ᠬᠦᠭᠡᠬᠤᠲᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠵᠤ ᠪᠤᠢ
ᠨᠡᠶᠢᠲᠡᠯᠡᠭᠰᠡᠨ ᠴᠠᠭ᠄
2018-06-07
     ᠤᠢᠢᠷ᠎ᠠ ᠳᠤ᠂ ᠬᠦᠭᠡᠬᠤᠲᠠ ᠪᠦᠬᠦ ᠬᠤᠲᠠ ᠶᠢᠨ 9 ᠬᠤᠰᠢᠭᠤ ᠰᠢᠶᠠᠨ ᠲᠤᠭᠤᠷᠢᠭ᠂1 ᠨᠡᠭᠡᠭᠡᠯᠲᠡ ᠶᠢᠨ ᠤᠷᠤᠨ ᠳᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠬᠦ ᠲᠤᠰᠬᠠᠢ ᠠᠵᠢᠯᠯᠠᠭ᠎ᠠ ᠦᠷᠨᠢᠬᠦᠯᠵᠤ᠂ ᠨᠡᠶᠢᠲᠡ 616 ᠪᠤᠯᠪᠠᠰᠤᠷᠠᠭᠤᠯᠤᠯ ᠤᠨ ᠪᠠᠶᠢᠭᠤᠯᠤᠮᠵᠢ ᠶᠢ ᠪᠦᠷᠢᠳᠭᠡᠨ ᠪᠠᠶᠢᠴᠠᠭᠠᠵᠠᠢ᠂ ᠡᠬᠦᠨ ᠤ ᠲᠤᠳᠤᠷ᠎ᠠ 275 ᠪᠠᠶᠢᠭᠤᠯᠤᠮᠵᠢ ᠳᠤᠨᠢ ᠠᠰᠠᠭᠤᠳᠠᠯ ᠤᠷᠤᠰᠢᠵᠤ ᠪᠠᠶᠢᠬᠤ ᠪᠦᠭᠡᠳ ᠲᠠᠷᠠᠭᠠᠴᠢ ᠶᠢᠨ ᠠᠯᠬᠤᠮ ᠳᠤ ᠲᠦᠪᠯᠡᠷᠡᠩᠬᠦᠢ ᠴᠡᠭᠴᠡᠯᠡᠨ ᠵᠠᠰᠠᠬᠤ ᠪᠠᠷ ᠪᠠᠶᠢᠨ᠎ᠠ᠃            ᠬᠦᠭᠡᠬᠤᠲᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠦᠪᠯᠡᠯ ᠤᠨ ᠰᠤᠷᠭᠠᠨ ᠬᠦᠮᠦᠵᠢᠯ ᠤᠨ ᠲᠤᠪᠴᠢᠶ᠎ᠠ ᠳᠤ ᠰᠠᠭᠤᠭ᠎ᠠ ᠰᠠᠬᠢᠯᠭ᠎ᠠ ᠪᠠᠳᠤ ᠪᠠᠶᠢᠴᠠᠭᠠᠬᠤ ᠲᠤᠭᠤᠢᠢᠯᠠᠩ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠲᠤᠰᠬᠠᠢ ᠴᠡᠭᠴᠡᠯᠡᠯᠲᠡ ᠶᠢ ᠬᠦᠭᠡᠬᠤᠲᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠠᠴᠠ ᠦᠢᠯᠡᠳᠪᠤᠷᠢ ᠬᠤᠳᠠᠯᠳᠤᠭ᠎ᠠ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠠᠢ ᠬᠠᠮᠳᠤᠷᠠᠨ ᠦᠷᠨᠢᠬᠦᠯᠪᠡ᠃ ᠨᠢᠭᠡ ᠳᠤ ᠂ ᠬᠠᠷᠢᠶ᠎ᠠ ᠤᠷᠤᠨ ᠳᠠᠬᠢ ᠪᠤᠢ ᠪᠦᠬᠦᠢ ᠦᠨᠡᠮᠯᠡᠯ ᠦᠭᠡᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠬ᠎ᠠ ᠲᠠᠷᠠᠭᠠᠯᠠᠨ ᠪᠠᠶᠢᠴᠠᠭᠠᠵᠤ᠂ ᠪᠠᠶᠢᠴᠠᠭᠠᠯᠲᠠ ᠶᠢᠨ ᠪᠠᠶᠢᠳᠠᠯ ᠵᠢᠡᠨ‌‍ᠲ᠋ᠠᠩᠰᠠᠯᠠᠵᠤ ᠲᠡᠪᠳᠡᠷᠯᠡᠨ᠎ᠡ︔ ᠬᠤᠶᠠᠷ ᠲᠤ᠂ ᠬᠠᠷᠢᠶ᠎ᠠ ᠤᠷᠤᠨ ᠳᠠᠬᠢ ᠰᠤᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ ᠲᠠᠢ ᠪᠤᠯᠪᠠᠰᠤᠷᠠᠭᠤᠯᠤᠯ ᠤᠨ ᠪᠠᠶᠢᠭᠤᠯᠤᠮᠵᠢ ᠶᠢ ᠰᠤᠷᠭᠠᠭᠤᠯᠢ ᠲᠠᠷᠠᠭᠠᠯᠠᠨ ᠪᠠᠶᠢᠴᠠᠭᠠᠵᠤ᠂ ᠡᠯ᠎ᠡ ᠰᠤᠷᠭᠠᠭᠤᠯᠢ ᠳᠤ ᠤᠷᠤᠰᠢᠵᠤ ᠪᠠᠶᠢᠭ᠎ᠠ ᠲᠦᠷᠢᠮ ᠠᠴᠠ ᠭᠠᠳᠠᠭᠤᠷ ᠰᠤᠷᠭᠠᠭᠤᠯᠢ ᠡᠷᠬᠢᠯᠡᠬᠦ ᠠᠰᠠᠭᠤᠳᠠᠯ ᠢ ᠪᠦᠷᠢᠳᠭᠡᠨ ᠲᠠᠩᠰᠠᠯᠠᠨ᠎ᠠ︔ ᠭᠤᠷᠪᠠ ᠳᠤ᠂ᠡᠯ᠎ᠡ ᠬᠤᠰᠢᠭᠤ ᠰᠢᠶᠠᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶᠠᠨ ᠤ ᠬᠠᠷᠢᠶᠠᠨ ᠳᠠᠬᠢ ᠲᠤᠮᠳᠠᠳᠤ ᠪᠠᠭ᠎ᠠ ᠰᠤᠷᠭᠠᠭᠤᠯᠢ᠂ ᠰᠢᠭᠤᠳ ᠬᠠᠷᠢᠶᠠᠳᠤ ᠰᠤᠷᠭᠠᠭᠤᠯᠢ ᠶᠢᠨ ︽ᠡᠬᠢᠨ ᠠᠴᠠ ᠨᠢ ᠵᠢᠭᠠᠨ ᠰᠤᠷᠭᠠᠬᠤ︾ ︽ᠬᠢᠴᠢᠶᠡᠯ ᠲᠡᠭᠡᠷ᠎ᠡ ᠵᠢᠭᠠᠬᠤ ᠦᠭᠡᠢ ᠬᠢᠴᠢᠶᠡᠯ ᠤᠨ ᠭᠠᠳᠠᠨ᠎ᠠ ᠵᠢᠭᠠᠬᠤ︾ ᠪᠠᠶᠢᠳᠠᠯ ᠢ ᠠᠩᠬ᠎ᠠ ᠠᠯᠬᠤᠮ ᠪᠦᠷᠢᠳᠭᠡᠨ ᠪᠠᠶᠢᠴᠠᠭᠠᠨ᠎ᠠ᠃ ᠲᠠᠷᠠᠭᠠᠯᠠᠨ ᠪᠠᠶᠢᠴᠠᠭᠠᠬᠤ᠂ ᠲᠦᠪᠯᠡᠷᠡᠬᠦᠯᠦᠨ‌‍ᠴᠡᠭᠴᠡᠯᠡᠬᠦ᠂ ᠰᠢᠪᠠᠳᠠᠨ ᠪᠠᠶᠢᠴᠠᠭᠠᠬᠤ ᠵᠡᠷᠭᠡ ᠠᠵᠢᠯ  ᠢᠶᠠᠷ ᠲᠠᠮᠵᠢᠭᠤᠯᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠮᠬᠢ ᠵᠢᠷᠤᠮ ᠲᠠᠢ  ᠪᠠᠷ ᠰᠤᠷᠭᠠᠭᠤᠯᠢ ᠡᠷᠬᠢᠯᠡᠬᠦ ᠶᠢ ᠱᠠᠭᠠᠷᠳᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠨᠠᠬᠢ ᠲᠠᠷᠤᠭᠠᠰᠤ ᠬᠡᠳᠤ ᠬᠦᠨᠳᠤ ᠪᠠᠶᠢᠭ᠎ᠠ ᠠᠰᠠᠭᠤᠳᠠᠯ ᠢ ᠲᠦᠷᠭᠡᠭᠡᠨ ᠰᠢᠢᠳᠪᠤᠷᠢᠯᠡᠬᠦ ᠪᠠᠷ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号