ᠳ᠋ᠣᠺᠲ᠋ᠣᠷ ᠫᠷᠣᠹᠧᠰᠰᠣᠷ ᠭᠸ᠊·ᠨᠠᠮᠵᠢᠯ ᠤᠨ ︽ᠮᠣᠩᠭᠤᠯ ᠤᠨ ᠡᠷᠳᠡᠨ ᠤ ᠣᠳᠬ᠎ᠠ ᠵᠣᠬᠢᠶᠠᠯ ᠰᠣᠳᠣᠯᠣᠯ︾᠂ ︽ᠮᠣᠩᠭᠤᠯ ᠤᠨ ᠪᠣᠳ᠋ᠳ᠋ᠾᠠ ᠶᠢᠨ ᠱᠠᠰᠢᠨ ᠤ ᠣᠳᠬ᠎ᠠ ᠵᠣᠬᠢᠶᠠᠯ ᠰᠣᠳᠣᠯᠣᠯ︾ ᠬᠤᠶᠠᠷ ᠨᠣᠮ ᠤᠨ ᠺᠢᠷᠢᠯ ᠦᠰᠦᠭ ᠤᠨ ᠬᠡᠪᠯᠡᠯ ᠤᠨ ᠨᠡᠭᠡᠭᠡᠯᠳᠡ ᠶᠢᠨ ᠶᠣᠰᠣᠯᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2018-06-07
     2018 ᠣᠨ ᠤ 6 ᠳ᠋ᠤᠭᠠᠷ ᠰᠠᠷ᠎ᠠ ᠶᠢᠨ1 ᠤ ᠡᠳᠦᠷ ᠤᠨ ᠦᠳᠡ ᠶᠢᠨ ᠬᠤᠶᠢᠨ᠎ᠠ᠂ ᠮᠣᠩᠭᠤᠯ ᠦᠨᠳᠦᠰᠦᠲᠡᠨ ᠤ ᠳᠣᠮᠤᠭ ᠰᠣᠳᠣᠯᠣᠯ ᠤᠨ ᠨᠡᠷᠡᠲᠦ ᠡᠷᠳᠡᠮᠲᠡᠨ᠂ ᠦᠯᠢᠭᠡᠷ ᠰᠣᠳᠣᠯᠣᠭᠴᠢ᠂ ᠮᠣᠩᠭᠤᠯ ᠤᠨ ᠪᠤᠷᠬᠠᠨ ᠱᠠᠰᠢᠨ ᠤ ᠤᠷᠠᠨ ᠵᠣᠬᠢᠶᠠᠯ ‍ᠤᠨ‌‍ᠰᠢᠯᠭᠠᠷᠠᠭᠰᠠᠨ ᠰᠣᠳᠣᠯᠣᠭᠴᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠶᠢᠨ ᠫᠷᠦᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠭᠸ᠊·ᠨᠠᠮᠵᠢᠯ ᠤᠨ ︽ᠮᠣᠩᠭᠤᠯ ᠤᠨ ᠡᠷᠳᠡᠨ ᠤ ᠣᠳᠬ᠎ᠠ ᠵᠣᠬᠢᠶᠠᠯ ᠰᠣᠳᠣᠯᠣᠯ︾᠂ ︽ᠮᠣᠩᠭᠤᠯ ᠤᠨ ᠪᠣᠳ᠋ᠳ᠋ᠾᠠ ᠶᠢᠨ ᠱᠠᠰᠢᠨ ᠤ ᠣᠳᠬ᠎ᠠ ᠵᠣᠬᠢᠶᠠᠯ ᠰᠣᠳᠣᠯᠣᠯ︾ ᠬᠤᠶᠠᠷ ᠨᠣᠮ‌‍ᠤᠨ ᠺᠢᠷᠢᠯ ᠦᠰᠦᠭ ᠤᠨ ᠬᠡᠪᠯᠡᠯ ᠤᠨ ᠨᠡᠭᠡᠭᠡᠯᠳᠡ ᠶᠢᠨ ᠶᠣᠰᠣᠯᠠᠯ ᠪᠡᠭᠡᠵᠢᠩ ᠤᠨ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠶᠠᠪᠤᠭᠳᠠᠪᠠ᠃          ᠲᠤᠰ ᠤᠳᠠᠭᠠᠨ ᠤ ᠬᠤᠷᠠᠯ ᠳᠤ ᠪᠡᠭᠡᠵᠢᠩ ᠶᠡᠭᠡ ᠰᠣᠷᠭᠠᠭᠤᠯᠢ ᠶᠢᠨ ᠭᠠᠳᠠᠭᠠᠳᠣ ᠬᠡᠯᠡᠨ ᠤ ᠶᠡᠭᠡ ᠰᠣᠷᠭᠠᠭᠤᠯᠢ ᠂ ᠲᠣᠮᠳᠠᠳᠣ ᠣᠯᠣᠰ ᠤᠨ ᠨᠡᠶᠢᠭᠡᠮ ᠤᠨ ᠰᠢᠨᠵᠢᠯᠡᠬᠦ ᠣᠬᠠᠭᠠᠨ ᠤ ᠬᠦᠷᠢᠶᠡᠯᠡᠩ ᠤᠨ ᠦᠨᠳᠦᠰᠦᠲᠡᠨ ᠤ ᠣᠳᠬ᠎ᠠ ᠵᠣᠬᠢᠶᠠᠯ ᠰᠣᠳᠣᠯᠬᠤ ᠭᠠᠵᠠᠷ᠂ ᠣᠯᠠᠭᠠᠨᠪᠠᠭᠠᠳᠣᠷ ᠤᠨ ᠶᠡᠭᠡ ᠰᠣᠷᠭᠠᠭᠤᠯᠢ ᠶᠢᠨ ᠲᠣᠷᠣᠨᠠᠳᠠᠬᠢᠨ ᠰᠣᠳᠣᠯᠣᠯ ᠤᠨ ᠲᠢᠩᠬᠢᠮ᠂ ᠦᠨᠳᠦᠰᠦᠲᠡᠨ ᠤ ᠬᠡᠪᠯᠡᠯ ᠤᠨ ᠬᠤᠷᠢᠶ᠎ᠠ᠂ ᠲᠦᠪ ᠤᠨ ᠦᠨᠳᠦᠰᠦᠲᠡᠨ ᠤ ᠶᠡᠭᠡ ᠰᠣᠷᠠᠭᠠᠭᠤᠯᠢ ᠶᠢᠨ ᠮᠣᠩᠭᠤᠯ ᠬᠡᠯᠡ ᠣᠳᠬ᠎ᠠ ᠵᠣᠬᠢᠶᠠᠯ ᠤᠨ ᠰᠠᠯᠪᠣᠷᠢ ᠵᠡᠷᠭᠡ ᠣᠯᠠᠨ ᠰᠤᠳᠤᠯᠭᠠᠨ ᠤ ᠨᠢᠭᠡᠴᠡ ᠬᠢᠭᠡᠳ ᠬᠡᠪᠯᠡᠯ ᠮᠡᠳᠡᠭᠡᠯᠡᠯ ᠤᠨ ᠬᠢᠨ ᠣᠷᠣᠯᠴᠠᠵᠤ᠂ ᠭᠸ᠊·ᠨᠠᠮᠵᠢᠯ ᠤᠨ ︽ᠮᠣᠩᠭᠤᠯ ᠤᠨ ᠡᠷᠳᠡᠨ ᠤ ᠣᠳᠬ᠎ᠠ ᠵᠣᠬᠢᠶᠠᠯ ᠰᠣᠳᠣᠯᠣᠯ︾᠂ ︽ᠮᠣᠩᠭᠤᠯ ᠤᠨ ᠪᠣᠳ᠋ᠳ᠋ᠾᠠ ᠶᠢᠨ ᠱᠠᠰᠢᠨ ᠤ ᠣᠳᠬ᠎ᠠ ᠵᠣᠬᠢᠶᠠᠯ ᠰᠣᠳᠣᠯᠣᠯ︾ ᠬᠤᠶᠠᠷ ᠨᠣᠮ ᠤᠨ ᠡᠷᠳᠡᠮ ᠰᠢᠨᠵᠢᠯᠡᠭᠡᠨ ᠤ ᠦᠨ᠎ᠡ ᠦᠷᠲᠡᠭ ᠪᠣᠯᠣᠨ ᠺᠢᠷᠢᠯ ᠦᠰᠦᠭ ᠳᠡᠭᠡᠷ᠎ᠡ ᠬᠡᠪᠯᠡᠭᠳᠡᠭᠰᠡᠨ ᠤ ᠠᠴᠢ ᠬᠤᠯᠪᠣᠭᠳᠠᠯ ᠤᠨ ᠲᠣᠭᠤᠷᠢᠨ ᠳᠤ ᠴᠢᠯᠦᠭᠡᠲᠡᠢ ᠶᠠᠷᠢᠯᠴᠠᠯᠭ᠎ᠠ ᠥᠷᠨᠢᠭᠦᠯᠦᠭᠰᠡᠨ ᠪᠠᠶᠢᠨ᠎ᠠ᠃          ᠮᠣᠩᠭᠤᠯ ᠤᠷᠠᠨ ᠵᠣᠬᠢᠶᠠᠯ ᠤᠨ ᠪᠦᠲᠦᠭᠡᠯ ᠢ ᠰᠤᠳᠤᠯᠬᠤ ᠳᠤ ᠳᠣᠷᠣᠨᠠᠳᠠᠬᠢᠨ ᠤ ᠤᠷᠠᠨ ᠵᠣᠬᠢᠶᠠᠯ ᠤᠨ ᠦᠷᠭᠡᠨ ᠬᠠᠷᠠᠭᠠᠨ ᠠᠴᠠ ᠰᠤᠳᠤᠯᠬᠤ ᠴᠢᠬᠤᠯᠠ ᠲᠠᠢ᠂ ᠮᠣᠩᠭᠤᠯ ᠤᠷᠠᠨ ᠵᠣᠬᠢᠶᠠᠯ ᠰᠣᠳᠣᠯᠣᠯ ᠢ ᠪᠣᠰᠣᠳ ᠲᠦᠷᠦᠯ ᠤᠨ ᠰᠤᠳᠤᠯᠭᠠᠨ ᠰᠢᠨᠵᠢᠯᠡᠭᠡᠨ ᠤ ᠰᠣᠯᠢᠪᠴᠢᠯᠠᠯ ᠳᠤᠮᠳᠠ ᠰᠤᠳᠤᠯᠬᠤ ᠬᠡᠷᠡᠭᠲᠡᠢ ᠪᠢᠯᠡ᠃ ᠭᠸ᠊·ᠨᠠᠮᠵᠢᠯ ᠫᠷᠣᠹᠧᠰᠰᠣᠷ ᠤᠨ ᠲᠤᠰ ᠬᠤᠶᠠᠷ ᠪᠦᠲᠦᠭᠡᠯ ᠨᠢ ᠡᠨᠡ ᠲᠠᠯ᠎ᠠ ᠶᠢᠨ ᠬᠤᠭᠤᠰᠣᠨ ᠢ ᠨᠦᠬᠦᠭᠰᠡᠨ ᠪᠠᠶᠢᠨ᠎ᠠ᠃ ᠲᠤᠰ ᠬᠤᠶᠠᠷ ᠪᠦᠲᠦᠭᠡᠯ ᠺᠢᠷᠢᠯ ᠦᠰᠦᠭ ᠢᠶᠠᠷ ᠬᠡᠪᠯᠡᠭᠳᠡᠭᠰᠡᠨ ᠨᠢ ᠮᠣᠩᠭᠤᠯ ᠤᠯᠤᠰ ᠲᠡᠳᠦᠢ ᠦᠭᠡᠢ᠂ ᠣᠷᠣᠰ ᠤᠨ ᠬᠤᠯᠪᠤᠭᠠᠨ ᠤ ᠪᠤᠷᠢᠶᠠᠳ ᠤᠯᠤᠰ ᠵᠡᠷᠭᠡ ᠤᠯᠤᠰ ᠣᠷᠣᠨ ᠤ ᠰᠤᠳᠤᠯᠤᠭᠴᠢᠳ ᠲᠤ ᠮᠠᠨ ᠤ ᠤᠯᠤᠰ ᠤᠨ ᠡᠷᠳᠡᠮᠲᠡᠳ ᠤᠨ ᠨᠣᠮ ᠪᠦᠲᠦᠭᠡᠯ ᠢ ᠤᠩᠰᠢᠵᠤ ᠲᠠᠨᠢᠯᠴᠠᠬᠤ ᠠᠰᠢᠭᠲᠠᠢ ᠨᠦᠬᠦᠴᠡᠯ ᠢ ᠬᠠᠩᠭᠠᠭᠰᠠᠨ ᠭᠡᠵᠦ ᠬᠤᠷᠠᠯ ᠳᠤ ᠣᠷᠣᠯᠴᠠᠭᠰᠠᠨ ᠡᠷᠳᠡᠮᠲᠡᠳ ᠠᠴᠠ ᠦᠨᠳᠦᠷ ᠦᠨᠡᠯᠡᠵᠡᠭᠡᠭᠰᠡᠨ ᠪᠠᠶᠢᠨ᠎ᠠ᠃        