ᠬᠤᠲᠠ ᠶᠢᠨ  ᠤᠳᠤᠷᠢᠳᠤᠯᠭ᠎ᠠ ᠵᠠᠷᠢᠮ ᠰᠢᠯᠭᠠᠯᠲᠠ ᠶᠢᠨ ᠴᠢᠭ᠋ ᠢᠶᠠᠷ  ᠭᠦᠨᠵᠡᠭᠡᠶᠢᠷᠡᠵᠦ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2018-06-08
       ᠥᠴᠥᠭᠡᠳᠦᠷ᠂ 2018  ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠵᠢᠩᠬᠢᠨᠢ ᠪᠠᠷ ᠡᠬᠢᠯᠡᠪᠡ᠃  ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ  ᠸᠠᠩ ᠾᠧᠩ ᠵᠢᠶᠦ᠋ᠨ᠂ ᠬᠤᠲᠠ ᠶᠢᠨ ᠳᠡᠳ᠋ ᠳᠠᠷᠤᠭ᠎ᠠ  ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ  ᠶᠦᠨ ᠰᠢᠨ ᠮᠢᠩ  ᠨᠠᠷ  ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠰᠠᠯᠪᠤᠷᠢ ᠰᠤᠷᠭᠠᠭᠤᠯᠢ ᠶᠢᠨ ᠰᠢᠯᠭᠠᠯᠲᠠ ᠶᠢᠨ ᠴᠢᠭ᠋  ᠪᠣᠯᠣᠨ  ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠢᠶᠠᠷᠤᠯᠲᠠ ᠶᠢᠨ ᠲᠥᠪ ᠢᠶᠠᠷ ᠬᠦᠷᠴᠦ ᠰᠢᠯᠭᠠᠯᠲᠠ ᠶᠢᠨ ᠪᠠᠶᠢᠳᠠᠯ ᠢ ᠲᠣᠭᠤᠷᠢᠨ ᠪᠠᠶᠢᠴᠠᠭᠠᠪᠠ᠃            ᠸᠠᠩ ᠾᠧᠩ ᠵᠢᠶᠦ᠋ᠨ  ᠨᠠᠷ  ᠲᠣᠰ  ᠲᠤᠰ  ᠰᠢᠯᠭᠠᠯᠲᠠ ᠶᠢᠨ ᠲᠠᠯᠠᠪᠠᠢ᠂  ᠳᠦᠷᠰᠦ ᠰᠢᠩᠭᠡᠭᠡᠯᠲᠡ ᠪᠠᠷ ᠬᠢᠨᠠᠨ ᠡᠵᠡᠮᠳᠡᠬᠦ ᠲᠥᠪ ᠵᠡᠷᠭᠡ ᠭᠠᠵᠠᠷ ᠢᠶᠠᠷ  ᠬᠦᠷᠴᠦ ᠰᠢᠯᠭᠠᠯᠲᠠ ᠶᠢᠨ ᠪᠠᠶᠢᠳᠠᠯ ᠢ ᠲᠣᠭᠤᠷᠢᠨ ᠪᠠᠶᠢᠴᠠᠭᠠᠵᠤ᠂  ᠰᠢᠯᠭᠠᠯᠲᠠ ᠶᠢᠨ ᠰᠡᠳᠦᠪ ᠢ  ᠬᠠᠮᠢᠶᠠᠷᠬᠤ  ᠲᠠᠷᠬᠠᠭᠠᠬᠤ  ᠬᠤᠷᠢᠶᠠᠬᠤ ᠵᠡᠷᠭᠡ  ᠭᠤᠣᠯᠳᠠᠯᠭ᠎ᠠ ᠲᠠᠢ ᠭᠤᠭᠴᠣᠭᠠᠨ ᠤ ᠨᠢᠭᠤᠴᠠ ᠶᠢ ᠬᠠᠮᠠᠭᠠᠯᠠᠬᠤ  ᠬᠠᠮᠢᠶᠠᠷᠤᠯᠲᠠ ᠶᠢᠨ ᠠᠵᠢᠯ ᠂  ᠠᠵᠢᠯᠯᠠᠬᠤ ᠬᠥᠮᠦᠨ ᠤ ᠲᠣᠬᠢᠷᠠᠭᠤᠯᠤᠯᠲᠠ ᠵᠡᠷᠭᠡ ᠶᠢ ᠠᠰᠠᠭᠤᠨ ᠯᠠᠪᠯᠠᠪᠠ᠃      ᠸᠠᠩ ᠾᠧᠩ ᠵᠢᠶᠦ᠋ᠨ  ᠱᠠᠭᠠᠷᠳᠠᠭᠰᠠᠨ ᠨᠢ᠄  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠡᠷᠬᠡᠪᠰᠢ ᠬᠠᠷᠢᠯᠴᠠᠨ ᠬᠠᠮᠵᠢᠯᠴᠠᠵᠤ᠂ ᠠᠵᠢᠯ ᠤᠨ ᠠᠷᠭ᠎ᠠ ᠪᠠᠷᠢᠯ ᠢᠶᠠᠨ  ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠠᠯᠬᠤᠮ ᠳᠠᠷᠠᠭ᠎ᠠ ᠪᠠᠨ ᠵᠢᠷᠤᠮᠵᠢᠭᠤᠯᠵᠤ᠂ ᠠᠵᠢᠯ ᠤᠨ ᠶᠠᠪᠤᠴᠠ ᠪᠠᠨ ᠨᠠᠷᠢᠯᠢᠭ ᠪᠣᠯᠭᠠᠨ  ᠰᠢᠯᠭᠠᠯᠲᠠ ᠶᠢᠨ ᠰᠡᠳᠦᠪ ᠪᠣᠯᠤᠨ ᠰᠢᠯᠭᠠᠭᠤᠯᠤᠭᠰᠠᠳ ᠤᠨ ᠪᠡᠶ᠎ᠡ ᠶᠢᠨ ᠠᠮᠤᠷ ᠲᠦᠪᠰᠢᠨ  ᠵᠡᠷᠭᠡ ᠡᠯ᠎ᠡ ᠵᠦᠢᠯ ᠤᠨ ᠪᠠᠲᠤᠯᠠᠭ᠎ᠠ ᠪᠠ ᠦᠢᠯᠡᠴᠢᠯᠡᠭᠡ ᠶᠢᠨ ᠠᠵᠢᠯ ᠢ ᠰᠠᠶᠢᠲᠤᠷ ᠬᠢᠵᠦ᠂  ᠤᠯᠤᠰ ᠤᠨ ᠰᠢᠯᠭᠠᠯᠲᠠ ᠶᠢᠨ ᠠᠮᠤᠷ ᠲᠦᠪᠰᠢᠨ᠂  ᠤᠷᠤᠭᠰᠢᠲᠠᠢ᠂  ᠠᠮᠤᠷ ᠲᠣᠭᠲᠠᠭᠤᠨ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号