| | | 2018 ᠤᠨ ᠤ 6 ᠳ᠋ᠤᠭᠠᠷ ᠰᠠᠷ᠎ᠠ ᠶᠢᠨ 4 ᠤ ᠡᠳᠤᠷ ᠲᠣᠭᠲᠠᠬᠤ ᠰᠢᠶᠠᠨ ᠪᠦᠬᠦ ᠰᠢᠶᠠᠨ ᠤ ᠶᠠᠳᠠᠭᠤ ᠶᠢ | ᠲᠡᠳᠬᠦᠬᠦ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ᠂ | ᠬᠦᠬᠡᠬᠤᠳᠠ ᠬᠤᠶᠠᠷ ᠱᠠᠲᠤᠨ ᠤ ᠶᠠᠳᠠᠭᠤ ᠶᠢ ᠲᠡᠳᠬᠦᠬᠦ ᠬᠤᠷᠠᠯ᠂ ᠦᠪᠡᠷᠳᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠬᠦ ᠠᠯᠪᠠᠨ ᠬᠡᠷ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠵᠢᠴᠢ ᠲᠤᠭᠳᠠᠬᠤ ᠰᠢᠶᠠᠨ ᠤ | ᠶᠠᠳᠠᠭᠤ ᠶᠢ ᠲᠡᠳᠬᠦᠬᠦ ᠠᠵᠢᠯ ᠤᠨ ᠪᠠᠶᠢᠷᠢᠯᠠᠭᠤᠯᠤᠯᠳᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ | ᠰᠣᠨᠣᠰᠴᠠᠶ᠃ | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠴᠢᠬᠤᠯᠠ ᠶᠠᠷᠢᠶ᠎ᠠ | ᠲᠠᠯᠪᠢᠪᠠ᠃ ᠨᠢᠭᠡ᠂ ᠪᠦᠬᠦ ᠰᠢᠶᠠᠨ ᠤ ᠤᠳᠤᠷᠢᠳᠬᠤ ᠺᠠᠳ᠋ᠷᠴᠤᠳ ᠤᠯᠤᠰ ᠲᠦᠷᠤ ᠶᠢᠨ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ︽ᠲᠦᠷᠪᠡᠡ ᠤᠬᠠᠮᠰᠠᠷ︾ ᠶᠢ ᠪᠠᠲᠤ ᠪᠠᠬᠢ ᠪᠤᠢ ᠪᠤᠯᠭᠠᠨ᠂ ᠶᠠᠳᠠᠭᠤ ᠠᠴᠠ | ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠨ | ᠨᠠᠶᠢᠳᠠᠪᠤᠷᠢᠵᠢᠭᠤᠯᠬᠤ ᠬᠡᠷᠡᠭᠲᠡᠶ᠃ ᠬᠤᠶᠠᠷ᠂ ᠪᠦᠬᠦ ᠰᠢᠶᠠᠨ ᠤ ᠤᠳᠤᠷᠢᠳᠤᠯᠭ᠎ᠠ ᠺᠠᠳᠠᠷᠴᠤᠳ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠷᠤᠰᠢᠵᠤ ᠪᠠᠶᠢᠭ᠎ᠠ ᠠᠰᠠᠭᠤᠳᠠᠯ ᠢ ᠰᠡᠷᠭᠡᠶᠢᠯᠡᠨ ᠵᠠᠰᠠᠬᠤ ᠤᠷᠳᠤ | ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠴᠡᠭᠴᠡᠯᠡᠨ ᠦᠭᠡᠷᠡᠴᠢᠯᠡᠭᠰᠡᠨ ᠠᠮᠵᠢᠯᠲᠠ | ᠪᠦᠲᠦᠮᠵᠢ ᠶᠢ ᠠᠬᠢᠭᠤᠯᠵᠤ᠂ ᠳᠦᠷᠢᠮᠵᠢᠭᠰᠡᠨ᠂ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠪᠣᠯᠭᠠᠬᠤ ᠶᠢ | ᠠᠬᠢᠭᠤᠯᠬᠤ ᠬᠡᠷᠡᠭᠳᠡᠢ᠃ ᠭᠤᠷᠪᠠ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠬᠠᠮᠲᠤᠷᠠᠨ ᠬᠦᠳᠡᠯᠦᠯᠴᠡᠵᠤ᠂ | ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠭᠡᠨ᠂ ᠬᠤᠳᠠᠯ ᠬᠠᠭᠤᠷᠮᠠᠭ | ᠠᠩᠭᠢᠵᠢᠷᠠᠭᠤᠯᠬᠤ᠂ ᠲᠣᠭᠠᠨ ᠤ ᠲᠠᠯ᠎ᠠ ᠪᠠᠷ ᠠᠩᠭᠢᠵᠢᠷᠠᠭᠤᠯᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠲᠦᠷᠪᠡ᠂ | ᠠᠵᠢᠯ ᠤᠨ ᠠᠬᠢᠴᠠ ᠪᠠᠨ ᠲᠦᠷᠭᠡᠳᠬᠡᠨ᠂ ᠪᠣᠭᠤᠮᠲᠠ ᠰᠢᠪᠲᠤᠯᠬᠤ ᠤᠬᠠᠮᠰᠠᠷ ᠢᠶᠠᠨ ᠪᠠᠳᠤᠳᠬᠠᠨ᠂ ᠡᠯ᠎ᠡ | ᠲᠦᠷᠦᠯ ᠤᠨ ᠡᠬᠢ ᠪᠠᠶᠠᠯᠢᠭ ᠢ ᠳᠠᠶᠢᠴᠢᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠡᠷᠲᠡᠬᠡᠨ | ᠶᠠᠳᠠᠭᠤ ᠠᠴᠠ ᠠᠩᠭᠢᠵᠢᠷᠠᠭᠤᠯᠤᠨ᠎ᠠ᠃ ᠲᠠᠪᠤ᠂ ᠠᠵᠢᠯ ᠤᠨ ᠣᠪᠣᠷ ᠰᠤᠷᠲᠠᠯ ᠢᠶᠠᠨ ᠰᠠᠶᠢᠵᠢᠷᠠᠭᠤᠯᠵᠤ᠂ | ᠤᠬᠠᠮᠰᠠᠷ ᠢᠶᠠᠨ ᠲᠡᠭᠡᠭᠰᠢᠯᠡᠭᠦᠯᠬᠦ ᠬᠡᠷᠡᠭᠲᠡᠶ᠃ ᠠᠵᠢᠯ ᠤᠨ ᠭᠤᠤᠯ ᠡᠭᠦᠷᠭᠡ ᠪᠠᠨ ᠪᠠᠳᠤ ᠴᠡᠭᠡᠵᠢᠯᠡᠨ᠂ ᠠᠷᠭ᠎ᠠ | ᠬᠡᠮᠵᠢᠶ᠎ᠡ ᠪᠠᠨ ᠴᠢᠬᠤᠯᠠᠴᠢᠯᠠᠨ᠂ ᠶᠠᠳᠠᠭᠤ ᠠᠴᠠ ᠠᠩᠵᠢᠷᠠᠭᠤᠯᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ | ᠨᠠᠶᠢᠳᠠᠪᠣᠷᠢᠵᠢᠭᠤᠯᠬᠤ ᠬᠡᠷᠡᠭᠳᠡᠢ ᠭᠡᠬᠦ ᠲᠠᠪᠤᠨ ᠵᠤᠷᠪᠤᠰ ᠰᠠᠨᠠᠯ ᠲᠤᠷᠠᠳᠤᠨ ᠴᠢᠩᠭ᠎ᠠ ᠱᠠᠭᠠᠷᠳᠠᠯᠭ᠎ᠠ ᠲᠠᠯᠪᠢᠵᠠᠢ᠃ | ᠬᠠᠮᠤᠭ ᠰᠡᠭᠦᠯ ᠳᠤᠨᠢ ᠯᠢ ᠴᠦᠨ ᠶᠠᠨ᠄ ᠪᠦᠬᠦ ᠰᠢᠶᠠᠨ ᠤ ᠺᠠᠳᠠᠷᠴᠤᠳ ᠬᠠᠨᠴᠤᠶ ᠰᠢᠮᠠᠯᠠᠨ᠂ ᠦᠵᠡᠯ | ᠰᠠᠨᠠᠭ᠎ᠠ ᠪᠠᠨ ᠨᠢᠭᠡᠳᠭᠡᠨ ᠵᠣᠷᠢᠭᠲᠠᠶ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠨ ᠳᠤ | ᠵᠠᠪᠠᠯ ᠢᠯᠠᠯᠳᠠ ᠤᠯᠬᠤ ᠬᠡᠷᠡᠭᠲᠡᠶ ᠭᠡᠵᠤ ᠴᠢᠬᠤᠯᠠᠴᠢᠯᠠᠨ ᠱᠠᠭᠠᠷᠳᠠᠭᠰᠠᠨ ᠪᠠᠶᠢᠨ᠎ᠠ᠃ |