ᠬᠦᠬᠡᠬᠤᠳᠠ - ᠰᠢᠨᠢᠩ ᠴᠢᠭᠯᠡᠯ ᠳᠤ ᠬᠤᠷᠳᠤᠨ ᠤ ᠭᠠᠯᠳᠤ ᠶᠢᠨ ᠰᠢᠭᠤᠳ ᠠᠶᠠᠯᠠᠯ ᠨᠡᠪᠳᠡᠷᠡᠨ᠎ᠡ
ᠨᠡᠶᠢᠲᠡᠯᠡᠭᠰᠡᠨ ᠴᠠᠭ᠄
2018-06-07
      ᠰᠢᠨᠬᠤᠸᠠ ᠨᠧᠲ ᠬᠦᠬᠡᠬᠤᠳᠠ ᠶᠢᠨ 6 ᠰᠠᠷ᠎ᠠ ᠶᠢᠨ 5 ᠤ ᠡᠳᠤᠷ ᠤᠨ ᠴᠠᠬᠢᠯᠭᠠᠨ ᠮᠡᠳᠡᠭᠡ ︵ᠯᠢ ᠴᠢᠶᠠᠨ᠂ ᠯᠢ ᠬᠤᠩ ᠬᠤᠩ︶ ᠲᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠳᠠ ᠶᠢᠨ ᠲᠤᠪᠴᠢᠶᠠᠨ ᠤ ᠪᠦᠯᠦᠭᠯᠡᠯ ᠺᠤᠮᠫᠠᠨᠢ ᠶᠢᠨ ᠮᠡᠳᠡᠭᠡ ᠶᠢ ᠦᠨᠳᠤᠰᠦᠯᠡᠪᠡᠯ᠂ ᠲᠡᠮᠦᠷ ᠵᠠᠮ ᠤᠨ ᠰᠠᠯᠠᠭ᠎ᠠ ᠮᠦᠴᠢᠷ ᠤᠨ ᠬᠢᠨ 7 ᠰᠠᠷ᠎ᠠ ᠶᠢᠨ 1 ᠤ ᠡᠳᠤᠷ ᠤᠨ ᠲᠡᠭ ᠴᠠᠭ ᠠᠴᠠ ᠡᠬᠢᠯᠡᠨ ᠠᠶᠠᠯᠠᠯ ᠤᠨ ᠰᠢᠨ᠎ᠡ ᠲᠦᠰᠦᠯ ᠬᠡᠷᠡᠭᠵᠢᠬᠦᠯᠵᠤ᠂ ᠲᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠳᠠ ᠲᠤᠪᠴᠢᠶ᠎ᠠ ᠬᠦᠬᠡᠬᠤᠳᠠ - ᠰᠢ ᠠᠨ ᠴᠢᠭᠯᠡᠯ ᠤᠨ ᠰᠢᠭᠤᠳ ᠠᠶᠠᠯᠠᠯ ᠨᠡᠪᠳᠡᠷᠡᠬᠦᠯᠤᠨ᠎ᠠ      ᠲᠤᠰ ᠤᠳᠠᠭ᠎ᠠ ᠲᠤᠬᠢᠷᠠᠭᠤᠯᠤᠯᠳᠠ ᠬᠢᠭᠰᠡᠨ ᠠᠶᠠᠯᠠᠯ ᠤᠨ ᠲᠦᠰᠦᠯ ᠳᠤ ᠰᠢᠨ᠎ᠡ ᠪᠠᠷ ᠨᠡᠮᠡᠭᠰᠡᠨ ᠬᠦᠬᠡᠬᠤᠳᠠ - ᠰᠢᠨᠢᠩ ᠴᠢᠭᠯᠡᠯ ᠤᠨ Z311/2 ᠡᠬᠡᠯᠵᠢ ᠶᠢᠨ ᠰᠢᠭᠤᠳ ᠠᠶᠠᠯᠠᠯ ᠤᠨ ᠬᠤᠷᠳᠤᠨ ᠤ ᠭᠠᠯᠳᠤ 17᠄ 20 ᠴᠠᠭ ᠲᠤ ᠬᠦᠬᠡᠬᠤᠳᠠ ᠠᠴᠠ ᠠᠶᠠᠯᠠᠵᠦ᠂ ᠲᠠᠷᠠᠭ᠎ᠠ ᠡᠳᠤᠷ ᠤᠨ ᠬᠢᠨᠢ 13᠄ 58 ᠴᠠᠭ ᠲᠤ ᠰᠢᠨᠢᠩ ᠳᠤ ᠬᠦᠷᠴᠦ᠂ ᠠᠶᠠᠯᠠᠯ ᠲᠠᠭᠠᠤ ᠲᠠᠩᠱᠠᠨ - ᠬᠦᠬᠡᠬᠤᠳᠠ᠂ ᠪᠡᠭᠡᠵᠢᠩ - ᠪᠤᠭᠤᠳᠤ ᠴᠢᠭᠯᠡᠯ ᠤᠨ ᠲᠤᠰᠬᠠᠢ ᠱᠤᠭᠤᠮ ᠪᠤᠯᠤᠨ ᠪᠤᠭᠤᠳᠤ - ᠯᠠᠨᠵᠧᠤ᠂ ᠯᠠᠨᠵᠧᠤ - ᠬᠦᠬᠡᠨᠠᠭᠤᠷ ᠴᠢᠭᠯᠡᠯ ᠤᠨ ᠱᠤᠭᠤᠮ ᠢᠶᠠᠷ ᠦᠩᠬᠡᠷᠡᠨ᠎ᠡ᠃
 
ᠢᠷᠡᠯᠲᠡ᠄ ᠰᠢᠨᠬᠤᠸᠠ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号