠢ ᠲᠦᠯᠦᠪᠵᠢᠭᠦᠯᠭᠡ᠂ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠪᠠ ᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠳᠤ ᠬᠡᠰᠡᠭ ᠲᠠᠯ᠎ᠠ ᠶᠢᠨ ᠲᠤᠬᠢᠷᠠᠭᠤᠯᠤᠯᠳᠠ ᠬᠢᠬᠦ ᠴᠢᠬᠤᠯᠠ ᠲᠠᠢ ᠪᠤᠯ ᠤᠤᠯ ᠤᠨ ᠨᠠᠶᠢᠷᠠᠭᠤᠯᠤᠭᠰᠠᠨ ᠪᠠᠶᠢᠭᠤᠯᠭ᠎ᠠ ᠠᠴᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠤᠯᠤᠨ᠎ᠠ᠃      ᠶᠢᠰᠦᠳᠦᠭᠡᠷ ᠵᠦᠢᠯ   ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠬᠤᠳᠠ ᠶᠢᠨ ᠵᠠᠮ ᠤᠨ ᠪᠡᠯᠡᠳᠭᠡᠮᠵᠢ ᠶᠢᠨ ᠮᠡᠷᠭᠡᠵᠢᠯ ᠤᠨ ᠪᠠᠶᠢᠳᠠᠯ ᠪᠠ ᠵᠠᠮ ᠤᠨ ᠬᠠᠮᠠᠭᠠᠯᠠᠯᠳᠠ ᠲᠡᠭᠡᠭᠡᠪᠦᠷᠢᠯᠡᠯᠳᠡ ᠶᠢᠨ ᠲᠦᠪᠰᠢᠨ ᠢ ᠰᠢᠨᠵᠢᠯᠡᠬᠦ ᠤᠬᠠᠭᠠᠨᠴᠢ ᠪᠠᠷ ᠦᠨᠡᠯᠡᠬᠦ ᠰᠢᠰᠲ᠋ᠧᠮ ᠢ ᠪᠠᠶᠢᠭᠤᠯᠬᠤ ᠬᠡᠷᠡᠭᠳᠠᠢ᠃      ᠠᠷᠪᠠᠳᠤᠭᠠᠷ ᠵᠦᠢᠯ   ᠬᠤᠳᠠ ᠶᠢᠨ ᠨᠡᠶᠢᠳᠡ ᠶᠢᠨ ᠵᠠᠮ ᠨᠡᠪᠳᠡᠷᠡᠯᠭᠡ᠂ ᠤᠰᠤ ᠬᠠᠨᠭ᠍ᠭᠠᠬᠤ᠂ ᠤᠰᠤ ᠭᠠᠳᠠᠭᠰᠢᠭᠤᠯᠬᠤ᠂ ᠰᠢᠳᠠᠮᠠᠬᠠᠢ ᠬᠡᠢ᠂ ᠢᠯᠴᠢ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠴᠢᠮᠡᠭᠡ ᠨᠡᠪᠳᠡᠷᠡᠭᠦᠯᠭᠡ᠂ ᠭᠠᠯ ᠰᠡᠷᠭᠡᠶᠢᠯᠡᠬᠦ᠂ ᠵᠠᠷ ᠮᠡᠳᠡᠭᠡ ᠵᠡᠷᠭᠡ ᠪᠡᠯᠡᠳᠭᠡᠮᠵᠢ ᠶᠢᠨ ᠲᠦᠯᠦᠪᠵᠢᠭᠦᠯᠭᠡ ᠬᠢᠭᠡᠳ ᠪᠦᠳᠦᠭᠡᠨ ᠪᠠᠶᠢᠭᠤᠯᠤᠯᠳᠠ ᠶᠢ ᠬᠤᠳᠠ ᠶᠢᠨ ᠵᠠᠮ ᠤᠨ ᠪᠡᠯᠡᠳᠭᠡᠮᠵᠢ ᠳᠤ ᠲᠠᠭᠠᠯᠳᠤᠭᠤᠯᠬᠤ ᠭᠡᠪᠡᠯ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠪᠤᠯᠤᠨ ᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠲᠠᠢ ᠬᠠᠷᠢᠯᠴᠠᠨ ᠵᠤᠬᠢᠴᠠᠭᠤᠯᠬᠤ ᠬᠡᠷᠡᠭᠳᠠᠢ᠂ ᠤᠷᠢᠳ ᠢᠶᠠᠷ ᠭᠠᠵᠠᠷ ᠲᠤᠤᠷᠠᠬᠢ᠂ ᠲᠠᠷᠠᠭ᠎ᠠ ᠨᠢ ᠭᠠᠵᠠᠷ ᠲᠡᠭᠡᠷᠡᠬᠢ ᠪᠠᠷᠢᠯᠭ᠎ᠠ ᠶᠢᠨ ᠵᠠᠷᠴᠢᠮ ᠢ ᠪᠠᠷᠢᠮᠳᠠᠯᠠᠵᠤ᠂ ᠬᠤᠳᠠ ᠶᠢᠨ ᠵᠠᠮ ᠲᠠᠢ ᠵᠡᠷᠭᠡ ᠳᠤᠨᠢ ᠪᠦᠳᠦᠭᠡᠨ ᠪᠠᠶᠢᠭᠤᠯᠤᠨ᠎ᠠ᠂ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠪᠠ ᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠲᠤᠭᠳᠠᠭᠠᠬᠤ ᠳᠠᠭᠠᠨ ᠬᠤᠯᠪᠤᠭᠳᠠᠯ ᠪᠦᠬᠦᠢ ᠨᠢᠭᠡᠴᠢ ᠶᠢᠨ ᠰᠠᠨᠠᠯ ᠢ ᠬᠤᠷᠢᠶᠠᠬᠤ ᠬᠡᠷᠡᠭᠳᠠᠢ᠃      ᠠᠷᠪᠠᠨ ᠨᠢᠭᠡᠳᠦᠭᠡᠷ ᠵᠦᠢᠯ   ᠡᠯ᠎ᠡ ᠨᠡᠬᠡᠬᠡᠯᠳᠡ ᠶᠢᠨ ᠲᠤᠭᠤᠷᠢᠭ᠂ ᠰᠠᠭᠤᠭᠠᠯᠢ ᠠᠷᠠᠳ ᠤᠨ ᠲᠤᠭᠤᠷᠢᠭ ᠲᠤᠳᠤᠷᠠᠬᠢ ᠵᠠᠮ ᠤᠨ ᠪᠡᠯᠡᠳᠭᠡᠮᠵᠢ ᠶᠢᠨ ᠲᠦᠯᠦᠪᠵᠢᠭᠦᠯᠭᠡ ᠪᠠ ᠪᠦᠳᠦᠭᠡᠨ ᠪᠠᠶᠢᠭᠤᠯᠤᠯᠳᠠ ᠨᠢ ᠭᠠᠳᠠᠨᠠᠬᠢ ᠵᠠᠮ ᠤᠨ ᠪᠡᠯᠡᠳᠭᠡᠮᠵᠢ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ ᠲᠠᠢ ᠨᠡᠶᠢᠯᠡᠵᠤ ᠢᠵᠢ ᠪᠦᠷᠢᠳᠦᠭᠰᠡᠨ ᠪᠦᠭᠡᠳ ᠬᠤᠳᠠ ᠶᠢᠨ ᠵᠠᠮ ᠤᠨ ᠪᠡᠯᠡᠳᠭᠡᠮᠵᠢ ᠶᠢᠨ ᠲᠤᠰᠬᠠᠢ ᠲᠦᠯᠦᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠬᠦ ᠬᠡᠷᠡᠭᠳᠠᠢ᠃      ᠠᠷᠪᠠᠨ ᠬᠤᠶᠠᠳᠤᠭᠠᠷ ᠵᠦᠢᠯ   ᠬᠤᠳᠠ ᠶᠢᠨ ᠵᠠᠮ ᠤᠨ ᠪᠡᠯᠡᠳᠭᠡᠮᠵᠢ ᠵᠢᠴᠢ ᠲᠠᠭᠠᠯᠳᠤᠯ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠨᠢ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠪᠤᠯᠤᠨ ᠮᠡᠷᠭᠡᠵᠢᠯ ᠤᠨ ᠵᠢᠷᠤᠮᠵᠢᠯ᠂ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠬᠡᠷᠡᠭᠳᠠᠢ᠃      ᠬᠤᠳᠠ ᠶᠢᠨ ᠭᠤᠤᠯ ᠵᠠᠮ ᠤᠨ ᠶᠠᠪᠠᠭᠠᠨ ᠬᠦᠮᠦᠨ ᠤ ᠵᠠᠮ ᠢ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠰᠠᠭᠠᠳ ᠦᠭᠡᠢ ᠨᠡᠪᠳᠡᠷᠡᠬᠦ ᠪᠠᠷ ᠪᠠᠶᠢᠭᠤᠯᠬᠤ ᠬᠡᠷᠡᠭᠳᠠᠢ᠃      ᠠᠷᠪᠠᠨ ᠭᠤᠷᠪᠠᠳᠤᠭᠠᠷ ᠵᠦᠢᠯ   ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠨᠢᠭᠡᠴᠢ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠠᠴᠠ ᠪᠠᠨ ᠡᠮᠤᠨ᠎ᠡ᠂ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠤ ᠬᠠᠮᠢᠶᠠᠷᠤᠯᠳᠠ ᠶᠢᠨ ᠵᠠᠭᠠᠭ ᠢ ᠬᠦᠯᠢᠶᠡᠨ ᠠᠪᠬᠤ᠂ ᠲᠠᠩᠰᠠᠯᠠᠭᠤᠯᠬᠤ ᠭᠠᠷᠳᠠᠮ ᠭᠦᠢᠴᠡᠳᠭᠡᠬᠦ ᠬᠡᠷᠡᠭᠳᠠᠢ᠃      ᠠᠷᠪᠠᠨ ᠲᠦᠷᠪᠡᠳᠦᠭᠡᠷ ᠵᠦᠢᠯ   ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠲᠡᠭᠦᠰᠦᠭᠰᠡᠨ ᠤ ᠰᠡᠭᠦᠯᠡᠷ᠂ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤ ᠬᠢᠨᠠᠨ ᠬᠤᠷᠢᠶᠠᠵᠤ᠂ ᠬᠢᠷᠢ ᠲᠡᠩᠴᠡᠭᠰᠡᠨ ᠬᠤᠶᠢᠨ᠎ᠠ ᠰᠠᠶ᠋ᠢ ᠪᠠᠷᠢᠯᠭ᠎ᠠ ᠶᠢ ᠲᠤᠰᠢᠶᠠᠬᠤ ᠪᠠ ᠬᠦᠯᠢᠶᠡᠵᠤ ᠠᠪᠬᠤ ᠭᠠᠷᠳᠠᠮ ᠭᠦᠢᠴᠡᠳᠭᠡᠵᠤ ᠪᠤᠯᠤᠨ᠎ᠠ᠂ ᠪᠦᠳᠦᠭᠡᠨ ᠪᠠᠶᠢᠭᠤᠯᠤᠯᠳᠠ ᠶᠢᠨ ᠶᠠᠰᠤ ᠴᠢᠨᠠᠷ ᠤᠨ ᠪᠠᠷᠢᠮᠵᠢᠶ᠎ᠠ ᠪᠠ ᠪᠦᠳᠦᠭᠡᠨ ᠪᠠᠶᠢᠭᠤᠯᠤᠯᠳᠠ ᠶᠢᠨ ᠠᠭᠤᠯᠭ᠎ᠠ ᠳᠤ ᠨᠡᠶᠢᠴᠡᠬᠦ ᠦᠭᠡᠢ ᠪᠠᠷᠢᠯᠭ᠎ᠠ ᠶᠢ ᠴᠡᠭᠴᠡᠯᠡᠨ ᠵᠠᠰᠠᠵᠤ᠂ ᠲᠠᠬᠢᠵᠤ ᠰᠢᠨ᠎ᠡ ᠪᠠᠷ ᠬᠢᠨᠠᠨ ᠬᠤᠷᠢᠶᠠᠵᠤ ᠬᠢᠷᠢ ᠲᠡᠩᠴᠡᠭᠰᠡᠨ ᠤ ᠲᠠᠷᠠᠭ᠎ᠠ ᠰᠠᠶ᠋ᠢ ᠬᠦᠯᠢᠶᠡᠨ ᠠᠪᠬᠤ ᠨᠢᠭᠡᠴᠢ ᠠᠴᠠ ᠬᠦᠯᠢᠶᠡᠨ ᠠᠪᠤᠨ᠎ᠠ᠃ ᠬᠢᠨᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠤᠯ ᠬᠡᠷᠡᠭᠯᠡᠭᠦᠯᠬᠦ ᠪᠠᠷ ᠲᠤᠰᠢᠶᠠᠵᠤ ᠪᠤᠯᠬᠤ ᠦᠭᠡᠢ᠃      ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠲᠡᠭᠦᠰᠴᠤ ᠬᠢᠨᠠᠨ ᠬᠤᠷᠢᠶᠠᠵᠤ ᠬᠢᠷᠢ ᠲᠡᠩᠴᠡᠭᠰᠡᠨ ᠤ ᠬᠤᠶᠢᠨ᠎ᠠ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠨᠢ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠪᠦᠬᠦ ᠮᠡᠷᠭᠡᠵᠢᠯ ᠤᠨ ᠮᠠᠲ᠋ᠧᠷᠢᠶᠠᠯ ᠢ ᠪᠦᠷᠢᠨ ᠪᠦᠳᠦᠨ ᠢᠶᠠᠷ ᠨᠢ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠭᠦᠯᠦᠨ ᠲᠤᠰᠢᠶᠠᠵᠤ ᠲᠠᠩᠰᠠ ᠡᠪᠬᠡᠮᠡᠯ ᠳᠤ ᠤᠷᠤᠭᠤᠯᠬᠤ ᠬᠡᠷᠡᠭᠳᠠᠢ᠃      ᠠᠷᠪᠠᠨ ᠲᠠᠪᠤᠳᠤᠭᠠᠷ ᠵᠦᠢᠯ   ᠬᠤᠳᠠ ᠶᠢᠨ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠬᠤᠳᠠ ᠶᠢᠨ ᠵᠠᠮ ᠤᠨ ᠪᠡᠯᠡᠳᠭᠡᠮᠵᠢ ᠶᠢ ᠬᠠᠮᠠᠭᠠᠯᠠᠬᠤ᠂ ᠰᠡᠯᠪᠢᠨ ᠵᠠᠰᠠᠬᠤ ᠪᠠ ᠬᠠᠮᠢᠶᠠᠷᠬᠤ ᠪᠠᠨ ᠴᠢᠩᠭᠠᠳᠬᠠᠵᠤ᠂ ᠲᠤᠭᠤᠷᠢᠨ ᠪᠠᠶᠢᠴᠠᠭᠠᠬᠤ ᠲᠦᠷᠢᠮ ᠢ ᠪᠠᠶᠢᠭᠤᠯᠵᠤ᠂ ᠴᠠᠭ ᠲᠤᠬᠠᠢ ᠳᠤᠨᠢ ᠬᠠᠮᠠᠭᠠᠯᠠᠵᠤ ᠰᠡᠯᠪᠢᠨ ᠵᠠᠰᠠᠵᠤ᠂ ᠬᠤᠳᠠ ᠶᠢᠨ ᠵᠠᠮ ᠤᠨ ᠪᠡᠯᠡᠳᠭᠡᠮᠵᠢ ᠶᠢᠨ ᠴᠢᠳᠠᠪᠬᠢ ᠶᠢᠨ ᠪᠦᠷᠢᠨ ᠪᠦᠳᠦᠨ ᠪᠠ ᠬᠡᠪ ᠤᠨ ᠠᠵᠢᠯᠯᠠᠭᠠᠨ ᠢ ᠪᠠᠳᠤᠯᠠᠬᠤ ᠬᠡᠷᠡᠭᠳᠠᠢ᠃ ᠬᠤᠳᠠ ᠶᠢᠨ ᠵᠠᠮ ᠤᠨ ᠪᠡᠯᠡᠳᠭᠡᠮᠵᠢ ᠭᠡᠮ ᠭᠠᠷᠬᠤ ᠪᠠ ᠠᠶᠤᠯ ᠲᠦᠭᠰᠢᠭᠦᠷᠢ ᠲᠠᠢ ᠦᠶᠡᠰ ᠴᠠᠭ ᠲᠤᠬᠠᠢ ᠳᠤᠨᠢ ᠵᠤᠬᠢᠶᠠᠨ ᠪᠠᠶᠢᠭᠤᠯᠵᠤ ᠵᠠᠪᠳᠤᠨ ᠵᠠᠰᠠᠵᠤ᠂ ᠠᠶᠤᠯ ᠢ ᠠᠷᠢᠯᠭᠠᠵᠤ᠂ ᠬᠡᠪ ᠤᠨ ᠬᠡᠷᠡᠭᠯᠡᠯᠳᠡ ᠶᠢ ᠲᠦᠷᠭᠡᠨ ᠰᠡᠷᠭᠦᠭᠡᠬᠦ ᠬᠡᠷᠡᠭᠳᠠᠢ᠃      ᠠᠷᠪᠠᠨ ᠵᠢᠷᠭᠤᠳᠤᠭᠠᠷ ᠵᠦᠢᠯ   ᠵᠠᠮ ᠤᠨ ᠤᠯᠠᠨ ᠱᠤᠭᠤᠮ ᠪᠤᠯᠤᠨ ᠪᠠᠷᠢᠯᠭ᠎ᠠ ᠶᠢᠨ ᠭᠠᠳᠠᠷ ᠲᠠᠯ᠎ᠠ ᠶᠢᠨ ᠬᠤᠭᠤᠷᠤᠨᠳᠤᠬᠢ ᠨᠡᠭᠡᠭᠡᠯᠳᠡᠳᠦ ᠲᠠᠯᠠᠪᠦᠷ ᠢ ᠲᠦᠯᠦᠪᠵᠢᠭᠦᠯᠬᠦ ᠳᠡᠭᠡᠨ ᠲᠡᠭᠦᠨ ᠤ ᠦᠮᠴᠢᠯᠡᠬᠦ ᠡᠷᠬᠡ ᠲᠠᠢ ᠨᠢᠭᠡᠴᠢ ᠨᠢ ᠬᠤᠳᠠ ᠶᠢᠨ ᠵᠠᠮ ᠤᠨ ᠪᠡᠯᠡᠳᠭᠡᠮᠵᠢ ᠶᠢᠨ ᠪᠠᠷᠢᠮᠵᠢᠶ᠎ᠠ ᠶᠤᠰᠤᠭᠠᠷ ᠬᠠᠮᠠᠭᠠᠯᠠᠨ ᠬᠠᠮᠢᠶᠠᠷᠬᠤ ᠶᠢᠨ ᠬᠠᠮᠳᠤ ᠪᠠᠰᠠ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢ ᠬᠦᠯᠢᠶᠡᠬᠦ ᠬᠡᠷᠡᠭᠳᠠᠢ᠃      ᠠᠷᠪᠠᠨ ᠲᠤᠯᠤᠳᠤᠭᠠᠷ ᠵᠦᠢᠯ   ᠬᠤᠳᠠ ᠶᠢᠨ ᠲᠦᠯᠦᠪᠵᠢᠭᠦᠯᠭᠡ ᠳᠠᠬᠢ ᠵᠠᠮ ᠤᠨ ᠬᠡᠷᠡᠭᠯᠡᠯᠳᠡ ᠶᠢᠨ ᠭᠠᠵᠠᠷ ᠢ ᠬᠠᠤᠯᠢ ᠪᠠᠷ ᠲᠤᠭᠳᠠᠭᠠᠭᠰᠠᠨ ᠶᠠᠪᠤᠴᠠ ᠲᠡᠰ ᠲᠠᠷᠠᠭᠠᠯᠠᠯ ᠢ ᠲᠠᠮᠵᠢᠬᠤ ᠦᠭᠡᠢ ᠪᠠᠷ ᠬᠡᠷᠡᠭᠯᠡᠯᠳᠡ ᠶᠢᠨ ᠰᠢᠨᠵᠢ ᠴᠢᠨᠠᠷ ᠢ ᠬᠤᠪᠢᠷᠠᠭᠤᠯᠵᠤ ᠪᠤᠯᠬᠤ ᠦᠭᠡᠢ᠃      ᠭᠠᠵᠠᠷ ᠲᠠᠳᠠᠪᠦᠷᠢᠯᠠᠭᠰᠠᠨ ᠨᠢᠭᠡᠴᠢ ᠲᠦᠷ ᠪᠦᠳᠦᠭᠡᠨ ᠪᠠᠶᠢᠭᠤᠯᠤᠯᠳᠠ ᠬᠢᠬᠦ ᠦᠭᠡᠢ ᠪᠤᠯ ᠲᠡᠭᠦᠨ ᠢ ᠲᠦᠷ ᠴᠠᠭ ᠨᠤᠭᠤᠭᠠᠷᠠᠭᠤᠯᠬᠤ ᠪᠤᠶᠤ ᠬᠠᠳᠠᠭᠤᠷᠠᠭᠤᠯᠵᠤ᠂ ᠵᠠᠮ ᠤᠨ ᠪᠠᠷᠢᠯᠭ᠎ᠠ ᠡᠬᠢᠯᠡᠬᠦ ᠦᠶᠡᠰ ᠦᠨ᠎ᠡ ᠲᠦᠯᠦᠪᠦᠷᠢ ᠦᠭᠡᠢ ᠪᠠᠷ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠬᠠᠨᠭ᠍ᠭᠠᠨ ᠦᠭᠬᠦ ᠶᠢᠨ ᠬᠠᠮᠳᠤ᠂ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠳᠠ ᠶᠢ ᠬᠦᠯᠢᠶᠡᠬᠦ ᠬᠡᠷᠡᠭᠳᠠᠢ᠃      ᠠᠷᠪᠠᠨ ᠨᠠᠢᠮᠠᠳᠤᠭᠠᠷ ᠵᠦᠢᠯ   ᠬᠤᠳᠠ ᠶᠢᠨ ᠵᠠᠮ ᠲᠡᠭᠡᠷᠡᠬᠢ ᠡᠯ᠎ᠡ ᠵᠦᠢᠯ ᠤᠨ ᠬᠤᠭᠤᠯᠠᠢ ᠶᠢ ᠪᠠᠶᠢᠴᠠᠭᠠᠬᠤ ᠬᠤᠳᠳᠤᠭ ︵ᠬᠠᠶᠢᠷᠴᠠᠭ︶ ᠵᠢᠴᠢ ᠪᠤᠰᠤᠳ ᠲᠠᠭᠠᠯᠳᠤᠯ ᠪᠡᠯᠡᠳᠭᠡᠮᠵᠢ ᠨᠢ ᠬᠤᠳᠠ ᠶᠢᠨ ᠵᠠᠮ ᠤᠨ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ ᠶᠤᠰᠤᠳᠠᠢ᠃ ᠡᠪᠳᠡᠷᠡᠵᠤ ᠲᠤᠳᠠᠭᠰᠠᠨ ᠪᠤᠶᠤ ᠰᠠᠭᠤᠵᠤ ᠲᠤᠷᠤᠭᠰᠢᠯᠠᠭᠰᠠᠨ ᠠᠴᠠ ᠪᠤᠯᠵᠤ ᠵᠠᠮ ᠬᠠᠷᠢᠯᠴᠠᠭᠠᠨ ᠤ ᠠᠮᠤᠷ ᠲᠦᠪᠰᠢᠨ ᠢ ᠨᠦᠯᠦᠭᠡᠯᠡᠪᠡᠯ᠂ ᠬᠠᠮᠢᠶ᠎ᠠ ᠪᠦᠬᠦᠢ ᠦᠮᠴᠢᠯᠡᠬᠦ ᠡᠷᠬᠡ ᠲᠠᠢ ᠨᠢᠭᠡᠴᠢ ᠠᠴᠠ ᠴᠠᠭ ᠲᠤᠬᠠᠢ ᠳᠤᠨᠢ ᠲᠤᠳᠠᠭᠤ ᠶᠢ ᠨᠦᠬᠦᠬᠦ ᠪᠤᠶᠤ ᠵᠠᠰᠠᠨ ᠰᠡᠯᠪᠢᠬᠦ ᠬᠡᠷᠡᠭᠳᠠᠢ᠃      ᠠᠷᠪᠠ ᠶᠢᠰᠦᠳᠦᠭᠡᠷ ᠵᠦᠢᠯ   ᠬᠤᠳᠠ ᠶᠢᠨ ᠵᠠᠮ ᠬᠢᠭᠡᠳ ᠲᠡᠮᠦᠷ ᠵᠠᠮ᠂ ᠵᠠᠰᠠᠮᠠᠯ ᠵᠠᠮ ᠤᠨ ᠠᠭᠤᠯᠵᠠᠷ ᠨᠢ ᠲᠡᠭᠰᠢ ᠰᠢᠯᠤᠭᠤᠨ ᠵᠠᠯᠭᠠᠯᠳᠤᠭᠰᠠᠨ ᠪᠠᠶᠢᠬᠤ ᠬᠡᠷᠡᠭᠳᠠᠢ᠂ ᠲᠡᠮᠦᠷ ᠵᠠᠮ᠂ ᠵᠠᠰᠠᠮᠠᠯ ᠵᠠᠮ ᠤᠨ ᠬᠠᠮᠢᠶᠠᠷᠤᠭᠳᠠᠬᠤ ᠬᠡᠪᠴᠢᠶᠡᠨ ᠠᠴᠠ ᠭᠠᠳᠠᠨᠠᠬᠢ ᠵᠠᠮ ᠢ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠷᠢᠭᠤᠴᠠᠨ ᠬᠠᠮᠢᠶᠠᠷᠴᠤ᠂ ᠬᠠᠮᠠᠭᠠᠯᠠᠬᠤ ᠬᠡᠷᠡᠭᠳᠠᠢ᠃      ᠬᠤᠷᠢᠳᠤᠭᠠᠷ ᠵᠦᠢᠯ   ᠬᠤᠳᠠ ᠶᠢᠨ ᠵᠠᠮ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠬᠡᠪᠴᠢᠶᠡᠨ ᠲᠤᠳᠤᠷ᠎ᠠ ᠲᠤᠤᠷᠠᠬᠢ ᠦᠢᠯᠡ ᠠᠵᠢᠯᠯᠠᠭ᠎ᠠ ᠶᠢ ᠴᠠᠭᠠᠵᠠᠯᠠᠨ᠎ᠠ᠄      ︵ᠨᠢᠭᠡ︶ ᠲᠤᠷ᠎ᠠ ᠪᠠᠷ ᠢᠶᠠᠨ ᠬᠤᠳᠠ ᠶᠢᠨ ᠵᠠᠮ ᠢ ᠮᠠᠯᠳᠠᠵᠤ ᠡᠵᠡᠯᠡᠬᠦ︔      ︵ᠬᠤᠶᠠᠷ︶ ᠬᠤᠳᠠ ᠶᠢᠨ ᠵᠠᠮ ᠤᠨ ᠪᠡᠯᠡᠳᠭᠡᠮᠵᠢ ᠶᠢ ᠲᠤᠷ᠎ᠠ ᠪᠠᠷ ᠢᠶᠠᠨ ᠨᠤᠷᠠᠭᠠᠵᠤ ᠰᠢᠯᠵᠢᠭᠦᠯᠬᠦ︔      ︵ᠭᠤᠷᠪᠠ︶ ᠵᠠᠮ ᠤᠨ ᠭᠡᠷᠡᠯᠳᠦᠭᠦᠯᠭᠡ ᠶᠢᠨ ᠴᠠᠬᠢᠯᠭᠠᠨ ᠨᠡᠭᠡᠭᠡᠯᠭᠡ ᠶᠢ ᠲᠤᠷ᠎ᠠ ᠪᠠᠷ ᠢᠶᠠᠨ ᠵᠠᠯᠭᠠᠬᠤ︔      ︵ᠲᠦᠷᠪᠡ︶ ᠪᠠᠷᠠᠭᠠᠨ ᠤ ᠲᠡᠷᠭᠡᠨ ᠳᠤ ᠬᠤᠭ ᠨᠤᠪᠰᠢ᠂ ᠡᠯᠡᠰᠦ ᠰᠢᠷᠤᠢ ᠶᠢ ᠵᠠᠳᠠᠭᠠᠢ ᠪᠠᠷ ᠲᠡᠭᠡᠭᠡᠭᠰᠡᠨ ᠠᠴᠠ ᠲᠡᠭᠡᠭᠡᠭᠰᠡᠨ ᠶᠠᠭᠤᠮ᠎ᠠ ᠨᠢ ᠠᠰᠬᠠᠭᠳᠠᠵᠤ ᠪᠤᠳᠠᠷᠠᠨ ᠵᠠᠮ ᠢ ᠪᠤᠵᠠᠷᠳᠤᠭᠤᠯᠬᠤ︔      ︵ᠲᠠᠪᠤ︶ ᠬᠤᠳᠠ ᠶᠢᠨ ᠵᠠᠮ ᠤᠨ ᠪᠡᠯᠡᠳᠭᠡᠮᠵᠢ ᠶᠢ ᠡᠪᠳᠡᠵᠤ ᠬᠤᠬᠢᠷᠠᠭᠤᠯᠬᠤ ᠪᠤᠰᠤᠳ ᠠᠵᠢᠯᠯᠠᠭ᠎ᠠ᠃      ᠬᠤᠷᠢᠨ ᠨᠢᠭᠡᠳᠦᠭᠡᠷ ᠵᠦᠢᠯ   ᠬᠤᠳᠠ ᠶᠢᠨ ᠵᠠᠮ ᠮᠠᠯᠳᠠᠬᠤ ᠪᠠᠷᠢᠯᠭ᠎ᠠ ᠶᠢ ᠲᠦᠪᠯᠡᠷᠡᠭᠦᠯᠦᠨ ᠪᠦᠳᠦᠭᠡᠨ ᠪᠠᠶᠢᠭᠤᠯᠬᠤ᠂ ᠠᠷᠠᠳ ᠢ ᠦᠢᠮᠡᠭᠦᠯᠬᠦ ᠶᠢ ᠪᠠᠭᠠᠰᠬᠠᠬᠤ ᠵᠠᠷᠴᠢᠮ ᠶᠤᠰᠤᠭᠠᠷ ᠤᠨ ᠤ ᠲᠦᠯᠦᠪᠯᠡᠭᠡ ᠶᠢᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠳᠠᠢ᠃      ᠢᠯᠴᠢ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠤᠰᠤ ᠬᠠᠨᠭ᠍ᠭᠠᠬᠤ᠂ ᠤᠰᠤ ᠭᠠᠳᠠᠭᠰᠢᠯᠠᠭᠤᠯᠬᠤ᠂ ᠰᠢᠳᠠᠮᠠᠬᠠᠢ ᠬᠡᠢ᠂ ᠴᠠᠬᠢᠯᠭᠠᠨ ᠬᠤᠯᠪᠤᠭ᠎ᠠ ᠵᠡᠷᠭᠡ ᠡᠯ᠎ᠡ ᠲᠦᠷᠦᠯ ᠤᠨ ᠬᠤᠭᠤᠯᠠᠢ ᠱᠤᠭᠤᠮ ᠢ ᠲᠡᠪᠰᠡᠬᠦ ᠪᠠ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠡᠯᠡᠳᠭᠡᠮᠵᠢ ᠶᠢ ᠲᠤᠬᠢᠷᠠᠭᠤᠯᠬᠤ ᠠᠴᠠ ᠪᠤᠯᠵᠤ ᠬᠤᠳᠠ ᠶᠢᠨ ᠵᠠᠮ ᠢ ᠮᠠᠯᠳᠠᠬᠤ ᠴᠢᠬᠤᠯᠠ ᠲᠠᠢ ᠪᠤᠯ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠨᠢ ᠵᠢᠯ ᠪᠦᠷᠢ ᠶᠢᠨ 10 ᠰᠠᠷ᠎ᠠ ᠶᠢᠨ ᠰᠡᠭᠦᠯᠴᠢ ᠠᠴᠠ ᠡᠮᠤᠨ᠎ᠡ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠠᠷᠠᠭ᠎ᠠ ᠵᠢᠯ ᠤᠨ ᠬᠡᠷᠡᠭᠵᠢᠭᠦᠯᠦᠯᠳᠡ ᠶᠢᠨ ᠲᠦᠯᠦᠪᠯᠡᠭᠡ ᠪᠠᠨ ᠲᠤᠰᠢᠶᠠᠵᠤ᠂ ᠬᠤᠳᠠ ᠬᠦᠳᠡᠭᠡ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠦᠯᠳᠡ ᠶᠢᠨ ᠰᠠᠯᠠᠭ᠎ᠠ ᠮᠦᠴᠢᠷ ᠤᠨ ᠰᠠᠨᠠᠯ ᠢ ᠰᠤᠨᠤᠰᠤᠭᠰᠠᠨ ᠤ ᠲᠠᠷᠠᠭ᠎ᠠ᠂ ᠬᠤᠳᠠ ᠶᠢᠨ ᠵᠠᠮ ᠢ ᠦᠭᠡᠷᠡᠴᠢᠯᠡᠨ ᠵᠠᠰᠠᠬᠤ ᠪᠠᠶᠢᠳᠠᠯ ᠲᠠᠢ ᠤᠶᠠᠯᠳᠤᠭᠤᠯᠤᠨ ᠲᠠᠷᠠᠭ᠎ᠠ ᠵᠢᠯ ᠤᠨ ᠵᠠᠮ ᠮᠠᠯᠳᠠᠬᠤ ᠪᠠᠷᠢᠯᠭ᠎ᠠ ᠶᠢᠨ ᠠᠵᠢᠯ ᠤᠨ ᠲᠦᠯᠦᠪᠯᠡᠭᠡ ᠪᠠᠨ ᠨᠠᠶᠢᠷᠠᠭᠤᠯᠬᠤ ᠬᠡᠷᠡᠭᠳᠠᠢ᠃      ᠲᠠᠷᠠᠭ᠎ᠠ ᠵᠢᠯ ᠤᠨ ᠵᠠᠮ ᠮᠠᠯᠳᠠᠬᠤ ᠪᠠᠷᠢᠯᠭ᠎ᠠ ᠶᠢᠨ ᠠᠵᠢᠯ ᠤᠨ ᠲᠦᠯᠦᠪᠯᠡᠭᠡ ᠪᠠᠨ ᠲᠤᠭᠳᠠᠭᠠᠭᠰᠠᠨ ᠤ ᠲᠠᠷᠠᠭ᠎ᠠ᠂ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠭᠠᠵᠠᠷ ᠲᠤᠤᠷᠠᠬᠢ ᠬᠤᠭᠤᠯᠠᠢ ᠲᠤᠤᠷ ᠤᠨ ᠪᠦᠳᠦᠭᠡᠨ ᠪᠠᠶᠢᠭᠤᠯᠤᠯᠳᠠ ᠶᠢᠨ ᠨᠢᠭᠡᠴᠢ ᠶᠢ ᠵᠤᠬᠢᠶᠠᠨ ᠪᠠᠶᠢᠭᠤᠯᠤᠨ ᠲᠦᠪᠯᠡᠷᠡᠭᠦᠯᠦᠨ ᠪᠠᠷᠢᠯᠭ᠎ᠠ ᠬᠢᠯᠭᠡᠬᠦ ᠶᠢ ᠬᠠᠷᠢᠭᠤᠴᠠᠬᠤ ᠬᠡᠷᠡᠭᠳᠠᠢ᠃      ᠰᠢᠨ᠎ᠡ ᠪᠠᠷ ᠪᠠᠶᠢᠭᠤᠯᠤᠭᠰᠠᠨ᠂ ᠦᠭᠡᠷᠡᠴᠢᠯᠡᠨ ᠪᠠᠶᠢᠭᠤᠯᠤᠭᠰᠠᠨ᠂ ᠦᠷᠭᠡᠳᠭᠡᠨ ᠪᠠᠶᠢᠭᠤᠯᠤᠭᠰᠠᠨ ᠬᠤᠳᠠ ᠶᠢᠨ ᠵᠠᠮ ᠢ ᠬᠡᠷᠡᠭᠯᠡᠯᠳᠡ ᠳᠤ ᠤᠷᠤᠭᠤᠯᠤᠭᠰᠠᠨ ᠤ ᠲᠠᠷᠠᠭ᠎ᠠ ᠲᠠᠪᠤᠨ ᠵᠢᠯ ᠤᠨ ᠲᠤᠳᠤᠷ᠎ᠠ᠂ ᠶᠡᠭᠡ ᠪᠠᠷ ᠵᠠᠰᠠᠭᠰᠠᠨ ᠬᠤᠳᠠ ᠶᠢᠨ ᠵᠠᠮ ᠢ ᠪᠤᠯ ᠬᠡᠷᠡᠭᠯᠡᠯᠳᠡ ᠳᠤ ᠤᠷᠤᠭᠤᠯᠤᠭᠰᠠᠨ ᠤ ᠲᠠᠷᠠᠭ᠎ᠠ ᠭᠤᠷᠪᠠᠨ ᠵᠢᠯ ᠤᠨ ᠲᠤᠳᠤᠷ᠎ᠠ ᠲᠠᠬᠢᠨ ᠮᠠᠯᠳᠠᠵᠤ ᠪᠤᠯᠬᠤ ᠦᠭᠡᠢ᠃ ᠪᠠᠶᠢᠭᠠᠯᠢ ᠶᠢᠨ ᠭᠠᠮᠰᠢᠬ᠂ ᠤᠯᠤᠰ ᠤᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠵᠡᠷᠭᠡ ᠤᠨᠴᠠᠭᠠᠢ ᠪᠠᠶᠢᠳᠠᠯ ᠠᠴᠠ ᠪᠤᠯᠵᠤ ᠮᠠᠯᠳᠠᠬᠤ ᠴᠢᠬᠤᠯᠠ ᠲᠠᠢ ᠪᠤᠯ᠂ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠠᠷᠠᠭ᠎ᠠ ᠵᠢᠯ ᠤᠨ ᠬᠤᠳᠠ ᠶᠢᠨ ᠵᠠᠮ ᠢ ᠮᠠᠯᠳᠠᠬᠤ ᠪᠠᠷᠢᠯᠭ᠎ᠠ ᠶᠢᠨ ᠲᠦᠯᠦᠪᠯᠡᠭᠡ ᠪᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠳᠠᠢ᠃      ᠵᠠᠮ ᠮᠠᠯᠳᠠᠬᠤ ᠴᠠᠭ ᠬᠤᠭᠤᠴᠠᠭ᠎ᠠ ᠶᠢ ᠵᠢᠯ ᠪᠦᠷᠢ ᠶᠢᠨ 4 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 30 ᠤ ᠡᠳᠦᠷ ᠤᠨ ᠲᠤᠳᠤᠷ᠎ᠠ ᠲᠦᠪᠯᠡᠷᠡᠭᠦᠯᠬᠦ ᠬᠡᠷᠡᠭᠳᠠᠢ᠃      ᠬᠤᠷᠢᠨ ᠬᠤᠶᠠᠳᠤᠭᠠᠷ ᠵᠦᠢᠯ   ᠤᠨ ᠤ ᠬᠤᠳᠠ ᠶᠢᠨ ᠵᠠᠮ ᠮᠠᠯᠳᠠᠬᠤ ᠪᠠᠷᠢᠯᠭ᠎ᠠ ᠶᠢᠨ ᠲᠦᠯᠦᠪᠯᠡᠭᠡ ᠳᠤ ᠤᠷᠤᠭᠤᠯᠤᠭᠰᠠᠨ ᠪᠤᠯ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠠᠴᠠ ︽ᠬᠤᠳᠠ ᠶᠢᠨ ᠵᠠᠮ ᠢ ᠮᠠᠯᠳᠠᠬᠤ ᠭᠤᠶᠤᠴᠢᠯᠠᠯ ᠤᠨ ᠪᠢᠴᠢᠭ︾ ᠢ ᠲᠠᠭᠯᠠᠬᠤ ᠪᠦᠭᠡᠳ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠤᠤᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠳᠠᠢ᠄      ︵ᠨᠢᠭᠡ︶ ᠵᠢᠷᠤᠭ ᠲᠦᠯᠦᠪᠵᠢᠭᠦᠯᠭᠡ ᠶᠢᠨ ᠨᠦᠭᠦᠴᠡᠯ ᠪᠤᠶᠤ ᠬᠤᠭᠤᠯᠠᠢ ᠱᠤᠭᠤᠮ ᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ︔      ︵ᠬᠤᠶᠠᠷ︶ ᠪᠠᠷᠢᠯᠭ᠎ᠠ ᠶᠢᠨ ᠵᠢᠷᠤᠭ᠂ ᠪᠠᠷᠢᠯᠭ᠎ᠠ ᠶᠢᠨ ᠲᠦᠰᠦᠯ ᠪᠠ ᠠᠬᠢᠴᠠ ᠶᠢᠨ ᠲᠤᠬᠢᠷᠠᠭᠤᠯᠤᠯᠳᠠ︔      ︵ᠭᠤᠷᠪᠠ︶ ᠪᠠᠷᠢᠯᠭ᠎ᠠ ᠶᠢᠨ ᠲᠠᠯᠠᠪᠠᠢ ᠶᠢᠨ ᠬᠠᠪᠳᠠᠭᠠᠢ ᠵᠢᠷᠤᠭ᠂ ᠠᠶᠤᠯᠬᠦᠢ ᠶᠢᠨ ᠬᠠᠮᠠᠭᠠᠯᠠᠯᠳᠠ ᠶᠢᠨ ᠪᠡᠯᠡᠳᠭᠡᠮᠵᠢ︔      ︵ᠲᠦᠷᠪᠡ︶ ᠵᠠᠮ ᠬᠠᠷᠢᠯᠴᠠᠭᠠᠨ ᠤ ᠲᠤᠬᠢᠷᠠᠭᠤᠯᠤᠯᠳᠠ ᠶᠢᠨ ᠲᠦᠰᠦᠯ︔      ︵ᠲᠠᠪᠤ︶ ᠵᠠᠮ ᠤᠨ ᠤᠤᠯ ᠪᠠᠶᠢᠳᠠᠯ ᠢ ᠰᠡᠷᠭᠦᠭᠡᠬᠦ ᠬᠡᠯᠡᠯᠴᠡᠭᠡᠷ᠃      ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠲᠡᠭᠡᠷᠡᠬᠢ ᠮᠠᠲ᠋ᠧᠷᠢᠶᠠᠯ ᠢ ᠠᠩᠬ᠎ᠠ ᠬᠢᠨᠠᠵᠤ᠂ ᠲᠦᠯᠦᠪᠵᠢᠭᠦᠯᠭᠡ ᠬᠢᠭᠡᠳ ᠬᠤᠭᠤᠯᠠᠢ ᠲᠤᠤᠷ ᠲᠠᠢ ᠬᠤᠯᠪᠤᠭᠳᠠᠯ ᠲᠠᠢ ᠨᠢᠭᠡᠴᠢ ᠶᠢ ᠵᠤᠬᠢᠶᠠᠨ ᠪᠠᠶᠢᠭᠤᠯᠤᠨ ᠲᠤᠬᠠᠢ ᠶᠢᠨ ᠲᠠᠯᠠᠪᠦᠷ ᠲᠤ ᠬᠠᠶᠢᠨ ᠪᠠᠶᠢᠴᠠᠭᠠᠯᠳᠠ ᠬᠢᠵᠤ᠂ ᠮᠠᠯᠳᠠᠬᠤ ᠨᠦᠭᠦᠴᠡᠯ ᠲᠠᠢ ᠶᠢ ᠨᠢ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠬᠢᠨᠠᠨ ᠬᠠᠷᠭᠤᠭᠤᠯᠬᠤ ᠬᠡᠷᠡᠭᠳᠠᠢ᠃ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠳᠠ ᠶᠢᠨ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠠ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠦᠯᠳᠡ ᠶᠢᠨ ᠰᠠᠯᠠᠭ᠎ᠠ ᠮᠦᠴᠢᠷ ᠤᠨ ᠰᠠᠨᠠᠯ ᠢ ᠰᠤᠨᠤᠰᠤᠭᠰᠠᠨ ᠤ ᠲᠠᠷᠠᠭ᠎ᠠ ᠵᠦᠪᠰᠢᠶᠡᠷᠡᠵᠤ ᠬᠡᠷᠡᠭᠵᠢᠭᠦᠯᠦᠨ᠎ᠡ᠃      ᠬᠤᠳᠠ ᠶᠢᠨ ᠵᠠᠮ ᠢ ᠮᠠᠯᠳᠠᠬᠤ ᠵᠦᠪᠰᠢᠶᠡᠷᠡᠯ ᠢ ᠤᠯᠤᠭᠰᠠᠨ ᠪᠠᠶᠢᠭᠤᠯᠤᠯᠳᠠ ᠶᠢᠨ ᠨᠢᠭᠡᠴᠢ ᠨᠢ ᠬᠤᠳᠠ ᠶᠢᠨ ᠶᠠᠪᠤᠳᠠᠯ ᠤᠨ ᠪᠡᠯᠡᠳᠭᠡᠮᠵᠢ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠰᠡᠯᠪᠢᠨ ᠵᠠᠰᠠᠬᠤ ᠰᠦᠢᠳᠭᠡᠯ ᠲᠤᠰᠢᠶᠠᠬᠤ ᠬᠡᠷᠡᠭᠳᠠᠢ᠃      ᠪᠠᠷᠢᠯᠭ᠎ᠠ ᠶᠢᠨ ᠨᠢᠭᠡᠴᠢ ᠨᠢ ᠬᠤᠳᠠ ᠶᠢᠨ ᠵᠠᠮ ᠢ ᠮᠠᠯᠳᠠᠬᠤ ᠪᠠᠷᠢᠯᠭ᠎ᠠ ᠶᠢᠨ ᠤᠨ ᠤ ᠲᠦᠯᠦᠪᠯᠡᠭᠡ ᠶᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠴᠠᠭ ᠤᠨ ᠲᠠᠷᠠᠭᠠᠯᠠᠯ ᠢ ᠵᠤᠬᠢᠰᠳᠠᠢ ᠲᠤᠬᠢᠷᠠᠭᠤᠯᠵᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠭᠡᠵᠤ᠂ ᠬᠡᠰᠡᠭ ᠬᠤᠪᠢᠶᠠᠨ ᠵᠠᠰᠠᠬᠤ᠂ ᠵᠠᠮ ᠬᠠᠷᠢᠯᠴᠠᠭᠠᠨ ᠤ ᠲᠦᠭᠵᠢᠷᠡᠯ ᠠᠴᠠ ᠵᠠᠶᠢᠯᠠᠬᠤ᠂ ᠰᠦᠨᠢ ᠠᠵᠢᠯᠯᠠᠬᠤ ᠵᠡᠷᠭᠡ ᠬᠡᠯᠪᠡᠷᠢ ᠪᠠᠷ ᠵᠠᠮ ᠨᠡᠪᠳᠡᠷᠡᠯᠭᠡ᠂ ᠬᠤᠳᠠ ᠶᠢᠨ ᠦᠵᠡᠮᠵᠢ ᠤᠷᠴᠢᠨ ᠲᠤᠭᠤᠷᠢᠨ ᠪᠠ ᠬᠤᠳᠠ ᠶᠢᠨ ᠠᠷᠠᠳ ᠤᠨ ᠠᠮᠢᠳᠤᠷᠠᠯ ᠳᠤ ᠦᠵᠡᠭᠦᠯᠬᠦ ᠨᠦᠯᠦᠭᠡ ᠶᠢ ᠬᠠᠮᠤᠭ ᠲᠤᠤᠷ᠎ᠠ ᠪᠤᠯᠭᠠᠨ᠎ᠠ᠃      ᠬᠤᠷᠢᠨ ᠭᠤᠷᠪᠠᠳᠤᠭᠠᠷ ᠵᠦᠢᠯ        ᠵᠦᠪᠰᠢᠶᠡᠷᠡᠯ ᠤᠯᠤᠭᠠᠳ ᠬᠤᠳᠠ ᠶᠢᠨ ᠵᠠᠮ ᠢ ᠮᠠᠯᠳᠠᠬᠤ ᠦᠶᠡᠰ᠂ ᠡᠷᠬᠡᠪᠰᠢ ᠲᠤᠤᠷᠠᠬᠢ ᠲᠤᠭᠳᠠᠭᠠᠯ ᠶᠤᠰᠤᠭᠠᠷ ᠬᠢᠬᠦ ᠬᠡᠷᠡᠭᠳᠠᠢ᠄      ︵ᠨᠢᠭᠡ︶ ᠵᠦᠪᠰᠢᠶᠡᠷᠡᠭᠰᠡᠨ ᠭᠠᠵᠠᠷ᠂ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ ᠪᠤᠯᠤᠨ ᠱᠠᠭᠠᠷᠳᠠᠯᠭ᠎ᠠ ᠶᠤᠰᠤᠭᠠᠷ ᠪᠠᠷᠢᠯᠭ᠎ᠠ ᠡᠬᠢᠯᠡᠭᠦᠯᠵᠦ᠂ ᠵᠠᠮ ᠨᠢ ᠤᠷᠳᠤ ᠬᠡᠰᠡᠭ ᠢ ᠪᠤᠯ ᠬᠡᠰᠡᠭ ᠬᠤᠪᠢᠶᠠᠨ ᠵᠠᠰᠠᠵᠤ ᠪᠠᠷᠢᠯᠭ᠎ᠠ ᠶᠢᠨ ᠬᠡᠮᠵᠢᠶ᠎ᠡ ᠪᠠᠭ᠎ᠠ ᠪᠤᠯ ᠰᠦᠨᠢ ᠠᠵᠢᠯᠯᠠᠬᠤ ᠬᠡᠷᠡᠭᠳᠠᠢ︔      ︵ᠬᠤᠶᠠᠷ︶ ᠭᠤᠤᠯ ᠵᠠᠮ ᠲᠡᠭᠡᠷ᠎ᠡ ᠬᠦᠨᠳᠡᠯᠡᠨ ᠨᠡᠪᠳᠡᠷᠡᠬᠦ ᠵᠠᠮ ᠤᠨ ᠪᠠᠷᠢᠯᠭ᠎ᠠ ᠪᠠᠷᠢᠪᠠᠯ᠂ ᠬᠠᠵᠠᠭᠤ ᠠᠴᠠ ᠨᠢ ᠲᠦᠯᠬᠢᠵᠤ ᠤᠷᠤᠭᠤᠯᠬᠤ ᠬᠤᠭᠤᠯᠠᠢ ᠮᠡᠳᠦ ᠶᠢᠨ ᠵᠠᠮ ᠤᠨ ᠨᠢᠭᠤᠷ ᠲᠤ ᠡᠪᠳᠡᠯᠡᠭᠡ ᠤᠴᠠᠷᠠᠭᠤᠯᠬᠤ ᠦᠭᠡᠢ ᠲᠡᠷᠢᠭᠦᠨ ᠤ ᠮᠡᠷᠭᠡᠵᠢᠯ ᠢ ᠤᠷᠢᠳᠴᠢᠯᠠᠨ ᠬᠡᠷᠡᠭᠯᠡᠬᠦ ᠬᠡᠷᠡᠭᠳᠠᠢ︔      ︵ᠭᠤᠷᠪᠠ︶ ᠵᠠᠮ ᠮᠠᠯᠳᠠᠬᠤ ᠲᠤᠬᠠᠢ ᠶᠢᠨ ᠲᠠᠯᠠᠪᠦᠷ ᠲᠤ ᠵᠠᠮ ᠨᠡᠪᠳᠡᠷᠡᠯᠭᠡ ᠶᠢᠨ ᠠᠮᠤᠷ ᠲᠦᠪᠰᠢᠨ ᠤ ᠬᠠᠯᠬᠠᠪᠴᠢ ᠪᠠ ᠰᠡᠷᠡᠮᠵᠢ ᠶᠢᠨ ᠫᠠᠶᠢᠰᠠ ᠪᠤᠰᠬᠠᠵᠤ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠢ ᠪᠠᠳᠤᠯᠠᠬᠤ ᠬᠡᠷᠡᠭᠳᠠᠢ︔      ︵ᠲᠦᠷᠪᠡ︶ ᠪᠠᠷᠢᠯᠭ᠎ᠠ ᠶᠢᠨ ᠠᠵᠢᠯ ᠲᠡᠭᠦᠰᠦᠭᠰᠡᠨ ᠤ ᠰᠡᠭᠦᠯᠡᠷ ᠰᠢᠷᠤᠢ ᠪᠠᠷ ᠬᠠᠨᠭ᠍ᠳᠠᠵᠤ ᠬᠤᠭ ᠰᠢᠷᠤᠢ ᠬᠠᠶᠠᠭᠳᠠᠮᠠᠯ ᠮᠠᠲ᠋ᠧᠷᠢᠶᠠᠯ ᠢᠶᠠᠨ ᠴᠡᠪᠡᠷᠯᠡᠬᠦ ᠬᠡᠷᠡᠭᠳᠠᠢ︔      ︵ᠲᠠᠪᠤ︶ ᠵᠠᠮ ᠮᠠᠯᠳᠠᠬᠤ ᠳᠤ ᠲᠠᠭᠠᠷᠠᠭᠰᠠᠨ ᠭᠠᠵᠠᠷ ᠲᠤᠤᠷᠠᠬᠢ ᠪᠡᠯᠡᠳᠭᠡᠮᠵᠢ ᠶᠢ ᠪᠠᠶᠢᠴᠠᠭᠠᠬᠤ ᠬᠤᠳᠳᠤᠭ ᠤᠨ ᠠᠮᠠᠰᠠᠷ ᠢ ᠵᠠᠮ ᠤᠨ ᠨᠢᠭᠤᠷ ᠲᠠᠢ ᠲᠡᠭᠰᠢᠭᠡᠨ ᠪᠠᠶᠢᠯᠭᠠᠬᠤ ᠬᠡᠷᠡᠭᠳᠠᠢ︔      ︵ᠵᠢᠷᠭᠤᠭ᠎ᠠ︶ ᠪᠠᠷᠢᠯᠭ᠎ᠠ ᠲᠠᠭᠤᠰᠤᠭᠰᠠᠨ ᠤ ᠰᠡᠭᠦᠯᠡᠷ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠴᠠᠭ ᠲᠤᠬᠠᠢ ᠳᠤᠨᠢ ᠮᠡᠳᠡᠭᠳᠡᠨ ᠬᠢᠨᠠᠨ ᠬᠤᠷᠢᠶᠠᠯᠭᠠᠬᠤ ᠬᠡᠷᠡᠭᠳᠠᠢ᠃      ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠨᠢᠭᠡᠨᠳᠡ ᠵᠦᠪᠰᠢᠶᠡᠷᠡᠭᠰᠡᠨ ᠬᠤᠳᠠ ᠶᠢᠨ ᠵᠠᠮ ᠢ ᠮᠠᠯᠳᠠᠬᠤ ᠪᠠᠷᠢᠯᠭ᠎ᠠ ᠶᠢᠨ ᠲᠤᠬᠠᠢ ᠶᠢᠨ ᠲᠠᠯᠠᠪᠦᠷ ᠲᠤ ᠪᠦᠬᠦ ᠶᠠᠪᠤᠴᠠ ᠳᠤ ᠬᠢᠨᠠᠯᠳᠠ ᠬᠠᠮᠢᠶᠠᠷᠤᠯᠳᠠ ᠬᠢᠵᠤ᠂ ᠪᠠᠷᠢᠯᠭ᠎ᠠ ᠲᠠᠭᠤᠰᠴᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠪᠤᠯ ᠭᠤᠷᠪᠠᠨ ᠡᠳᠦᠷ ᠤᠨ ᠲᠤᠳᠤᠷ᠎ᠠ ᠵᠠᠮ ᠤᠨ ᠭᠠᠳᠠᠷᠭᠤ ᠶᠢ ᠰᠡᠯᠪᠢᠨ ᠵᠠᠰᠠᠬᠤ ᠬᠡᠷᠡᠭᠳᠠᠢ᠃      ᠬᠤᠷᠢᠨ ᠲᠦᠷᠪᠡᠳᠦᠭᠡᠷ ᠵᠦᠢᠯ   ᠵᠦᠪᠰᠢᠶᠡᠷᠡᠯ ᠤᠯᠤᠭᠰᠠᠨ ᠤ ᠲᠠᠷᠠᠭ᠎ᠠ ᠵᠠᠮ ᠢ ᠪᠢᠳᠡᠭᠦᠮᠵᠢᠯᠡᠨ ᠪᠠᠷᠢᠯᠭ᠎ᠠ ᠡᠬᠢᠯᠡᠭᠦᠯᠬᠦ ᠪᠤᠶᠤ ᠵᠠᠮ ᠢ ᠡᠵᠡᠯᠡᠨ ᠮᠠᠯᠳᠠᠵᠤ ᠪᠠᠷᠢᠯᠭ᠎ᠠ ᠬᠢᠬᠦ ᠴᠠᠭ ᠨᠢ ᠭᠤᠷᠪᠠᠨ ᠡᠳᠦᠷ ᠠᠴᠠ ᠲᠡᠭᠡᠭᠰᠢ ᠪᠠᠶᠢᠪᠠᠯ ᠬᠤᠳᠠ ᠶᠢᠨ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠠ ᠨᠡᠶᠢᠳᠡ ᠶᠢᠨ ᠮᠠᠰᠢᠨ ᠤ ᠺᠤᠮᠫᠠᠨᠢ ᠨᠢ ᠠᠵᠢᠯ ᠡᠬᠢᠯᠡᠬᠦ ᠠᠴᠠ ᠲᠤᠯᠤᠭᠠᠨ ᠡᠳᠦᠷ ᠤᠨ ᠡᠮᠤᠨ᠎ᠡ ᠰᠤᠨᠢᠨ ᠮᠡᠳᠡᠭᠡ ᠵᠠᠭᠤᠴᠢᠯᠠᠭᠤᠷ ᠲᠡᠭᠡᠷ᠎ᠡ ᠪᠠᠷᠢᠯᠭ᠎ᠠ ᠶᠢᠨ ᠮᠡᠳᠡᠭᠳᠡᠯ᠂ ᠵᠠᠮ ᠨᠡᠪᠳᠡᠷᠡᠭᠦᠯᠬᠦ ᠲᠦᠰᠦᠯ ᠪᠠ ᠨᠡᠶᠢᠳᠡ ᠶᠢᠨ ᠮᠠᠰᠢᠨ ᠤ ᠶᠠᠪᠤᠬᠤ ᠵᠠᠮ ᠤᠨ ᠲᠤᠬᠢᠷᠠᠭᠤᠯᠤᠯᠳᠠ ᠶᠢᠨ ᠲᠦᠰᠦᠯ ᠢ ᠨᠡᠶᠢᠳᠡᠯᠡᠵᠤ᠂ ᠪᠢᠳᠡᠭᠦᠮᠵᠢᠯᠡᠭᠰᠡᠨ ᠵᠠᠮ ᠬᠢᠭᠡᠳ ᠤᠢᠢᠷ᠎ᠠ ᠤᠷᠴᠢᠮ ᠤᠨ ᠵᠠᠮ ᠲᠡᠭᠡᠷ᠎ᠡ ᠮᠡᠳᠡᠭᠳᠡᠯ ᠤᠨ ᠫᠠᠶᠢᠰᠠ ᠪᠤᠰᠬᠠᠵᠤ᠂ ᠵᠠᠮ ᠢ ᠪᠢᠳᠡᠭᠦᠮᠵᠢᠯᠡᠭᠰᠡᠨ ᠪᠠᠶᠢᠳᠠᠯ ᠪᠠ ᠪᠢᠳᠡᠭᠦᠮᠵᠢᠯᠡᠬᠦ ᠬᠤᠭᠤᠴᠠᠭ᠎ᠠ ᠪᠠᠨ ᠨᠡᠶᠢᠳᠡᠯᠡᠵᠤ᠂ ᠪᠠᠷᠢᠯᠭ᠎ᠠ ᠶᠢᠨ ᠨᠢᠭᠡᠴᠢ ᠠᠴᠠ ᠤᠯᠠᠨ ᠲᠦᠮᠡᠨ ᠳᠤ ᠲᠠᠶᠢᠯᠪᠦᠷᠢᠯᠠᠬᠤ ᠪᠠ ᠤᠬᠠᠭᠤᠯᠬᠤ ᠠᠵᠢᠯ ᠢ ᠰᠠᠶᠢᠳᠤᠷ ᠬᠢᠬᠦ ᠬᠡᠷᠡᠭᠳᠠᠢ᠃      ᠬᠤᠷᠢᠨ ᠲᠠᠪᠤᠳᠤᠭᠠᠷ ᠵᠦᠢᠯ   ᠬᠤᠳᠠ ᠶᠢᠨ ᠵᠠᠮ ᠢ ᠲᠦᠷ ᠴᠠᠭ ᠡᠵᠡᠯᠡᠨ ᠬᠡᠷᠡᠭᠯᠡᠬᠦ ᠴᠢᠬᠤᠯᠠ ᠲᠠᠢ ᠪᠤᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶ᠋ᠷᠠᠤᠯᠳᠠ ᠶᠢᠨ ᠰᠠᠯᠠᠭ᠎ᠠ ᠮᠦᠴᠢᠷ ᠪᠠ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠦᠯᠳᠡ ᠶᠢᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠵᠦ᠂ ᠵᠦᠪᠰᠢᠶᠡᠷᠡᠭᠰᠡᠨ ᠬᠡᠪᠴᠢᠶ᠎ᠡ᠂ ᠴᠠᠭ ᠬᠤᠭᠤᠴᠠᠭ᠎ᠠ ᠲᠤᠳᠤᠷ᠎ᠠ ᠬᠡᠷᠡᠭᠯᠡᠬᠦ ᠬᠡᠷᠡᠭᠳᠠᠢ᠃      ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ ᠲᠠᠭᠤᠰᠤᠭᠰᠠᠨ ᠤ ᠰᠡᠭᠦᠯᠡᠷ᠂ ᠡᠵᠡᠯᠡᠵᠤ ᠬᠡᠷᠡᠭᠯᠡᠭᠰᠡᠨ ᠨᠢᠭᠡᠴᠢ ᠴᠠᠭ ᠲᠤᠬᠠᠢ ᠳᠤᠨᠢ ᠲᠤᠬᠠᠢ ᠶᠢᠨ ᠲᠠᠯᠠᠪᠦᠷ ᠢ ᠴᠡᠪᠡᠷᠯᠡᠵᠤ᠂ ᠵᠠᠮ ᠤᠨ ᠴᠢᠳᠠᠪᠬᠢ ᠶᠢ ᠰᠡᠷᠭᠦᠭᠡᠬᠦ ᠮᠦᠷᠳᠡᠭᠡᠨ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠳᠡᠵᠤ ᠬᠢᠨᠠᠨ ᠬᠤᠷᠢᠶᠠᠯᠭᠠᠬᠤ ᠬᠡᠷᠡᠭᠳᠠᠢ᠃ ᠬᠤᠭᠤᠴᠠᠭ᠎ᠠ ᠶᠢ ᠤᠷᠳᠤᠳᠬᠠᠬᠤ ᠴᠢᠬᠤᠯᠠ ᠲᠠᠢ ᠪᠤᠯ ᠬᠤᠭᠤᠴᠠᠭ᠎ᠠ ᠶᠢ ᠤᠷᠳᠤᠳᠬᠠᠬᠤ ᠭᠠᠷᠳᠠᠮ ᠭᠦᠢᠴᠡᠳᠭᠡᠭᠰᠡᠨ ᠪᠠᠶᠢᠬᠤ ᠬᠡᠷᠡᠭᠳᠠᠢ᠃      ᠬᠤᠷᠢᠨ ᠵᠢᠷᠭᠤᠳᠤᠭᠠᠷ ᠵᠦᠢᠯ   ᠬᠤᠳᠠ ᠶᠢᠨ ᠤᠰᠤ ᠬᠠᠨᠭ᠍ᠭᠠᠬᠤ᠂ ᠤᠰᠤ ᠭᠠᠳᠠᠭᠰᠢᠯᠠᠭᠤᠯᠬᠤ᠂ ᠰᠢᠳᠠᠮᠠᠬᠠᠢ ᠬᠡᠢ᠂ ᠢᠯᠴᠢ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠴᠢᠮᠡᠭᠡ ᠨᠡᠪᠳᠡᠷᠡᠭᠦᠯᠭᠡ ᠵᠡᠷᠭᠡ ᠰᠠᠯᠠᠭ᠎ᠠ ᠮᠦᠴᠢᠷ ᠨᠢ ᠲᠦᠷᠭᠡᠨ ᠵᠠᠪᠳᠤᠨ ᠵᠠᠰᠠᠬᠤ ᠴᠢᠬᠤᠯᠠ ᠲᠠᠢ ᠠᠴᠠ ᠪᠤᠯᠵᠤ ᠬᠤᠳᠠ ᠶᠢᠨ ᠵᠠᠮ ᠮᠠᠯᠳᠠᠬᠤ ᠵᠦᠪᠰᠢᠶᠡᠷᠡᠯ ᠤᠨ ᠭᠠᠷᠳᠠᠮ ᠢ ᠤᠷᠢᠳ ᠢᠶᠠᠷ ᠭᠦᠢᠴᠡᠳᠭᠡᠵᠤ ᠴᠢᠳᠠᠭᠰᠠᠨ ᠦᠭᠡᠢ ᠪᠤᠯ ᠵᠠᠪᠳᠤᠨ ᠵᠠᠰᠠᠬᠤ ᠶᠢᠨ ᠲᠠᠭᠠᠤ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠪᠤᠯᠤᠨ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠳᠡᠵᠤ ᠰᠠᠭᠠᠳ ᠭᠡᠮ ᠭᠠᠷᠤᠭᠰᠠᠨ ᠤ ᠲᠠᠷᠠᠭᠠᠬᠢ ᠬᠤᠶᠠᠷ ᠠᠵᠢᠯ ᠤᠨ ᠡᠳᠦᠷ ᠤᠨ ᠲᠤᠳᠤᠷ᠎ᠠ ᠬᠤᠳᠠ ᠶᠢᠨ ᠵᠠᠮ ᠮᠠᠯᠳᠠᠬᠤ ᠵᠦᠪᠰᠢᠶᠡᠷᠡᠯ ᠤᠨ ᠭᠠᠷᠳᠠᠮ ᠭᠦᠢᠴᠡᠳᠭᠡᠬᠦ ᠬᠡᠷᠡᠭᠳᠠᠢ᠃      ᠬᠤᠷᠢᠨ ᠲᠤᠯᠤᠳᠤᠭᠠᠷ ᠵᠦᠢᠯ   ᠬᠤᠳᠠ ᠶᠢᠨ ᠵᠠᠮ ᠤᠨ ᠭᠡᠷᠡᠯᠳᠦᠭᠦᠯᠭᠡ ᠶᠢᠨ ᠪᠡᠯᠡᠳᠭᠡᠮᠵᠢ ᠶᠢᠨ ᠦᠷᠭᠦᠯᠵᠢ ᠶᠢᠨ ᠴᠢᠨᠠᠷᠳᠠᠢ ᠪᠦᠳᠦᠨ ᠰᠠᠶᠢᠨ ᠪᠠᠶᠢᠬᠤ ᠨᠤᠷᠮ᠎ᠠ ᠶᠢ ᠪᠠᠳᠤᠯᠠᠵᠤ᠂ ᠴᠢᠩᠭ᠎ᠠ ᠪᠠᠶᠢᠴᠠᠭᠠᠬᠤ ᠪᠠ ᠰᠢᠯᠭᠠᠨ ᠪᠠᠶᠢᠴᠠᠭᠠᠬᠤ ᠲᠦᠷᠢᠮ ᠲᠤᠭᠳᠠᠭᠠᠵᠤ᠂ ᠭᠡᠷᠡᠯᠳᠦᠭᠦᠯᠭᠡ ᠶᠢᠨ ᠨᠤᠷᠮ᠎ᠠ ᠶᠢ ᠵᠠᠭᠤᠨ ᠤ ᠶᠡᠷᠡᠨ ᠲᠠᠪᠤ ᠠᠴᠠ ᠲᠤᠤᠷ᠎ᠠ ᠪᠠᠶᠢᠯᠭᠠᠵᠤ ᠪᠤᠯᠬᠤ ᠦᠭᠡᠢ᠃      ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠪᠠ ᠪᠤᠰᠤᠳ ᠤᠴᠢᠷ ᠰᠢᠯᠳᠠᠭᠠᠨ ᠠᠴᠠ ᠪᠤᠯᠵᠤ ᠬᠤᠳᠠ ᠶᠢᠨ ᠵᠠᠮ ᠤᠨ ᠭᠡᠷᠡᠯᠳᠦᠭᠦᠯᠭᠡ ᠶᠢᠨ ᠪᠡᠯᠡᠳᠭᠡᠮᠵᠢ ᠶᠢ ᠨᠤᠷᠠᠭᠠᠨ ᠨᠡᠭᠦᠯᠭᠡᠬᠦ᠂ ᠡᠵᠡᠯᠡᠨ ᠬᠡᠷᠡᠭᠯᠡᠬᠦ ᠪᠤᠶᠤ ᠵᠠᠮ ᠤᠨ ᠳ᠋ᠧᠩ ᠤᠨ ᠴᠠᠬᠢᠯᠭᠠᠨ ᠡᠭᠦᠰᠭᠡᠭᠴᠢ ᠶᠢ ᠵᠠᠯᠭᠠᠨ ᠬᠡᠷᠡᠭᠯᠡᠬᠦ ᠴᠢᠬᠤᠯᠠ ᠲᠠᠢ ᠪᠤᠯ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠵᠦ ᠬᠤᠯᠪᠤᠭᠳᠠᠯ ᠪᠦᠬᠦᠢ ᠰᠦᠢᠳᠭᠡᠯ ᠢ ᠲᠤᠰᠢᠶᠠᠬᠤ ᠬᠡᠷᠡᠭᠳᠠᠢ᠃      ᠬᠤᠳᠠ ᠶᠢᠨ ᠵᠠᠮ ᠤᠨ ᠭᠡᠷᠡᠯᠳᠦᠭᠦᠯᠭᠡ ᠶᠢᠨ ᠪᠡᠯᠡᠳᠭᠡᠮᠵᠢ ᠨᠢ ᠰᠠᠭᠠᠳ ᠭᠡᠮ ᠭᠠᠷᠤᠭᠰᠠᠨ ᠪᠠᠶᠢᠪᠠᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠴᠠᠭ ᠲᠤᠬᠠᠢ ᠳᠤᠨᠢ ᠵᠠᠪᠳᠤᠨ ᠵᠠᠰᠠᠵᠤ ᠭᠡᠷᠡᠯᠳᠦᠭᠦᠯᠭᠡ ᠶᠢ ᠰᠡᠷᠭᠦᠭᠡᠬᠦ ᠬᠡᠷᠡᠭᠳᠠᠢ᠃      ᠬᠤᠷᠢᠨ ᠨᠠᠢᠮᠠᠳᠤᠭᠠᠷ ᠵᠦᠢᠯ   ᠨᠢᠭᠡᠨᠳᠡ ᠪᠠᠶᠢᠭᠤᠯᠤᠭᠰᠠᠨ ᠬᠤᠳᠠ ᠶᠢᠨ ᠵᠠᠮ ᠤᠨ ᠪᠡᠯᠡᠳᠭᠡᠮᠵᠢ ᠲᠡᠭᠡᠷ᠎ᠡ᠂ ᠵᠠᠮ ᠬᠠᠷᠢᠯᠴᠠᠭᠠᠨ ᠤ ᠪᠡᠯᠡᠳᠭᠡᠮᠵᠢ᠂ ᠬᠤᠭᠤᠯᠠᠢ ᠵᠡᠷᠭᠡ ᠡᠯ᠎ᠡ ᠵᠦᠢᠯ ᠤᠨ ᠨᠡᠶᠢᠳᠡ ᠶᠢᠨ ᠪᠡᠯᠡᠳᠭᠡᠮᠵᠢ ᠶᠢ ᠨᠡᠮᠡᠵᠤ ᠪᠠᠶᠢᠭᠤᠯᠬᠤ᠂ ᠰᠢᠯᠵᠢᠭᠦᠯᠬᠦ ᠭᠡᠪᠡᠯ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ ᠬᠡᠷᠡᠭᠳᠠᠢ ᠮᠦᠷᠳᠡᠭᠡᠨ ᠬᠤᠳᠠ ᠶᠢᠨ ᠵᠠᠮ ᠢ ᠦᠷᠭᠡᠳᠭᠡᠵᠤ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠵᠠᠰᠠᠬᠤ ᠦᠶᠡᠰ ᠨᠦᠭᠦᠴᠡᠯ ᠦᠭᠡᠢ ᠪᠠᠷ ᠴᠠᠭ ᠲᠤᠬᠠᠢ ᠳᠤᠨᠢ ᠨᠤᠷᠠᠭᠠᠵᠤ ᠨᠡᠭᠦᠯᠭᠡᠬᠦ ᠬᠡᠷᠡᠭᠳᠠᠢ᠃      ᠬᠤᠷᠢ ᠶᠢᠰᠦᠳᠦᠭᠡᠷ ᠵᠦᠢᠯ   ᠭᠢᠨᠵᠢᠳᠦ ᠲᠡᠷᠭᠡ᠂ ᠲᠡᠮᠦᠷ ᠬᠦᠷᠳᠤᠳᠤ ᠲᠡᠷᠭᠡ ᠪᠠ ᠬᠡᠳᠦ ᠲᠡᠭᠡᠭᠡᠭᠰᠡᠨ ᠲᠡᠷᠭᠡ ᠪᠤᠯᠤᠨ ᠪᠤᠰᠤᠳ ᠬᠤᠳᠠ ᠶᠢᠨ ᠵᠠᠮ᠂ ᠬᠦᠭᠦᠷᠭᠡ ᠳᠤ ᠡᠪᠳᠡᠯᠡᠭᠡ ᠤᠴᠠᠷᠠᠭᠤᠯᠬᠤ ᠲᠡᠷᠭᠡ ᠬᠦᠰᠭᠡ ᠬᠤᠳᠠ ᠶᠢᠨ ᠵᠠᠮ ᠪᠠ ᠬᠦᠭᠦᠷᠭᠡ ᠪᠠᠷ ᠦᠡᠭᠭᠡᠷᠡᠬᠦ ᠴᠢᠬᠤᠯᠠ ᠲᠠᠢ ᠪᠤᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ ᠮᠦᠷᠳᠡᠭᠡᠨ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠭᠳᠠᠭᠠᠭᠰᠠᠨ ᠴᠠᠭ᠂ ᠵᠠᠮ ᠱᠤᠭᠤᠮ᠂ ᠬᠤᠷᠳᠤᠴᠠ ᠪᠠᠷ ᠶᠠᠪᠤᠬᠤ ᠬᠡᠷᠡᠭᠳᠠᠢ᠃ ᠲᠡᠷᠭᠡ ᠶᠢᠨ ᠡᠵᠡᠨ ᠪᠤᠶᠤ ᠡᠵᠡᠩᠨᠡᠭᠴᠢ ᠨᠢ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠵᠤᠬᠢᠴᠠᠩᠭᠤᠢ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠠᠪᠬᠤ ᠮᠦᠷᠳᠡᠭᠡᠨ ᠡᠭᠦᠨ ᠠᠴᠠ ᠪᠤᠯᠤᠭᠰᠠᠨ ᠠᠯᠢᠪᠠ ᠵᠠᠷᠤᠳᠠᠯ ᠢ ᠬᠠᠷᠢᠭᠤᠴᠠᠨ᠎ᠠ᠃ ᠬᠤᠬᠢᠷᠠᠯ ᠤᠴᠠᠷᠠᠭᠤᠯᠤᠭᠰᠠᠨ ᠪᠠᠶᠢᠪᠠᠯ᠂ ᠰᠡᠯᠪᠢᠨ ᠵᠠᠰᠠᠬᠤ ᠳᠤ ᠬᠡᠷᠡᠭᠰᠡᠬᠦ ᠵᠠᠷᠤᠳᠠᠯ ᠢ ᠡᠭᠦᠷᠭᠡᠯᠡᠨ᠎ᠡ᠃      ᠬᠤᠳᠠ ᠶᠢᠨ ᠬᠤᠷᠳᠤᠨ ᠵᠠᠮ ᠲᠡᠭᠡᠷ᠎ᠡ ᠲᠤᠮᠤ ᠠᠴᠢᠶᠠᠨ ᠤ ᠮᠠᠰᠢᠨ ᠶᠠᠪᠤᠬᠤ ᠶᠢ ᠴᠠᠭᠠᠵᠠᠯᠠᠨ᠎ᠠ᠂ ᠴᠠᠰᠤ ᠬᠠᠶᠢᠯᠠᠭᠤᠯᠬᠤ ᠡᠳ᠋ ᠬᠡᠷᠡᠭᠯᠡᠬᠦ ᠶᠢ ᠴᠠᠭᠠᠵᠠᠯᠠᠨ᠎ᠠ᠃      ᠭᠤᠴᠢᠳᠤᠭᠠᠷ ᠵᠦᠢᠯ   ᠦᠨᠡᠨ ᠬᠦ ᠤᠤᠯ ᠤᠨ ᠵᠢᠷᠤᠭ ᠲᠦᠯᠦᠪᠯᠡᠭᠡ ᠶᠢᠨ ᠪᠠᠷᠢᠮᠵᠢᠶ᠎ᠠ ᠠᠴᠠ ᠲᠠᠪᠠᠨ ᠬᠤᠳᠠ ᠶᠢᠨ ᠵᠠᠮ ᠤᠨ ᠪᠡᠯᠡᠳᠭᠡᠮᠵᠢ ᠶᠢ ᠬᠡᠷᠡᠭᠯᠡᠬᠦ ᠴᠢᠬᠤᠯᠠ ᠲᠠᠢ ᠪᠤᠯ ᠬᠤᠯᠪᠤᠭᠳᠠᠯ ᠪᠦᠬᠦᠢ ᠨᠢᠭᠡᠴᠢ ᠪᠤᠶᠤ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠨ ᠨᠤᠳᠠᠯᠠᠵᠤ᠂ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ ᠬᠡᠷᠡᠭᠳᠠᠢ᠃      ᠭᠤᠴᠢᠨ ᠨᠢᠭᠡᠳᠦᠭᠡᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠨ᠂ ᠨᠡᠭᠡᠭᠡᠯᠳᠡ ᠶᠢᠨ ᠲᠤᠭᠤᠷᠢᠭ᠂ ᠰᠠᠭᠤᠭᠠᠯᠢ ᠠᠷᠠᠳ ᠤᠨ ᠲᠤᠭᠤᠷᠢᠭ ᠲᠠᠬᠢ ᠵᠠᠮ ᠤᠨ ᠪᠡᠯᠡᠳᠭᠡᠮᠵᠢ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ ᠨᠢ ᠬᠤᠳᠠ ᠶᠢᠨ ᠵᠠᠮ ᠤᠨ ᠪᠡᠯᠡᠳᠭᠡᠮᠵᠢ ᠶᠢᠨ ᠲᠤᠰᠬᠠᠢ ᠮᠡᠷᠭᠡᠵᠢᠯ ᠤᠨ ᠲᠦᠯᠦᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠤᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠬᠤ ᠶᠢᠨ ᠬᠠᠮᠳᠤ᠂ ᠨᠢᠭᠡ ᠮᠢᠩᠭᠠᠨ ᠲᠦᠭᠦᠷᠢᠭ ᠠᠴᠠ ᠲᠡᠭᠡᠭᠰᠢ ᠲᠠᠪᠤᠨ ᠮᠢᠩᠭᠠᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ᠃      ᠭᠤᠴᠢᠨ ᠬᠤᠶᠠᠳᠤᠭᠠᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠨ᠂ ᠬᠠᠤᠯᠢ ᠪᠠᠷ ᠲᠤᠭᠳᠠᠭᠠᠭᠰᠠᠨ ᠶᠠᠪᠤᠴᠠ ᠲᠠᠷᠠᠭᠠᠯᠠᠯ ᠶᠤᠰᠤᠭᠠᠷ ᠪᠠᠷᠢᠯᠭ᠎ᠠ ᠶᠢᠨ ᠠᠵᠢᠯ ᠲᠡᠭᠦᠰᠦᠭᠰᠡᠨ ᠢ ᠲᠤᠰᠢᠶᠠᠬᠤ ᠪᠠ ᠬᠦᠯᠢᠶᠡᠵᠤ ᠠᠪᠬᠤ ᠭᠠᠷ ᠭᠦᠢᠴᠡᠳᠭᠡᠯ ᠬᠢᠭᠰᠡᠨ ᠦᠭᠡᠢ ᠪᠤᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠵᠤ᠂ ᠨᠢᠭᠡ ᠮᠢᠩᠭᠠᠨ ᠲᠦᠭᠦᠷᠢᠭ ᠠᠴᠠ ᠲᠡᠭᠡᠭᠰᠢ ᠪᠠᠷᠢᠯᠭ᠎ᠠ ᠶᠢᠨ ᠦᠷᠳᠡᠭ ᠤᠨ ᠵᠠᠭᠤᠨ ᠤ ᠬᠤᠶᠠᠷ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ᠃      ᠬᠢᠷᠢ ᠲᠡᠩᠴᠡᠭᠰᠡᠨ ᠡᠰᠡᠬᠦ ᠪᠠᠨ ᠬᠢᠨᠠᠨ ᠬᠤᠷᠢᠶᠠᠯᠭᠠᠭᠰᠠᠨ ᠦᠭᠡᠢ ᠪᠠᠷ ᠲᠤᠷ᠎ᠠ ᠪᠠᠷ ᠢᠶᠠᠨ ᠲᠤᠰᠢᠶᠠᠨ ᠬᠡᠷᠡᠭᠯᠡᠭᠦᠯᠦᠭᠡᠳ᠂ ᠬᠤᠬᠢᠷᠠᠯ ᠭᠠᠷᠤᠭᠰᠠᠨ ᠪᠤᠯ ᠪᠦᠳᠦᠭᠡᠨ ᠪᠠᠶᠢᠭᠤᠯᠤᠯᠳᠠ ᠶᠢᠨ ᠨᠢᠭᠡᠴᠢ ᠵᠤᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ᠃      ᠭᠤᠴᠢᠨ ᠭᠤᠷᠪᠠᠳᠤᠭᠠᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠨ᠂ ᠬᠤᠳᠠ ᠶᠢᠨ ᠵᠠᠮ ᠤᠨ ᠪᠡᠯᠡᠳᠭᠡᠮᠵᠢ ᠶᠢ ᠴᠠᠭ ᠲᠤᠬᠠᠢ ᠳᠤᠨᠢ ᠬᠠᠮᠠᠭᠠᠯᠠᠵᠤ ᠵᠠᠰᠠᠭᠰᠠᠨ ᠦᠭᠡᠢ᠂ ᠪᠤᠰᠤᠳ ᠤᠨ ᠪᠡᠶ᠎ᠡ ᠮᠠᠬᠠᠪᠤᠳ ᠢ ᠰᠢᠷᠠᠭᠳᠤᠭᠤᠯᠬᠤ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠤᠯ ᠬᠤᠳᠠ ᠶᠢᠨ ᠶᠠᠪᠤᠳᠠᠯ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠤᠯᠢ ᠶᠤᠰᠤᠭᠠᠷ ᠬᠤᠯᠪᠤᠭᠳᠠᠯ ᠪᠦᠬᠦᠢ ᠲᠦᠯᠦᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃      ᠭᠤᠴᠢᠨ ᠲᠦᠷᠪᠡᠳᠦᠭᠡᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠨ᠂ ᠲᠦᠯᠦᠪᠵᠢᠭᠦᠯᠭᠡ ᠶᠢᠨ ᠵᠠᠮ ᠤᠨ ᠤᠯᠠᠭᠠᠨ ᠱᠤᠭᠤᠮ ᠪᠠ ᠪᠠᠷᠢᠯᠭ᠎ᠠ ᠶᠢᠨ ᠭᠠᠳᠠᠷ ᠲᠠᠯ᠎ᠠ ᠬᠦᠷᠳᠡᠯᠡᠬᠢ ᠶᠢᠨ ᠨᠡᠭᠡᠭᠡᠯᠳᠡᠳᠦ ᠲᠠᠯᠠᠪᠦᠷ ᠢ ᠪᠠᠷᠢᠮᠵᠢᠶ᠎ᠠ ᠶᠤᠰᠤᠭᠠᠷ ᠬᠠᠮᠠᠭᠠᠯᠠᠵᠤ ᠬᠠᠮᠢᠶᠠᠷᠤᠭᠰᠠᠨ ᠦᠭᠡᠢ ᠪᠤᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠵᠤ᠂ ᠬᠤᠶᠠᠷ ᠮᠢᠩᠭᠠᠨ ᠲᠦᠭᠦᠷᠢᠭ ᠠᠴᠠ ᠲᠡᠭᠡᠭᠰᠢ ᠨᠢᠭᠡ ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ᠃      ᠭᠤᠴᠢᠨ ᠲᠠᠪᠤᠳᠤᠭᠠᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠨ᠂ ᠬᠤᠳᠠ ᠶᠢᠨ ᠵᠠᠮ ᠲᠡᠭᠡᠷ᠎ᠡ ᠪᠠᠶᠢᠭᠤᠯᠤᠭᠰᠠᠨ ᠡᠯ᠎ᠡ ᠵᠦᠢᠯ ᠤᠨ ᠬᠤᠭᠤᠯᠠᠢ ᠶᠢ ᠪᠠᠶᠢᠴᠠᠭᠠᠬᠤ ᠬᠤᠳᠳᠤᠭ ︵ᠬᠠᠶᠢᠷᠴᠠᠭ︶ ᠵᠢᠴᠢ ᠲᠠᠭᠠᠯᠳᠤᠯ ᠪᠡᠯᠡᠳᠭᠡᠮᠵᠢ ᠲᠤᠳᠠᠭᠰᠠᠨ ᠪᠤᠶᠤ ᠰᠠᠭᠤᠵᠤ ᠲᠤᠷᠤᠭᠰᠢᠯᠠᠭᠰᠠᠨ ᠠᠴᠠ ᠪᠤᠯᠵᠤ ᠵᠠᠮ ᠬᠠᠷᠢᠯᠴᠠᠭᠠᠨ ᠤ ᠠᠮᠤᠷ ᠲᠦᠪᠰᠢᠨ ᠢ ᠨᠦᠯᠦᠭᠡᠯᠡᠬᠦ ᠦᠶᠡᠰ᠂ ᠬᠤᠯᠪᠤᠭᠳᠠᠯ ᠪᠦᠬᠦᠢ ᠦᠮᠴᠢᠯᠡᠬᠦ ᠡᠷᠬᠡ ᠲᠠᠢ ᠨᠢᠭᠡᠴᠢ ᠴᠠᠭ ᠲᠤᠬᠠᠢ ᠳᠤᠨᠢ ᠲᠤᠳᠠᠭᠤ ᠶᠢ ᠨᠦᠬᠦᠵᠤ ᠰᠡᠯᠪᠢᠨ ᠵᠠᠰᠠᠭᠰᠠᠨ ᠦᠭᠡᠢ ᠠᠴᠠ ᠪᠤᠯᠵᠤ ᠪᠤᠰᠤᠳ ᠬᠦᠮᠦᠨ ᠤ ᠪᠡᠶ᠎ᠡ ᠮᠠᠬᠠᠪᠤᠳ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠤᠯ᠂ ᠦᠮᠴᠢᠯᠡᠬᠦ ᠡᠷᠬᠡ ᠲᠠᠢ ᠨᠢᠭᠡᠴᠢ ᠠᠴᠠ ᠬᠠᠤᠯᠢ ᠶᠤᠰᠤᠭᠠᠷ ᠲᠦᠯᠦᠪᠦᠷᠢ ᠦᠭᠬᠦ ᠬᠡᠷᠡᠭᠳᠠᠢ᠃      ᠭᠤᠴᠢᠨ ᠵᠢᠷᠭᠤᠳᠤᠭᠠᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠨ᠂ ᠵᠦᠪᠰᠢᠶᠡᠷᠡᠯ ᠠᠪᠤᠭᠰᠠᠨ ᠦᠭᠡᠢ ᠪᠠᠷ ᠬᠤᠳᠠ ᠶᠢᠨ ᠵᠠᠮ ᠤᠨ ᠪᠡᠯᠡᠳᠭᠡᠮᠵᠢ ᠶᠢ ᠡᠵᠡᠯᠡᠨ ᠬᠡᠷᠡᠭᠯᠡᠪᠡᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶ᠋ᠷᠬᠤ ᠰᠠᠯᠠᠭ᠎ᠠ ᠮᠦᠴᠢᠷ ᠠᠴᠠ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠵᠤ᠂ ᠤᠤᠯ ᠪᠠᠶᠢᠳᠠᠯ ᠢ ᠨᠢ ᠰᠡᠷᠭᠦᠭᠡᠵᠤ᠂ ᠬᠤᠬᠢᠷᠠᠯ ᠢ ᠨᠢ ᠲᠦᠯᠦᠪᠦᠷᠢᠯᠡᠭᠦᠯᠵᠤ᠂ ᠵᠠᠮ ᠢ ᠮᠠᠯᠳᠠᠭᠠᠳ ᠵᠠᠰᠠᠨ ᠰᠡᠷᠭᠦᠭᠡᠬᠦ ᠰᠦᠢᠳᠭᠡᠯ ᠢ ᠨᠦᠬᠦᠨ ᠲᠤᠰᠢᠶᠠᠯᠭᠠᠬᠤ ᠶᠢᠨ ᠬᠠᠮᠳᠤ᠂ ᠬᠤᠶᠠᠷ ᠮᠢᠩᠭᠠᠨ ᠲᠦᠭᠦᠷᠢᠭ ᠠᠴᠠ ᠲᠡᠭᠡᠭᠰᠢ ᠨᠢᠭᠡ ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ᠃      ᠭᠤᠴᠢᠨ ᠲᠤᠯᠤᠳᠤᠭᠠᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠭᠰᠡᠨ᠂ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠵᠤ᠂ ᠨᠢᠭᠡ ᠮᠢᠩᠭᠠᠨ ᠲᠦᠭᠦᠷᠢᠭ ᠠᠴᠠ ᠲᠡᠭᠡᠭᠰᠢ ᠬᠤᠶᠠᠷ ᠮᠢᠩᠭᠠᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ      ᠬᠤᠳᠠ ᠶᠢᠨ ᠵᠠᠮ ᠤᠨ ᠪᠡᠯᠡᠳᠭᠡᠮᠵᠢ ᠳᠤ ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠄      ︵ᠨᠢᠭᠡ︶ ᠬᠤᠳᠠ ᠶᠢᠨ ᠵᠠᠮ ᠤᠨ ᠪᠡᠯᠡᠳᠭᠡᠮᠵᠢ ᠶᠢ ᠲᠤᠷ᠎ᠠ ᠪᠠᠷ ᠢᠶᠠᠨ ᠨᠤᠷᠠᠭᠠᠵᠤ ᠨᠡᠭᠦᠯᠭᠡᠬᠦ︔      ︵ᠬᠤᠶᠠᠷ︶ ᠬᠤᠳᠠ ᠶᠢᠨ ᠵᠠᠮ ᠤᠨ ᠭᠡᠷᠡᠯᠳᠦᠭᠦᠯᠭᠡ ᠶᠢᠨ ᠪᠡᠯᠡᠳᠭᠡᠮᠵᠢ ᠶᠢᠨ ᠴᠠᠬᠢᠯᠭᠠᠨ ᠡᠭᠦᠰᠭᠡᠭᠴᠢ ᠶᠢ ᠲᠤᠷ᠎ᠠ ᠪᠠᠷ ᠢᠶᠠᠨ ᠵᠠᠯᠭᠠᠨ ᠬᠡᠷᠡᠭᠯᠡᠬᠦ︔      ︵ᠭᠤᠷᠪᠠ︶ ᠪᠠᠷᠠᠭᠠᠨ ᠤ ᠲᠡᠷᠭᠡ ᠬᠤᠭ ᠨᠤᠪᠰᠢ᠂ ᠡᠯᠡᠰᠤ ᠴᠢᠯᠠᠭᠤ ᠵᠡᠷᠭᠡ ᠪᠤᠳᠠᠰ ᠢ ᠵᠠᠳᠠᠭᠠᠢ ᠲᠡᠭᠡᠪᠦᠷᠢᠯᠡᠭᠡᠳ ᠲᠡᠭᠡᠭᠡᠭᠰᠡᠨ ᠶᠠᠭᠤᠮ᠎ᠠ ᠨᠢ ᠠᠰᠬᠠᠭᠳᠠᠵᠤ ᠪᠤᠳᠠᠷᠠᠨ ᠵᠠᠮ ᠢ ᠪᠤᠵᠠᠷᠳᠤᠭᠤᠯᠬᠤ︔      ︵ᠲᠦᠷᠪᠡ︶ ᠬᠤᠳᠠ ᠶᠢᠨ ᠵᠠᠮ ᠤᠨ ᠪᠡᠯᠡᠳᠭᠡᠮᠵᠢ ᠶᠢ ᠡᠪᠳᠡᠬᠦ ᠪᠤᠰᠤᠳ ᠠᠵᠢᠯᠯᠠᠭ᠎ᠠ᠃      ᠭᠤᠴᠢᠨ ᠨᠠᠢᠮᠠᠳᠤᠭᠠᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠭᠰᠡᠨ᠂ ᠲᠤᠤᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠬᠤ ᠶᠢᠨ ᠬᠠᠮᠳᠤ᠂ ᠬᠤᠶᠠᠷ ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ᠃ ᠪᠤᠰᠤᠳ ᠬᠦᠮᠦᠨ ᠤ ᠪᠡᠶ᠎ᠡ ᠮᠠᠬᠠᠪᠤᠳ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠤᠯ ᠬᠤᠳᠠ ᠶᠢᠨ ᠵᠠᠮ ᠢ ᠮᠠᠯᠳᠠᠭᠰᠠ᠂ ᠡᠵᠡᠯᠡᠵᠤ ᠬᠡᠷᠡᠭᠯᠡᠭᠰᠡᠨ ᠡᠳᠡᠭᠡᠳ ᠲᠦᠯᠦᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠡ︔ ᠬᠦᠨᠳᠦ ᠨᠤᠴᠢᠳᠠᠢ ᠦᠷ᠎ᠡ ᠳ᠋ᠦᠩ ᠭᠠᠷᠭᠠᠭᠰᠠᠨ ᠪᠤᠯ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠄      ︵ᠨᠢᠭᠡ︶ ᠬᠤᠳᠠ ᠶᠢᠨ ᠵᠠᠮ ᠤᠨ ᠪᠡᠯᠡᠳᠭᠡᠮᠵᠢ ᠶᠢ ᠬᠡᠪᠴᠢᠶ᠎ᠡ ᠠᠴᠠ ᠬᠡᠳᠦᠷᠡᠭᠦᠯᠦᠨ᠂ ᠬᠤᠭᠤᠴᠠᠭ᠎ᠠ ᠠᠴᠠ ᠬᠡᠳᠦᠷᠡᠭᠦᠯᠦᠨ ᠮᠠᠯᠳᠠᠬᠤ ᠪᠤᠶᠤ ᠡᠵᠡᠯᠡᠬᠦ︔      ︵ᠬᠤᠶᠠᠷ︶ ᠬᠤᠳᠠ ᠶᠢᠨ ᠵᠠᠮ ᠤᠨ ᠪᠡᠯᠡᠳᠭᠡᠮᠵᠢ ᠶᠢ ᠮᠠᠯᠳᠠᠬᠤ ᠪᠤᠶᠤ ᠡᠵᠡᠯᠡᠬᠦ ᠳᠡᠭᠡᠨ ᠲᠤᠭᠳᠠᠭᠠᠯ ᠶᠤᠰᠤᠭᠠᠷ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠯᠬᠠᠪᠴᠢ ᠪᠠ ᠰᠡᠷᠡᠮᠵᠢ ᠶᠢᠨ ᠫᠠᠶᠢᠰᠠ ᠪᠤᠰᠬᠠᠭᠰᠠᠨ ᠦᠭᠡᠢ︔      ︵ᠭᠤᠷᠪᠠ︶ ᠮᠠᠯᠳᠠᠵᠤ ᠪᠠᠷᠠᠭᠠᠳ ᠠᠵᠢᠯ ᠲᠠᠭᠤᠰᠤᠭᠰᠠᠨ ᠤ ᠲᠠᠷᠠᠭ᠎ᠠ ᠲᠤᠭᠳᠠᠭᠠᠯ ᠶᠤᠰᠤᠭᠠᠷ ᠪᠦᠭᠯᠡᠵᠤ ᠪᠤᠯᠠᠭᠰᠠᠨ ᠦᠭᠡᠢ︔      ︵ᠲᠦᠷᠪᠡ︶ ᠮᠠᠯᠳᠠᠵᠤ᠂ ᠡᠵᠡᠯᠡᠵᠤ ᠲᠠᠭᠤᠰᠤᠭᠰᠠᠨ ᠤ ᠰᠡᠭᠦᠯᠡᠷ ᠴᠠᠭ ᠲᠤᠬᠠᠢ ᠳᠤᠨᠢ ᠲᠤᠬᠠᠢ ᠶᠢᠨ ᠭᠠᠵᠠᠷ ᠢ ᠴᠡᠪᠡᠷᠯᠡᠵᠤ ᠲᠦᠷ ᠴᠠᠭ ᠤᠨ ᠪᠡᠯᠡᠳᠭᠡᠮᠵᠢ ᠶᠢ ᠠᠪᠴᠤ ᠬᠠᠶᠠᠭᠰᠠᠨ ᠦᠭᠡᠢ᠃      ᠭᠤᠴᠢ ᠶᠢᠰᠦᠳᠦᠭᠡᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠨ᠂ ᠬᠤᠳᠠ ᠶᠢᠨ ᠭᠠᠵᠠᠷ ᠲᠤᠤᠷᠠᠬᠢ ᠬᠤᠭᠤᠯᠠᠢ ᠤᠳᠠᠰᠤ ᠶᠢ ᠦᠮᠴᠢᠯᠡᠬᠦ ᠡᠷᠬᠡ ᠲᠠᠢ ᠨᠢᠭᠡᠴᠢ ᠵᠦᠪᠰᠢᠶᠡᠷᠡᠬᠦ ᠭᠠᠷᠳᠠᠮ ᠢ ᠨᠦᠭᠦᠨ ᠭᠦᠢᠴᠡᠳᠭᠡᠭᠰᠡᠨ ᠦᠭᠡᠢ ᠪᠤᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠵᠤ᠂ ᠬᠤᠶᠠᠷ ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ᠃      ᠲᠦᠴᠢᠳᠦᠭᠡᠷ ᠵᠦᠢᠯ   ᠲᠤᠰ ᠲᠦᠷᠢᠮ ᠤᠨ ᠲᠤᠭᠳᠠᠭᠠᠯ ᠠᠴᠠ ᠵᠦᠷᠢᠴᠡᠨ᠂ ᠲᠤᠷ᠎ᠠ ᠪᠠᠷ ᠢᠶᠠᠨ ᠤᠤᠯ ᠤᠨ ᠲᠦᠯᠦᠪᠯᠡᠭᠡ ᠶᠢᠨ ᠪᠠᠷᠢᠮᠵᠢᠶ᠎ᠠ ᠠᠴᠠ ᠬᠡᠳᠦᠷᠡᠭᠦᠯᠦᠨ ᠬᠤᠳᠠ ᠶᠢᠨ ᠵᠠᠮ ᠤᠨ ᠪᠡᠯᠡᠳᠭᠡᠮᠵᠢ ᠶᠢ ᠬᠡᠷᠡᠭᠯᠡᠭᠰᠡᠨ ᠪᠤᠯ ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠳᠤ ᠬᠤᠶᠠᠷ ᠮᠢᠩᠭᠠᠨ ᠲᠦᠭᠦᠷᠢᠭ ᠠᠴᠠ ᠲᠡᠭᠡᠭᠰᠢ ᠨᠢᠭᠡ ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔ ᠬᠤᠳᠠ ᠶᠢᠨ ᠪᠡᠯᠡᠳᠭᠡᠮᠵᠢ ᠳᠤ ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠡ᠃      ᠲᠦᠴᠢᠨ ᠨᠢᠭᠡᠳᠦᠭᠡᠷ ᠵᠦᠢᠯ   ᠬᠤᠳᠠ ᠶᠢᠨ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠨ ᠬᠢᠭᠡᠳ ᠪᠤᠰᠤᠳ ᠬᠤᠯᠪᠤᠭᠳᠠᠯ ᠪᠦᠬᠦᠢ ᠨᠢᠭᠡᠴᠢ ᠶᠢᠨ ᠠᠵᠢᠯᠳᠠᠨ ᠲᠤᠰ ᠲᠦᠷᠢᠮ ᠤᠨ ᠲᠤᠭᠳᠠᠭᠠᠯ ᠠᠴᠠ ᠵᠦᠷᠢᠴᠡᠵᠤ᠂ ᠵᠠᠮ ᠤᠨ ᠪᠡᠯᠡᠳᠭᠡᠮᠵᠢ ᠶᠢᠨ ᠬᠠᠮᠢᠶᠠᠷᠤᠯᠳᠠ ᠶᠢᠨ ᠠᠵᠢᠯᠯᠠᠭ᠎ᠠ ᠲᠤᠮᠳᠠ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠶᠢ ᠬᠢᠪᠡᠯ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠤᠯᠭᠤᠨ᠎ᠠ︔ ᠬᠤᠬᠢᠷᠠᠯ ᠤᠴᠠᠷᠠᠭᠤᠯᠤᠭᠰᠠᠨ ᠪᠤᠯ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠦᠨᠳᠦᠰᠦᠯᠡᠨ ᠬᠤᠳᠠ ᠶᠢᠨ ᠲᠦᠯᠦᠪᠵᠢᠭᠦᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤ ᠬᠤᠳᠠ ᠶᠢᠨ ᠵᠠᠮ ᠤᠨ ᠪᠡᠯᠡᠳᠭᠡᠮᠵᠢ ᠶᠢᠨ ᠲᠤᠰᠬᠠᠢ ᠲᠦᠯᠦᠪᠵᠢᠭᠦᠯᠭᠡ ᠶᠢ ᠨᠠᠶᠢᠷᠠᠭᠤᠯᠤᠭᠰᠠᠨ ᠦᠭᠡᠢ ᠵᠢᠴᠢ ᠬᠤᠳᠠ ᠶᠢᠨ ᠵᠠᠮ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠪᠠ ᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠶᠢ ᠨᠠᠶᠢᠷᠠᠭᠤᠯᠤᠭᠰᠠᠨ ᠦᠭᠡᠢ︔      ︵ᠬᠤᠶᠠᠷ︶ ᠵᠠᠮ ᠤᠨ ᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠶᠤᠰᠤᠭᠠᠷ ᠬᠡᠷᠡᠭᠵᠢᠭᠦᠯᠦᠭᠰᠡᠨ ᠦᠭᠡᠢ᠂ ᠬᠤᠳᠠ ᠶᠢᠨ ᠵᠠᠮ ᠢ ᠡᠵᠡᠯᠡᠨ ᠬᠡᠷᠡᠭᠯᠡᠬᠦ᠂ ᠮᠠᠯᠳᠠᠬᠤ ᠭᠤᠶᠤᠴᠢᠯᠠᠯ ᠢ ᠬᠠᠤᠯᠢ ᠠᠴᠠ ᠵᠦᠷᠢᠴᠡᠨ ᠵᠦᠪᠰᠢᠶᠡᠷᠡᠭᠰᠡᠨ︔      ︵ᠭᠤᠷᠪᠠ︶ ᠮᠠᠯᠳᠠᠭᠰᠠᠨ ᠵᠠᠮ ᠢ ᠰᠡᠷᠭᠦᠭᠡᠬᠦ ᠰᠦᠢᠳᠭᠡᠯ ᠢ ᠲᠤᠭᠳᠠᠭᠠᠯ ᠶᠤᠰᠤᠭᠠᠷ ᠬᠤᠷᠢᠶᠠᠭᠰᠠᠨ ᠦᠭᠡᠢ ᠪᠤᠶᠤ ᠬᠠᠤᠯᠢ ᠠᠴᠠ ᠵᠦᠷᠢᠴᠡᠨ ᠰᠢᠯᠵᠢᠭᠦᠯᠦᠨ ᠬᠡᠷᠡᠭᠯᠡᠭᠰᠡᠨ︔      ︵ᠲᠦᠷᠪᠡ︶ ᠵᠠᠮ ᠮᠠᠯᠳᠠᠬᠤ ᠪᠠᠷᠢᠯᠭ᠎ᠠ ᠲᠠᠭᠤᠰᠤᠭᠰᠠᠨ ᠤ ᠲᠠᠷᠠᠭ᠎ᠠ ᠴᠠᠭ ᠲᠠᠷᠤᠢ ᠳᠤᠨᠢ ᠵᠠᠮ ᠢ ᠰᠡᠷᠭᠦᠭᠡᠨ ᠵᠠᠰᠠᠭᠰᠠᠨ ᠦᠭᠡᠢ︔      ︵ᠲᠠᠪᠤ︶ ᠲᠤᠭᠳᠠᠭᠠᠯ ᠶᠤᠰᠤᠭᠠᠷ ᠰᠤᠨᠢᠨ ᠮᠡᠳᠡᠭᠡ ᠵᠠᠭᠤᠴᠢᠯᠠᠭᠤᠷ ᠲᠡᠭᠡᠷ᠎ᠡ ᠪᠠᠷᠢᠯᠭ᠎ᠠ ᠶᠢᠨ ᠮᠡᠳᠡᠭᠳᠡᠯ᠂ ᠵᠠᠮ ᠨᠡᠪᠳᠡᠷᠡᠭᠦᠯᠬᠦ ᠲᠦᠰᠦᠯ ᠪᠠ ᠨᠡᠶᠢᠳᠡ ᠶᠢᠨ ᠮᠠᠰᠢᠨ ᠤ ᠶᠠᠪᠤᠬᠤ ᠵᠠᠮ ᠤᠨ ᠲᠤᠬᠢᠷᠠᠭᠤᠯᠤᠯᠳᠠ ᠶᠢᠨ ᠲᠦᠰᠦᠯ ᠢ ᠨᠡᠶᠢᠳᠡᠯᠡᠭᠰᠡᠨ ᠦᠭᠡᠢ︔      ︵ᠵᠢᠷᠭᠤᠭ᠎ᠠ︶ ᠵᠠᠮ ᠢ ᠡᠵᠡᠯᠡᠨ ᠬᠡᠷᠡᠭᠯᠡᠭᠰᠡᠨ᠂ ᠮᠠᠯᠳᠠᠭᠰᠠᠨ ᠦᠢᠯᠡ ᠠᠵᠢᠯᠯᠠᠭ᠎ᠠ ᠳᠤ ᠲᠤᠭᠳᠠᠭᠠᠯ ᠶᠤᠰᠤᠭᠠᠷ ᠬᠢᠨᠠᠯᠳᠠ ᠬᠠᠮᠢᠶᠠᠷᠤᠯᠳᠠ ᠬᠢᠭᠰᠡᠨ ᠦᠭᠡᠢ︔      ︵ᠲᠤᠯᠤᠭ᠎ᠠ︶ ᠠᠯᠪᠠᠨ ᠲᠤᠰᠢᠶᠠᠯ ᠳᠠᠭᠠᠨ ᠠᠯᠮᠠᠶᠢᠷᠠᠨ ᠤᠰᠤᠯᠳᠠᠭᠰᠠᠨ᠂ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠭᠰᠡᠨ ᠪᠠ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃      ᠲᠦᠴᠢᠨ ᠬᠤᠶᠠᠳᠤᠭᠠᠷ ᠵᠦᠢᠯ   ᠡᠯ᠎ᠡ ᠬᠤᠰᠢᠭᠤ ᠰᠢᠶᠠᠨ ᠤ ᠪᠠᠶᠢᠭᠤᠯᠤᠮᠵᠢᠳᠤ ᠪᠠᠯᠭᠠᠰᠤᠨ ᠤ ᠬᠤᠳᠠ ᠶᠢᠨ ᠵᠠᠮ ᠤᠨ ᠪᠡᠯᠡᠳᠭᠡᠮᠵᠢ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠳᠤ ᠲᠤᠰ ᠲᠦᠷᠢᠮ ᠢ ᠯᠠᠪᠯᠠᠯᠳᠠ ᠪᠤᠯᠭᠠᠵᠤ ᠬᠡᠷᠡᠭᠵᠢᠭᠦᠯᠦᠨ᠎ᠡ᠃      ᠲᠦᠴᠢᠨ ᠭᠤᠷᠪᠠᠳᠤᠭᠠᠷ ᠵᠦᠢᠯ   ᠲᠤᠰ ᠲᠦᠷᠢᠮ ᠢ 2006 ᠤᠨ ᠤ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠪᠠᠶᠢᠩᠭᠤ  ᠶᠢᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号