ᠭᠧ᠊ · ᠨᠠᠮᠵᠢᠯ ᠤᠨ ᠲᠤᠪᠴᠢ ᠨᠠᠮᠳᠠᠷ              ᠭᠧ᠊ · ᠨᠠᠮᠵᠢᠯ᠂ ᠳ᠋ᠤᠺᠲ᠋ᠤᠷ᠂ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ᠃ 1954 ᠤᠨ ᠤ 2ᠰᠠᠷ᠎ᠠ ᠶᠢᠨ 9 ᠤ ᠡᠳᠤᠷ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠠ ᠶᠢᠨ ᠳᠤᠯᠤᠭᠠᠨ︶ ᠳᠤ ᠦᠪᠤᠷ ᠮᠤᠩᠭᠤᠯ ᠤᠨ ᠬᠦᠷᠢᠶ᠎ᠠ ᠬᠤᠰᠢᠭᠤᠨ ᠤ ᠪᠠᠶᠠᠨᠬᠤᠸᠠ ᠰᠤᠮᠤ ᠶᠢᠨ ᠱᠤᠷᠤᠩᠭᠤᠤ ᠭᠠᠴᠠᠭᠠᠨ ᠤ ᠱᠤᠷᠤᠩᠭᠤᠤ ᠠᠶᠢᠯ ᠳᠤ ᠠᠪᠤ ᠭᠧᠪᠧᠵᠠᠯᠰᠠᠨ ᠪᠣᠯᠣᠨ ᠡᠵᠢ ᠮᠦᠳᠠᠨ ᠤ ᠪᠠᠨ ᠬᠦᠤ ᠪᠤᠯᠵᠤ ᠵᠠᠶᠠᠭᠠᠪᠠ᠃ ᠰᠤᠷᠭᠠᠭᠤᠯᠢ ᠳᠤ ᠤᠷᠤᠬᠤ ᠨᠠᠰᠤᠨ ᠠᠴᠠ ᠪᠠᠨ ᠱᠤᠷᠤᠩᠭᠤᠤ ᠪᠠᠭ᠎ᠠ ᠰᠤᠷᠭᠠᠭᠤᠯᠢ᠂ ᠰᠠᠮᠠᠽᠢ ᠪᠠᠭ᠎ᠠ ᠰᠤᠷᠭᠠᠭᠤᠯᠢ ᠪᠣᠯᠣᠨ ᠪᠠᠶᠠᠨᠬᠤᠸᠠ ᠳᠤᠮᠳᠠᠳᠤ ᠰᠤᠷᠭᠠᠭᠤᠯᠢ ᠳᠤ ᠳᠠᠮᠵᠢᠨ ᠰᠤᠷᠤᠯᠴᠠᠵᠤ᠂ 1978ᠤᠨ ᠳᠤ ᠪᠡᠭᠡᠵᠢᠩ ᠳᠠᠬᠢ ᠲᠦᠪ ᠤᠨ ᠦᠨᠳᠤᠰᠤᠳᠠᠨ ᠤ ᠳᠡᠭᠡᠳᠤ ᠰᠤᠷᠭᠠᠭᠤᠯᠢ ᠶᠢᠨ ᠴᠦᠭᠡᠨ ᠳᠤᠭᠠᠳᠤ ᠦᠨᠳᠤᠰᠤᠳᠠᠨ ᠤ ᠭᠡᠯᠡ‌ᠤᠳᠬ᠎ᠠ ᠵᠤᠬᠢᠶᠠᠯ ᠤᠨ ᠰᠠᠯᠪᠤᠷᠢ ᠶᠢᠨ ᠮᠤᠩᠭᠤᠯ ᠭᠡᠯᠡᠨ ᠤ ᠳᠤᠰᠬᠠᠢ ᠮᠠᠷᠭᠡᠵᠢᠯ ᠳᠤ ᠰᠢᠯᠭᠠᠭᠤᠯᠤᠨ ᠡᠯᠰᠡᠭᠳᠡᠵᠠᠢ᠃ 1982 ᠤᠨ ᠳᠤ ᠳᠡᠬᠦᠰᠴᠤ᠂ ᠰᠠᠯᠪᠤᠷᠢ ᠳᠤ ᠪᠠᠨ ᠦᠯᠡᠳᠡᠡ ᠪᠠᠭᠰᠢᠯᠠᠪᠠ᠃ ᠮᠦᠨ ᠡᠨᠡ ᠵᠢᠯ ᠤᠨ ᠶᠢᠰᠤᠨ ᠰᠠᠷ᠎ᠠ ᠳᠤ ᠳᠤᠰ ᠰᠤᠷᠭᠠᠭᠤᠯᠢ ᠶᠢᠨ ᠠᠰᠫᠢᠷᠠᠨᠲ  ᠢᠶᠠᠷ ᠰᠢᠯᠭᠠᠭᠤᠯᠤᠨ ᠤᠷᠤᠵᠤ᠂ ᠪᠠᠶ᠋ᠨᠨᠳᠠᠢ ᠪᠠᠭᠰᠢ᠂ ᠬᠡᠰᠢᠭᠲᠦᠭ᠌ᠲᠠᠬᠤ ᠪᠠᠭᠰᠢ ᠳᠤ ᠱᠠᠪᠢᠯᠠᠨ᠂ ᠮᠤᠩᠭᠤᠯ ᠤᠨ ᠡᠷᠳᠡᠨ ᠤ ᠤᠳᠬ᠎ᠠ ᠵᠤᠬᠢᠶᠠᠯ ᠤᠨ ᠰᠤᠷᠤᠯᠭ᠎ᠠ ᠰᠤᠳᠤᠯᠭᠠᠨ ᠳᠤ ᠰᠢᠮᠳᠠᠵᠠᠢ᠃ 1986 ᠤᠨ ᠤ ᠡᠬᠢ ᠪᠠᠷ ᠠᠰᠪᠢᠷᠠᠨᠲ ᠶᠢᠨ ᠰᠤᠷᠤᠯᠭ᠎ᠠ ᠪᠠᠨ ᠳᠡᠬᠦᠰᠭᠡᠵᠤ᠂ ᠮᠤᠩᠭᠤᠯ ᠤᠨ ᠡᠷᠳᠡᠨ ᠤ ᠤᠳᠬ᠎ᠠ ᠵᠤᠬᠢᠶᠠᠯ ᠤᠨ ᠳᠡᠳ᠋ ᠡᠷᠳᠡᠮᠳᠡᠨ ᠴᠤᠯᠠ ᠬᠠᠮᠠᠭᠠᠯᠠᠠ᠂ ᠮᠦᠨ ᠳᠤᠰ ᠰᠠᠯᠪᠤᠷᠢ ᠳᠤ ᠪᠠᠨ ᠦᠯᠡᠳᠡᠠ ᠪᠠᠭᠰᠢᠯᠠᠵᠤ ᠤᠳᠤ ᠬᠦᠷᠴᠠᠢ᠃ ᠡᠨᠡᠬᠦ ᠬᠤᠭᠤᠴᠠᠭᠠᠨ ᠳᠤ ᠤᠶᠤᠳᠠᠨ ᠳᠤ ︽ᠮᠤᠩᠭᠤᠯ ᠤᠨ ᠳᠡᠤᠭᠡ︾᠂ ︽ᠵᠤᠬᠢᠶᠠᠨ ᠪᠢᠴᠢᠯᠭᠡ︾ ︽ᠮᠤᠩᠭᠤᠯ ᠤᠨ ᠰᠤᠶᠤᠯ︾ ᠵᠡᠷᠭᠡ ᠬᠢᠴᠢᠶᠠᠯ ᠤᠳ ᠢ ᠵᠢᠭᠠᠵᠤ᠂ ᠠᠰᠫᠢᠷᠠᠨᠲ᠂ ᠳ᠋ᠤᠺᠲ᠋ᠤᠷᠠᠨᠲ ᠳᠤ ︽ᠮᠤᠩᠭᠤᠯᠴᠤᠳ ᠬᠢᠭᠡᠳ ᠤᠮᠠᠷᠠᠳᠡᠬᠢᠨ ᠤ ᠦᠨᠳᠤᠰᠤᠳᠠᠨ ᠨᠦᠭᠦᠳ ᠤᠨ ᠠᠷᠠᠳ ᠤᠨ ᠠᠮᠠᠨ ᠵᠤᠬᠢᠶᠠᠯ ᠤᠨ ᠰᠤᠳᠤᠯᠤᠯ︾᠂ ︽ᠮᠤᠩᠭᠤᠯ ᠤᠨ ᠡᠷᠳᠡᠨ ᠤ ᠤᠷᠠᠨ ᠵᠤᠬᠢᠶᠠᠯ ᠤᠨ ᠰᠤᠳᠤᠯᠤᠯ︾᠂ ︽ᠮᠤᠩᠭᠤᠯ ᠤᠨ ᠡᠷᠳᠡᠨ ᠤ ᠤᠷᠠᠨ ᠵᠤᠬᠢᠶᠠᠯ ᠰᠤᠷᠪᠤᠯᠵᠢ ᠪᠢᠴᠢᠭ ᠤᠨ ᠰᠤᠩᠭᠤᠨ ᠤᠡᠭᠰᠢᠯᠭ᠎ᠠ︾ ᠵᠡᠷᠭᠡ ᠬᠢᠴᠢᠶᠠᠯ ᠤᠳ ᠢ ᠵᠢᠭᠠᠪᠠ᠃ 1996 ᠤᠨ ᠳᠤ ᠲᠦᠪ ᠤᠨ ᠦᠨᠳᠤᠰᠤᠳᠠᠨ ᠤ ᠶᠡᠭᠡ ᠰᠤᠷᠭᠠᠭᠤᠯᠢ ᠶᠢᠨ ᠮᠤᠩᠭᠤᠯ ᠭᠡᠯᠡ ᠤᠳᠬ᠎ᠠ ᠵᠤᠬᠢᠶᠠᠯ ‍ᠤᠨ‌‍ᠰᠠᠯᠪᠤᠷᠢ ᠶᠢᠨ ᠳ᠋ᠤᠺᠲ᠋ᠤᠷᠠᠨᠲ ᠢᠶᠠᠷ ᠰᠢᠯᠭᠠᠭᠤᠯᠤᠨ ᠤᠷᠤᠵᠤ᠂ 2001 ᠤᠨ ᠳᠤ ᠰᠤᠷᠤᠯᠭ᠎ᠠ ᠪᠠᠨ ᠳᠡᠬᠦᠰᠭᠡᠵᠤ᠂ ᠮᠤᠩᠭᠤᠯ ᠠᠷᠠᠳ ᠤᠨ ᠠᠮᠠᠨ ᠵᠤᠬᠢᠶᠠᠯ ᠤᠨ ᠰᠤᠳᠤᠯᠭᠠᠨ ᠤ ᠴᠢᠭᠯᠡᠯ ᠢᠶᠠᠷ ᠳ᠋ᠤᠺᠲ᠋ᠤᠷ ᠴᠤᠯᠠ ᠬᠠᠮᠠᠭᠠᠯᠠᠪᠠ᠃ ᠳᠡᠭᠡᠷᠡᠬᠢ ᠬᠤᠭᠤᠴᠠᠭᠠᠨ ᠳᠤ ᠪᠠᠰᠠ ᠤᠷᠢᠳ ᠬᠤᠵᠢᠳ ᠳᠡᠳ᠋ ᠫᠷᠤᠹᠧᠰᠰᠤᠷ᠂ ᠫᠷᠤᠹᠧᠰᠰᠤᠷ ᠪᠠᠷ ᠳᠡᠪᠰᠢᠬᠦᠯᠦᠭᠳᠠᠵᠤ᠂ ᠠᠰᠫᠢᠷᠠᠨᠲ ᠤᠨ ᠵᠢᠯᠤᠭᠤᠳᠤᠭᠴᠢ ᠪᠠᠭᠰᠢ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠪᠠᠷ ᠦᠨᠡᠯᠡᠭᠳᠡᠵᠤ᠂ 1996 ᠤᠨ᠂ 2003 ᠤᠨ ᠠᠴᠠ ᠠᠰᠫᠢᠷᠠᠨᠲ᠂ ᠳ᠋ᠤᠺᠲ᠋ᠤᠷᠠᠨᠲ ᠡᠯᠰᠡᠨ ᠬᠦᠮᠦᠵᠢᠬᠦᠯᠵᠤ᠂ 2015 ᠤᠨ ᠬᠦᠷᠳᠡᠯ᠎ᠠ ᠨᠠᠶᠢᠳᠠ ᠭᠤᠴᠢ ᠭᠠᠷᠤᠢ ᠠᠰᠫᠢᠷᠠᠨᠲ᠂ ᠳ᠋ᠤᠺᠲ᠋ᠤᠷᠠᠨᠲ ᠡᠯᠰᠡᠨ ᠬᠦᠮᠤᠵᠢᠬᠦᠯᠵᠠᠢ᠃ ᠡᠨᠡ ᠬᠤᠭᠤᠴᠠᠭᠠᠨ ᠳᠤ ᠪᠠᠰᠠ ᠫᠤᠨᠲ ᠳ᠋ᠤᠺᠲ᠋ᠤᠷ ᠨᠢᠭᠡ ᠶᠢ ᠬᠦᠮᠦᠵᠢᠬᠦᠯᠵᠠᠢ᠃ ᠤᠳᠤᠬᠠᠨ ᠳᠤ ᠲᠦᠪ ᠤᠨ ᠦᠨᠳᠤᠰᠤᠳᠠᠨ ᠤ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠪᠠᠷ ᠠᠵᠢᠯᠯᠠᠵᠤ ᠪᠤᠢ᠃        ᠤᠯᠠᠨ ᠵᠢᠯ ᠤᠨ ᠳᠤᠷᠰᠢᠬᠢ ᠡᠷᠳᠡᠮ ᠰᠢᠨᠵᠢᠯᠡᠭᠡᠨ ᠤ ᠠᠵᠢᠯ ᠨᠢ ᠳᠡᠭᠡᠷ᠎ᠠ ᠵᠠᠭᠤᠨ ᠤ ᠨᠠᠶᠠᠭᠠᠳ ᠤᠨ ᠤ ᠳᠤᠮᠳᠠ ᠡᠴᠠ‌‍ᠶᠡᠷᠡᠭᠡᠳ ᠤᠨ ᠤ ᠳᠤᠮᠳᠠ ᠦᠶ᠎ᠠ ᠬᠦᠷᠳᠡᠯ᠎ᠠ ᠮᠤᠩᠭᠤᠯ ᠤᠨ ᠡᠷᠳᠡᠨ ᠤ ᠤᠳᠬ᠎ᠠ ᠵᠤᠬᠢᠶᠠᠯ ᠤᠨ ᠰᠤᠳᠤᠯᠤᠯ ᠪᠣᠯᠣᠨ ᠮᠤᠩᠭᠤᠯ ᠤᠨ ᠡᠷᠳᠡᠨ ᠤ ᠳᠡᠤᠭᠡᠨ ᠵᠠᠩ ᠤᠢᠢᠯᠠ ᠰᠤᠳᠤᠯᠤᠯ ᠳᠤ ᠴᠢᠭᠯᠡᠭᠳᠡᠵᠤ᠂ ᠶᠡᠷᠡᠭᠡᠳ ᠤᠨ ᠤ ᠳᠤᠮᠳᠠ ᠠᠴᠠ ᠤᠳᠤ ᠬᠦᠷᠳᠡᠯ᠎ᠠ ᠮᠤᠩᠭᠤᠯᠴᠤᠳ ᠵᠢᠴᠢ ᠠᠯᠳᠠᠢ ᠢᠵᠠᠭᠤᠷ ᠭᠡᠯᠡᠳᠡᠨ ᠦᠨᠳᠤᠰᠤᠳᠠᠨ ᠨᠦᠭᠦᠳ ᠤᠨ ᠳᠤᠮᠤᠭ ᠤᠨ ᠬᠠᠷᠢᠴᠠᠭᠤᠯᠤᠭᠰᠠᠨ ᠰᠤᠳᠤᠯᠤᠯ ᠳᠤ ᠴᠢᠭᠯᠡᠭᠳᠡᠭᠰᠡᠨ ᠪᠠᠶᠢᠨ᠎ᠠ᠃ ᠡᠨᠡ ᠳᠤᠬᠠᠢ ᠰᠤᠳᠤᠯᠭᠠᠨ ᠤ ᠪᠦᠳᠦᠭᠡᠯ ᠤᠳ ᠭᠡᠪᠡᠯ᠄ ︽ᠴᠢᠩᠭᠢᠰ ᠬᠠᠭᠠᠨ ᠤ ᠵᠠᠰᠠᠭ ᠪᠠ ᠪᠢᠯᠢᠭ︾ ︵ᠦᠪᠦᠷ ᠮᠤᠩᠭᠤᠯ ᠤᠨ ᠰᠤᠶᠤᠯ ᠤᠨ ᠭᠡᠪᠯᠡᠯ ᠤᠨ ᠬᠤᠷᠢᠶ᠎ᠠ᠂ 1989 ᠤᠨ︶᠂ ︽ᠶᠤᠸᠠᠨ ᠤᠯᠤᠰ ‍ᠤᠨ‌ᠦᠶ᠎ᠠ ᠶᠢᠨ ᠵᠠᠩ ᠵᠠᠩᠰᠢᠯ︾ ︵ᠬᠢᠳᠡᠳ᠂ ᠠᠷᠠᠳ ᠤᠨ ᠭᠡᠪᠯᠡᠯ ᠤᠨ ᠬᠤᠷᠢᠶ᠎ᠠ᠂ 1994 ᠤᠨ︶᠂ ︽ᠮᠤᠩᠭᠤᠯ ᠳᠤᠮᠤᠭ ᠤᠨ ᠬᠠᠷᠢᠴᠠᠭᠤᠯᠤᠭᠰᠠᠨ ᠰᠤᠳᠤᠯᠤᠯ︾ ︵ᠦᠨᠳᠦᠰᠤᠳᠠᠨ ᠤ ᠭᠡᠪᠯᠡᠯ ᠤᠨ ᠬᠤᠷᠢᠶ᠎ᠠ᠂ 2002 ᠤᠨ︶᠂ ︽ᠴᠢᠨ᠋ᠸ᠎ᠠ ᠲᠤᠲ᠋ᠧᠮ —— ᠠᠯᠳᠠᠢ ᠢᠵᠠᠭᠤᠷ ᠭᠡᠯᠡᠳᠡᠨ ᠦᠨᠳᠤᠰᠤᠳᠠᠨ ᠨᠦᠭᠦᠳ ᠤᠨ ᠠᠮᠢᠳᠡᠨ ᠳᠡᠭᠡᠳᠤᠰ ᠤᠨ ᠳᠤᠮᠤᠭ ᠤᠨ ᠡᠬᠢ ᠰᠤᠷᠪᠤᠯᠵᠢ ᠶᠢ ᠬᠠᠶᠢᠬᠤ ᠨᠢ︾ ︵ᠬᠢᠳᠡᠳ᠂ ᠦᠨᠳᠤᠰᠤᠳᠠᠨ ᠤ ᠭᠡᠪᠯᠡᠯ ᠤᠨ ᠬᠤᠷᠢᠶ᠎ᠠ᠂ 2009 ᠤᠨ︶᠂ ︽ᠮᠤᠩᠭᠤᠯ ᠤᠨ ᠡᠷᠳᠡᠨ ᠤ ᠤᠳᠬ᠎ᠠ ᠵᠤᠬᠢᠶᠠᠯ ᠰᠤᠳᠤᠯᠤᠯ — — ᠮᠤᠩᠭᠤᠯᠴᠤᠳ ᠬᠢᠭᠡᠳ ᠤᠮᠠᠷᠠᠳᠤ ᠶᠢᠨ ᠦᠨᠳᠤᠰᠤᠳᠠᠨ ᠨᠦᠭᠦᠳ ᠤᠨ ᠳᠡᠤᠭᠡ ᠰᠤᠶᠤᠯ ᠤᠨ ᠦᠷᠭᠡᠨ ᠳᠡᠯᠭᠡᠴᠠ ᠳᠡᠭᠡᠷ᠎ᠠ︾ ︵ᠲᠦᠪ ᠤᠨ ᠦᠨᠳᠤᠰᠤᠳᠠᠨ ᠤ ᠶᠡᠭᠡ ᠰᠤᠷᠭᠠᠭᠤᠯᠢ ᠶᠢᠨ ᠭᠡᠪᠯᠡᠯ ᠤᠨ ᠬᠤᠷᠢᠶ᠎ᠠ᠂ 2010ᠤᠨ︶᠂ ︽ᠳᠤᠮᠳᠠᠳᠤ ᠣᠯᠣᠰ ᠲᠠᠬᠢ ᠠᠯᠳᠠᠢ ᠢᠵᠠᠭᠤᠷ ᠭᠡᠯᠡᠳᠡᠨ ᠦᠨᠳᠤᠰᠤᠳᠠᠨ ᠨᠦᠭᠦᠳ ᠤᠨ ᠳᠤᠮᠤᠭ ᠤᠨ ᠬᠠᠷᠢᠴᠠᠭᠤᠯᠤᠭᠰᠠᠨ ᠰᠤᠳᠤᠯᠤᠯ︾ ︵ᠬᠢᠳᠡᠳ᠂ ᠰᠤᠷᠤᠯᠴᠠᠯᠭ᠎ᠠ ᠭᠡᠪᠯᠡᠯ ᠤᠨ ᠬᠤᠷᠢᠶ᠎ᠠ᠂ 2010 ᠤᠨ︶᠂ ︽ᠮᠤᠩᠭᠤᠯ ᠪᠤᠳ᠋ᠳ᠋ᠾᠨ ᠶᠢᠨ ᠱᠠᠰᠢᠨ ᠤ ᠤᠳᠬ᠎ᠠ ᠵᠤᠬᠢᠶᠠᠯ ᠤᠨ ᠰᠤᠳᠤᠯᠤᠯ︾ ︵ᠦᠨᠳᠤᠰᠤᠳᠠᠨ ᠤ ᠭᠡᠪᠯᠡᠯ ᠤᠨ ᠬᠤᠷᠢᠶ᠎ᠠ ᠂ 1915 ᠤᠨ︶᠂ ︽ᠳᠠᠯ᠎ᠠ ᠨᠤᠳᠤᠭ ᠤᠨ ᠦᠨᠳᠤᠰᠤᠳᠡᠨ ᠨᠦᠭᠦᠳ ᠤᠨ ᠲᠤᠲ᠋ᠧᠮ ᠤᠨ ᠰᠤᠶᠤᠯ ᠤᠨ ᠰᠤᠳᠤᠯᠤᠯ︾ ︵ᠬᠢᠳᠡᠳ᠂ ᠦᠪᠦᠷ ᠮᠤᠩᠭᠤᠯ ᠤᠨ ᠰᠤᠷᠭᠠᠨ ᠬᠦᠮᠤᠵᠢᠯ ᠤᠨ ᠭᠡᠪᠯᠡᠯ ᠤᠨ ᠬᠤᠷᠢᠶ᠎ᠠ᠂ 2016 ᠤᠨ︶ ᠭᠡᠬᠦ ᠵᠠᠷᠭᠡ ᠡᠷᠳᠡᠮ ᠰᠢᠨᠵᠢᠯᠡᠭᠡᠨ ᠤ ᠨᠤᠮ ᠵᠤᠬᠢᠶᠠᠯ ᠢ ᠳᠤᠭᠤᠷᠪᠢᠨ ᠭᠡᠪᠯᠡᠬᠦᠯᠪᠠ᠃ ᠪᠠᠰᠠ ︽ᠠᠯᠳᠠᠢ ᠢᠵᠠᠭᠤᠷ ᠭᠡᠯᠡᠳᠡᠨ ᠨᠦᠭᠦᠳ ᠤᠨ ᠳᠤᠮᠤᠭ ᠤᠨ ᠰᠤᠳᠤᠯᠭᠠᠨ ᠤ ᠡᠷᠬᠢᠴᠡᠬᠦᠯᠤᠯ︾ ︵ᠬᠢᠳᠡᠳ᠂ ᠦᠨᠳᠤᠰᠤᠳᠠᠨ ᠤ ᠭᠡᠪᠯᠡᠯ ᠤᠨ ᠬᠤᠷᠢᠶ᠎ᠠ᠂ 2010 ᠤᠨ︶ ᠭᠡᠳᠡᠭ ᠡᠷᠳᠡᠮ ᠰᠢᠨᠵᠢᠯᠡᠭᠡᠨ ᠤ ᠳᠤᠮᠤᠬᠠᠨ ᠦᠬᠦᠯᠡᠯ ᠤᠨ ᠳᠡᠬᠦᠪᠤᠷᠢ ᠶᠢ ᠡᠷᠬᠢᠯᠠᠨ ᠨᠠᠶᠢᠷᠠᠭᠤᠯᠵᠤ᠂ ᠪᠤᠰᠤᠳ ᠡᠷᠳᠡᠮᠳᠡᠡ ᠮᠠᠷᠭᠡᠳ ᠲᠠᠢ ᠬᠠᠮᠵᠢᠨ᠂ ︽ᠳᠤᠮᠳᠠᠳᠤ ᠤᠯᠤᠰ ᠤᠨ ᠴᠦᠭᠡᠨ ᠳᠤᠭᠠᠳᠤ ᠦᠨᠳᠤᠰᠤᠳᠠᠨ ᠤ ᠰᠤᠶᠤᠯ ᠤᠨ ᠳᠡᠤᠭᠡ︾ ︵ᠬᠢᠳᠡᠳ᠂ ᠯᠢᠶᠤᠤᠨᠢᠩ ᠤᠨ ᠠᠷᠠᠳ ᠤᠨ ᠭᠡᠪᠯᠡᠯ ‍ᠤᠨ‌ᠬᠤᠷᠢᠶ᠎ᠠ᠂ 1994 ᠤᠨ︶᠂ ︽ᠮᠤᠩᠭᠤᠯ ᠤᠷᠠᠨ ᠵᠤᠬᠢᠶᠠᠯ ᠤᠨ ᠬᠦᠭᠵᠢᠯ ᠤᠨ ᠳᠤᠪᠴᠢᠶᠠᠨ︾ ︵ᠯᠢᠶᠤᠤᠨᠢᠩ ‍ᠤᠨ‌ᠦᠨᠳᠤᠰᠤᠳᠠᠨ ᠤ ᠭᠡᠪᠯᠡᠯ ᠤᠨ ᠬᠤᠷᠢᠶ᠎ᠠ᠂ 1996 ᠤᠨ︶᠂ ︽ᠪᠡᠭᠡᠵᠢᠩ ᠤᠨ ᠤᠢᠢᠯᠠᠪᠤᠷᠢ ᠊ ᠦᠨᠳᠤᠰᠤᠳᠠᠨ ᠤ ᠤᠢᠢᠯᠠᠪᠤᠷᠢ︾ ︵ᠬᠢᠳᠡᠳ᠂ ᠪᠡᠭᠡᠵᠢᠩ ᠤᠨ ᠭᠡᠪᠯᠡᠯ ᠤᠨ ᠬᠤᠷᠢᠶ᠎ᠠ᠂ 2006 ᠤᠨ︶ ᠵᠡᠷᠭᠡ ᠨᠤᠮ ᠵᠤᠬᠢᠶᠠᠯ ᠤᠨ ᠳᠤᠭᠤᠷᠪᠢᠯ ᠪᠢᠴᠢᠯᠭᠡ ᠳᠤ ᠤᠷᠤᠯᠴᠠᠵᠤ ᠭᠡᠪᠯᠡᠬᠦᠯᠪᠠ᠃            ᠳ᠋ᠠᠮᠪᠠ ᠶᠢᠨ ᠡᠷᠬᠢᠯᠡᠨ ᠨᠠᠶᠢᠷᠠᠭᠤᠯᠤᠭᠰᠠᠨ ᠪᠦᠬᠦ ᠤᠯᠤᠰ ᠤᠨ ᠳᠡᠭᠡᠳᠤ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ︽ᠮᠤᠩᠭᠤᠯ ᠤᠨ ᠳᠡᠤᠭᠡ︾ ︵ᠦᠪᠦᠷ ᠮᠤᠩᠭᠤᠯ ᠤᠨ ᠠᠷᠠᠳ ᠤᠨ ᠭᠡᠪᠯᠡᠯ ᠤᠨ ᠬᠤᠷᠢᠶ᠎ᠠ᠂1998 ᠤᠨ︶ ᠪᠣᠯᠣᠨ ᠪᠢᠰᠢᠦ᠋ᠨ ᠤ ᠡᠷᠬᠢᠯᠡᠨ ᠨᠠᠶᠢᠷᠠᠭᠤᠯᠤᠭᠰᠠᠨ ᠪᠡᠭᠡᠵᠢᠩ ᠬᠤᠳᠠ ᠶᠢᠨ ᠳᠡᠭᠡᠳᠤ ᠰᠤᠷᠭᠠᠭᠤᠯᠢ ᠨᠤᠭᠤᠳ ᠤᠨ ᠤᠬᠢ ᠰᠢᠯᠢᠳᠡᠭ ᠵᠢᠭᠠᠬᠤ ᠮᠠᠲ᠋ᠧᠷᠢᠶᠠᠯ ︽ᠠᠷᠠᠳ ᠤᠨ ᠠᠮᠠᠨ ᠵᠤᠬᠢᠶᠠᠯ ᠤᠨ ᠳᠦᠢᠮᠤ︾ ᠭᠡᠮᠡᠬᠦ ᠨᠤᠮ ᠵᠤᠬᠢᠶᠠᠯ ᠤᠨ ᠳᠤᠭᠤᠷᠪᠢᠯ ᠪᠢᠴᠢᠯᠭᠡ ᠳᠤ ᠤᠷᠤᠯᠴᠠᠵᠤ᠂ ᠵᠠᠷᠢᠮ ᠭᠡᠰᠡᠭ ᠪᠦᠯᠦᠭ ᠢ ᠨᠢ ᠳᠠᠭᠠᠭᠠᠴᠢᠯᠠᠨ ᠬᠦᠢᠴᠡᠳᠭᠡᠪᠠ᠃            ᠳᠡᠭᠡᠷᠡᠬᠢ ᠠᠴᠠ ᠭᠠᠳᠠᠨ᠎ᠠ ᠪᠠᠰᠠ ᠮᠤᠩᠭᠤᠯ ᠤᠨ ᠡᠷᠳᠡᠨ ᠤ ᠤᠳᠬ᠎ᠠ ᠵᠤᠬᠢᠶᠠᠯ ᠰᠤᠳᠤᠯᠤᠯ᠂ ᠮᠤᠩᠭᠤᠯ ᠤᠨ ᠡᠷᠳᠡᠨ ᠤ ᠵᠠᠩ ᠤᠢᠢᠯᠡ ᠰᠤᠳᠤᠯᠤᠯ᠂ ᠮᠤᠩᠭᠤᠯ ᠤᠨ ᠳᠡᠤᠭᠡ ᠰᠤᠳᠤᠯᠤᠯ ᠪᠠ ᠮᠤᠩᠭᠤᠯ ᠬᠢᠭᠡᠳ ᠠᠯᠳᠠᠢ ᠢᠵᠠᠭᠤᠷ ᠭᠡᠯᠡᠳᠡᠨ ᠦᠨᠳᠤᠰᠤᠳᠠᠨ ᠨᠦᠭᠦᠳ ᠤᠨ ᠳᠤᠮᠤᠭ᠂ ᠳᠤᠮᠤᠭ ᠶᠠᠷᠢᠶ᠎ᠠ ᠶᠢᠨ ᠬᠠᠷᠢᠴᠠᠭᠤᠯᠤᠭᠰᠠᠨ ᠰᠤᠳᠤᠯᠤᠯ ᠤᠨ ᠡᠷᠳᠡᠮ ᠰᠢᠨᠵᠢᠯᠡᠭᠡᠨ ᠤ ᠳᠠᠯᠠ ᠭᠠᠷᠤᠢ ᠦᠬᠦᠯᠡᠯ ᠵᠤᠬᠢᠶᠠᠯ ᠤᠳ ᠢ ᠮᠤᠩᠭᠤᠯ᠂ ᠬᠢᠳᠡᠳ᠂ ᠶᠠᠫᠤᠨ ᠭᠡᠯᠡ ᠪᠠᠷ ᠳᠤᠭᠤᠷᠪᠢᠵᠤ᠂ ᠤᠯᠤᠰ ᠤᠨ ᠳᠤᠳᠤᠭᠠᠳᠤ‌ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠡᠳᠬᠦᠯ ᠳᠤ ᠨᠡᠶᠢᠳᠡᠯᠡᠬᠦᠯᠪᠠ᠃ ᠵᠠᠷᠢᠮ ᠨᠢᠭᠡᠨ ᠡᠷᠳᠡᠮ ᠰᠢᠨᠵᠢᠯᠡᠭᠡᠨ ᠤ ᠦᠬᠦᠯᠡᠯ ᠨᠢ ᠠᠩᠭ᠍ᠯᠢ ᠭᠡᠯᠡᠨ ᠳᠤ ᠤᠷᠴᠢᠭᠤᠯᠤᠭᠳᠠᠵᠤ᠂ ᠤᠯᠤᠰ ᠤᠨ ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠡᠳᠬᠦᠯ ᠳᠤ ᠨᠠᠶᠢᠳᠠᠯᠡᠭᠳᠡᠭ᠊ ‍ᠤ᠋‌‍ᠪᠤᠶᠤ ᠨᠤᠮ ᠵᠤᠬᠢᠶᠠᠯ ᠳᠤ ᠤᠷᠤᠵᠤ ᠭᠡᠪᠯᠡᠭᠳᠡᠪᠠ᠃            2002 ᠤᠨ ᠠᠴᠠ ᠨᠠᠭᠠᠰᠢ ᠤᠯᠤᠰ ᠤᠨ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠡᠭᠬᠦ ᠶᠢᠨ ︽ᠳᠤᠮᠳᠠᠳᠤ ᠤᠯᠤᠰ ᠲᠠᠬᠢ ᠠᠯᠳᠠᠢ  ᠢᠵᠠᠭᠤᠷ ᠭᠡᠯᠡᠳᠡᠨ ᠦᠨᠳᠤᠰᠤᠳᠠᠨ ᠨᠦᠭᠦᠳ ᠤᠨ ᠳᠤᠮᠤᠭ ‍ᠤᠨ‌ᠬᠠᠷᠢᠴᠠᠭᠤᠯᠤᠭᠰᠠᠨ ᠰᠤᠳᠤᠯᠤᠯ︾ ︵ᠵᠦᠪᠰᠢᠶᠡᠷᠡᠭᠰᠡᠨ ᠳ᠋ᠤᠭᠠᠷ᠄ 02BZW058︶ ᠭᠡᠮᠡᠬᠦ ᠰᠡᠳᠤᠪ᠂ ︽ᠳᠤᠮᠳᠠᠳᠤ‌ᠤᠯᠤᠰ ᠤᠨ ᠴᠦᠭᠡᠨ ᠳᠤᠭᠠᠳᠤ ᠦᠨᠳᠤᠰᠤᠳᠠᠨ ᠨᠦᠭᠦᠳ ᠤᠨ ᠳᠤᠮᠤᠭ ᠤᠨ ᠬᠠᠷᠢᠴᠠᠭᠤᠯᠤᠭᠰᠠᠨ ᠰᠤᠳᠤᠯᠤᠯ︾ ︵ᠵᠦᠪᠰᠢᠶᠡᠷᠡᠭᠰᠡᠨ‌‍ᠳᠤᠭᠠᠷ᠄ 07BZW068︶ ᠭᠡᠮᠡᠬᠦ ᠰᠡᠳᠤᠪ ᠢ ᠪᠡᠶᠡᠯᠡᠬᠦᠯᠤᠨ ᠳᠠᠭᠤᠰᠬᠠᠵᠤ᠂ ᠤᠳᠤᠬᠠᠨ ᠳᠤ ᠤᠯᠤᠰ ᠤᠨ ᠬᠦᠨ ᠤᠬᠠᠭᠠᠨ‌ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠡᠭᠬᠦ ᠶᠢᠨ ︽ᠳᠤᠮᠳᠠᠳᠤ ᠤᠯᠤᠰ ᠲᠠᠬᠢ ᠦᠨᠳᠤᠰᠤᠳᠠᠨ ᠨᠦᠭᠦᠳ ‍ᠤᠨ‌‍ᠲ᠋ᠤᠮᠤᠭ ᠤᠨ ᠬᠠᠷᠢᠴᠠᠭᠤᠯᠤᠭᠰᠠᠨ ᠰᠤᠳᠤᠯᠤᠯ︾ ︵ᠵᠦᠪᠰᠢᠶᠡᠷᠡᠭᠰᠡᠨ ᠳ᠋ᠤᠭᠠᠷ᠄ 15AZW014︶ ᠭᠡᠮᠡᠬᠦ ᠭᠤᠤᠯᠳᠠᠯᠭ᠎ᠠ ᠲᠠᠢ ᠰᠡᠳᠤᠪ ᠢ ᠡᠷᠬᠢᠯᠡᠨ ᠶᠠᠪᠤᠭᠤᠯᠵᠤ ᠪᠤᠢ᠃ ︽ᠮᠤᠩᠭᠤᠯ ᠳᠤᠮᠤᠭ ᠤᠨ ᠬᠠᠷᠢᠴᠠᠭᠤᠯᠤᠭᠰᠠᠨ ᠰᠤᠳᠤᠯᠤᠯ︾᠂ ︽ᠳᠤᠮᠳᠠᠳᠤ ᠤᠯᠤᠰ ᠲᠠᠬᠢ ᠠᠯᠳᠠᠢ ᠢᠵᠠᠭᠤᠷ ᠭᠡᠯᠡᠳᠡᠨ ᠦᠨᠳᠤᠰᠤᠳᠠᠨ ᠨᠦᠭᠦᠳ ᠤᠨ ᠳᠤᠮᠤᠭ ᠤᠨ ᠬᠠᠷᠢᠴᠠᠭᠤᠯᠤᠭᠰᠠᠨ ᠰᠤᠳᠤᠯᠤᠯ︾ ᠵᠠᠷᠭᠡ ᠡᠷᠳᠡᠮ ᠰᠢᠨᠵᠢᠯᠡᠭᠡᠨ ᠤ ᠨᠤᠮ ᠵᠤᠬᠢᠶᠠᠯ ᠨᠢ ᠪᠡᠭᠡᠵᠢᠩ ᠬᠤᠳᠠ ᠶᠢᠨ ᠪᠠ ᠤᠯᠤᠰ ᠤᠨ ᠰᠤᠷᠭᠠᠨ ᠬᠦᠮᠤᠵᠢᠯ ᠤᠨ ᠶᠠᠮᠤᠨ ᠤ ᠬᠦᠨ ᠤᠬᠠᠭᠠᠨ᠂ ᠨᠠᠶᠢᠭᠡᠮ ‍ᠤᠨ‌‍ᠰᠢᠨᠵᠢᠯᠡᠬᠦ ᠤᠬᠠᠭᠠᠨ ᠤ ᠰᠤᠳᠤᠯᠭᠠᠨ ᠤ ᠰᠢᠯᠢᠳᠡᠭ ᠪᠦᠳᠦᠭᠡᠯ ᠢᠶᠠᠷ ᠰᠢᠯᠭᠠᠷᠠᠭᠤᠯᠤᠭᠳᠠᠵᠤ᠂ ᠬᠦᠬᠢᠬᠦᠯᠤᠯ ᠱᠠᠩᠨᠠᠯ ᠬᠦᠷᠳᠡᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号