ᠪᠦᠬᠦ ᠤᠯᠤᠰ ‍ᠤᠨ‌ᠬᠤᠳᠠᠯᠳᠤᠭᠠᠨ ᠤ ᠶᠠᠪᠤᠳᠠᠯ ‍ᠤᠨ‌‍ᠲ᠋ᠦ᠋ᠷᠢᠮ ‍ᠤᠨ‌ᠥᠭᠡᠷᠡᠴᠢᠯᠡᠯᠲᠡ ᠵᠢᠨ‌ᠭᠤᠣᠯᠳᠠᠯᠭ᠎ᠠ ᠲᠠᠢ ᠡᠭᠦᠷᠭᠡ ᠶᠢᠨ ᠭᠤᠷᠪᠠᠳᠤᠭᠠᠷ ᠪᠠᠶᠢᠴᠠᠭᠠᠬᠤ ᠳᠤᠭᠤᠶᠢᠯᠠᠩ ᠰᠢᠨ᠎ᠡ ᠬᠤᠲᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠪᠢᠶᠠᠷᠢ  ᠲᠣᠪᠴᠢᠶ᠎ᠠ  ᠳᠤ ᠠᠵᠢᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018-06-08
      6 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠯᠤᠰ ᠤᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠵᠢᠨ‌ᠭᠤᠣᠯᠳᠠᠯᠭᠠᠲᠤ‌ᠡᠭᠦᠷᠭᠡ ᠵᠢᠨ‌ᠭᠤᠷᠪᠠᠳᠤᠭᠠᠷ ᠪᠠᠶᠢᠴᠠᠭᠠᠬᠤ ᠳᠤᠭᠤᠶᠢᠯᠠᠩ ‍ᠤᠨ‌‍ᠲ᠋ᠥ᠋ᠷᠪᠡᠨ ᠠᠵᠢᠯᠲᠠᠨ ᠤᠯᠤᠰ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠶᠡᠷᠦᠩᠬᠡᠶ ᠲᠣᠪᠴᠢᠶ᠎ᠠ ᠶᠢᠨ ᠠᠵᠤ ᠠᠬᠤᠶᠢᠯᠠᠯ ᠤᠨ ᠳᠠᠩᠰᠠᠯᠠᠭᠰᠠᠨ ᠨᠡᠷᠡᠶᠢᠳᠤᠯ ᠤᠨ ᠬᠠᠮᠢᠶᠠᠷᠤᠯᠲᠠ ᠶᠢᠨ ᠭᠠᠵᠠᠷ ᠤᠨ ᠶᠢᠨ ᠴᠠᠩ ᠹᠧᠩ  ᠭᠠᠵᠠᠷ ᠤᠨ ᠳᠡᠰ ᠤᠨ ᠳᠠᠷᠤᠭ᠎ᠠ ᠶᠢᠨ ᠳᠠᠭᠠᠭᠤᠯᠭ᠎ᠠ ᠪᠠᠷ᠂ ᠰᠢᠨ᠎ᠡ ᠬᠤᠲᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠪᠢᠶᠠᠷᠢ ᠲᠣᠪᠴᠢᠶ᠎ᠠ ᠶᠢᠨ ᠠᠵᠤ ᠠᠬᠤᠶᠢᠯᠠᠯ ᠤᠨ ᠪᠦᠷᠢᠳᠬᠡᠭᠦᠯᠵᠦ ᠳᠠᠩᠰᠠᠯᠠᠭᠤᠯᠬᠤ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ ᠤ ᠡᠯ᠎ᠡ ᠵᠦᠢᠯ ᠤᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ  ᠡᠭᠦᠷᠭᠡ ᠳᠤ ᠪᠠᠶᠢᠴᠠᠭᠠᠯᠲᠠ ᠬᠢᠵᠠᠢ  ᠃ ᠲᠤᠰ ᠤᠳᠠᠭᠠᠨ ᠤ ᠪᠠᠶᠢᠴᠠᠭᠠᠯᠲᠠ ᠶᠢᠨ ᠵᠣᠷᠢᠯᠭ᠎ᠠ ᠪᠣᠯ ᠡᠯ᠎ᠡ ᠭᠠᠵᠠᠷ ‍ᠤᠨ‌ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ  ᠤᠨ ᠠᠬᠢᠴᠠ ᠶᠢ ᠲᠦᠷᠭᠡᠳᠬᠡᠵᠦ  ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠦᠨᠡᠨᠬᠦ ᠬᠡᠷᠡᠭᠵᠢᠭᠦᠯᠬᠦ ᠶᠢ ᠪᠠᠲᠤᠯᠠᠵᠤ  ᠂ ᠪᠣᠳᠠᠲᠤ ᠪᠦᠲᠦᠮᠵᠢ ᠤᠯᠬᠤ  ᠶᠢ ᠱᠠᠭᠠᠷᠳᠠᠭᠰᠠᠨ ᠪᠠᠶᠢᠨ᠎ᠠ᠃ ᠥᠪᠥᠷ ᠮᠣᠩᠭᠤᠯ ᠤᠨ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠶᠢᠨ ᠠᠵᠤ ᠠᠬᠤᠶᠢᠯᠠᠯ ᠤᠨ ᠳᠠᠩᠰᠠᠯᠠᠬᠤ  ᠨᠡᠷᠡᠶᠢᠳᠤᠯ ᠤᠨ ᠲᠣᠪᠴᠢᠶᠠᠨ ᠤ ᠳᠠᠷᠤᠭ᠎ᠠ ᠱᠢ ᠬᠠᠶ ᠯᠦᠸᠧ᠂ ᠬᠥᠬᠡᠬᠤᠲᠠ ᠶᠢᠨ ᠦᠢᠯᠡᠳᠪᠦᠷᠢ ᠬᠤᠳᠠᠯᠳᠤᠭᠠᠨ ᠤ ᠲᠣᠪᠴᠢᠶᠠᠨ ᠤ ᠳᠡᠳ᠋ ᠳᠠᠷᠤᠭ᠎ᠠ  ᠰᠦᠨ ᠲᠣᠣ ᠪᠠᠷ᠎ᠠ ᠪᠣᠯᠵᠤ  ᠪᠠᠶᠢᠴᠠᠭᠠᠯᠲᠠ ᠬᠢᠪᠡ᠃       ᠰᠢᠨ᠎ᠡ ᠬᠤᠲᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠲᠣᠪᠴᠢᠶᠠᠨ ᠤ ᠳᠡᠳ᠋ ᠳᠠᠷᠤᠭ᠎ᠠ ᠾᠧ ᠹᠦ᠋ ᠬᠤᠪᠢᠶᠠᠷᠢ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ  ᠶᠢᠨ ᠭᠤᠣᠯᠳᠠᠯᠭ᠎ᠠ ᠲᠠᠢ ᠡᠭᠦᠷᠭᠡ ᠵᠢᠨ‌‍ᠲ᠋ᠦ᠋ᠯᠬᠢᠨ ᠠᠬᠢᠭᠤᠯᠤᠭᠰᠠᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠤ᠂ ᠪᠠᠶᠢᠴᠠᠭᠠᠬᠤ ᠳᠤᠭᠤᠶᠢᠯᠠᠩ ᠦᠢᠯᠡᠳᠪᠦᠷᠢ ᠬᠤᠳᠠᠯᠳᠤᠭᠠᠨ ᠤ ᠬᠤᠪᠢᠶᠠᠷᠢ ᠲᠣᠪᠴᠢᠶ᠎ᠠ ᠶᠢᠨ ᠠᠵᠤ ᠠᠬᠤᠶᠢᠯᠠᠯ ᠢ ᠡᠷᠬᠢᠯᠡᠬᠦ ᠳᠤ ᠰᠢᠯᠭᠠᠬᠤ ᠴᠠᠭ ᠢ ᠣᠬᠤᠷ ᠪᠣᠯᠭᠠᠬᠤ᠂ ᠭᠡᠷᠡᠴᠢ ᠦᠨᠡᠨᠮᠯᠡᠯ ᠶᠢ ᠰᠠᠯᠭᠠᠬᠤ  ᠂ ︽ᠤᠯᠠᠨ ᠦᠨᠡᠮᠯᠡᠯ ᠢ ᠨᠢᠭᠡᠳᠬᠡᠬᠦ︾ ᠳᠡᠩᠰᠡᠯᠡᠯᠲᠡ ᠶᠢᠨ ᠲᠦᠷᠢᠮ ᠤᠨ ᠥᠭᠡᠷᠡᠴᠢᠯᠡᠯᠲᠡ ᠶᠢᠨ  ᠠᠵᠢᠯ ᠢ ᠪᠠᠶᠢᠴᠠᠭᠠᠵᠤ᠂ ᠡᠯᠧᠺᠲᠷᠤᠨ ᠡᠵᠡᠩᠨᠡᠯᠲᠡ ᠶᠢᠨ ᠦᠨᠡᠮᠯᠡᠯ ᠤᠨ ᠠᠵᠢᠯ ᠢ ᠲᠦᠯᠬᠢᠨ ᠠᠬᠢᠭᠤᠯᠵᠤ᠂ ᠠᠵᠤ ᠠᠬᠤᠶᠢᠯᠠᠯ  ᠤᠨ ᠨᠡᠷᠡᠶᠢᠳᠦᠯ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠪᠦᠷᠢᠳᠬᠡᠯ ᠠᠴᠠ ᠬᠠᠰᠤᠬᠤ ᠶᠢ ᠳᠦᠭᠦᠮ ᠪᠣᠯᠭᠠᠬᠤ ᠪᠠ ᠣᠷᠣᠨ ᠰᠠᠭᠤᠴᠠ ᠪᠦᠷᠢᠳᠬᠡᠬᠦ ᠲᠦᠷᠢᠮ ᠵᠢᠨ‌ᠥᠭᠡᠷᠡᠴᠢᠯᠡᠯᠲᠡ ᠶᠢ ᠪᠦᠬᠦ ᠲᠠᠯ᠎ᠠ ᠪᠠᠷ  ᠬᠡᠷᠡᠭᠵᠢᠭᠦᠯᠬᠦ ᠶᠢ ᠱᠠᠭᠠᠷᠳᠠᠵᠠᠢ᠃ ᠠᠵᠤ ᠠᠬᠤᠶᠢᠯᠠᠯ ᠤᠨ ᠳᠠᠩᠰᠠ ᠡᠪᠬᠡᠮᠡᠯ ᠢ ᠪᠠᠶᠢᠴᠠᠭᠠᠨ᠂ ᠰᠢᠨ᠎ᠡ ᠬᠤᠲᠠ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠪᠢᠶᠠᠷᠢ ᠲᠣᠪᠴᠢᠶ᠎ᠠ ᠶᠢᠨ ᠠᠵᠤ ᠠᠬᠤᠶᠢᠯᠠᠯ ᠥᠪᠡᠷ ᠢᠶᠠᠨ ᠦᠢᠯᠡᠴᠢᠯᠡᠬᠦ ᠳᠡᠩᠰᠡᠯᠡᠯᠲᠡ ᠶᠢᠨ ᠲᠣᠭᠤᠷᠢᠭ ᠢ ᠪᠠᠶᠢᠴᠠᠭᠠᠬᠤ ᠶᠢᠨ ᠳᠠᠭᠠᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠲᠠᠪᠴᠠᠩ ᠤᠨ ᠴᠢᠳᠠᠮᠵᠢ  ᠶᠢᠨ ᠲᠠᠨᠢᠯᠴᠠᠭᠤᠯᠭ᠎ᠠ ᠶᠢ ᠰᠣᠨᠣᠰᠣᠨ ᠂ ᠡᠯ᠎ᠡ ᠦᠢᠯᠡᠳᠪᠦᠷᠢ ᠬᠤᠳᠠᠯᠳᠤᠭᠠᠨ ᠤ ᠭᠠᠵᠠᠷ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠠᠪᠤᠴᠠ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠪᠠ  ᠬᠦᠴᠢᠷᠳᠡᠯ ᠢ  ᠣᠶᠢᠯᠠᠭᠠᠵᠠᠢ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号