2018 ᠣᠨ ᠤ ᠢᠦᠶ ᠴᠢᠤᠸᠠᠨ ᠲᠣᠭᠤᠷᠢᠭ ᠤᠨ ᠵᠠᠩ ᠦᠢᠯᠡ ᠶᠢᠨ ᠰᠣᠶᠣᠯ ᠵᠤᠭᠠᠴᠠᠯ ᠤᠨ ᠪᠠᠶᠠᠷ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2018-07-10
           7ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ 2018 ᠣᠨ  ᠤ ᠢᠦᠶ ᠴᠢᠤᠸᠠᠨ ᠲᠣᠭᠤᠷᠢᠭ ᠤᠨ ᠵᠠᠩ  ᠦᠢᠯᠡ ᠶᠢᠨ ᠰᠣᠶᠤᠯ  ᠵᠤᠭᠠᠴᠠᠯ ᠤᠨ  ᠪᠠᠶᠠᠷ ᠦᠪᠡᠳᠡᠭᠰᠢ ᠶᠡᠬᠡᠪᠡᠷ ᠡᠬᠢᠯᠡᠪᠡ᠃      ᠲᠠᠨᠢᠯᠴᠠᠭᠤᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠦᠶ ᠴᠢᠤᠸᠠᠨ ᠲᠣᠭᠤᠷᠢᠭ ᠤᠨ ᠵᠦᠪᠯᠡᠯ᠂ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠭᠤᠣᠯᠯᠠᠨ ᠡᠷᠭᠢᠯᠡᠵᠦ᠂ ᠢᠦᠢ ᠴᠢᠤᠸᠠᠨ ᠲᠣᠭᠤᠷᠢᠭ ᠤᠨ ᠵᠢᠭᠤᠯᠴᠢᠯᠠᠯ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠰᠣᠶᠣᠯ ᠲᠠᠮᠢᠷ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠤᠳᠬ᠎ᠠ ᠤᠷᠠᠯᠢᠭ ᠤᠨ ᠬᠤᠯᠪᠣᠭ᠎ᠠ ᠵᠡᠷᠭᠡ ᠨᠢᠭᠡᠴᠡ ᠶᠢᠨ ᠳᠠᠭᠠᠭᠠᠴᠢᠯᠠᠨ ᠡᠷᠭᠢᠯᠡᠭᠰᠡᠨ 2018 ᠣᠨ  ᠤ ᠵᠠᠩ ᠦᠢᠯᠡ ᠶᠢᠨ ᠰᠣᠶᠣᠯ ᠵᠤᠭᠠᠴᠠᠯ ᠤᠨ ᠪᠠᠶᠠᠷ ᠶᠢᠰᠦᠳᠦᠭᠡᠷ ᠰᠠᠷ᠎ᠠ ᠬᠦᠷᠲᠡᠯ᠎ᠡ  ᠦᠷᠬᠦᠯᠵᠢᠯᠡᠵᠦ᠂ ᠢᠦᠶ ᠴᠢᠤᠸᠠᠨ ᠲᠣᠭᠤᠷᠢᠭ ᠤᠨ ᠡᠯ᠎ᠡ ᠦᠵᠡᠮᠵᠢᠲᠦ ᠣᠷᠣᠨ ᠦᠵᠡᠮᠵᠢ ᠶᠢᠨ ᠭᠠᠵᠠᠷ᠂ ᠰᠤᠶᠤᠯ ᠤᠨ ᠲᠠᠯᠠᠪᠠᠢ ᠣᠷᠳᠣᠨ᠂ ᠪᠠᠭᠠᠴᠤᠳ ᠤᠨ ᠣᠷᠳᠣᠨ ᠵᠢᠴᠢ ᠡᠯ᠎ᠡ ᠨᠡᠶᠢᠭᠡᠮ ᠲᠣᠭᠤᠷᠢᠭ ᠲᠣᠰᠬᠤᠨ ᠪᠠᠯᠭᠠᠰᠤ ᠵᠠᠯᠭᠠᠭ᠎ᠠ ᠪᠠᠷ ᠠᠯᠢ ᠤᠯᠠᠨ ᠵᠠᠩ ᠦᠢᠯᠡ᠂ ᠤᠳᠬ᠎ᠠ ᠤᠷᠠᠯᠢᠭ ᠤᠨ ᠦᠵᠡᠭᠦᠯᠦᠯᠭᠡ᠂ ᠦᠵᠡᠮᠵᠢᠲᠦ ᠣᠷᠣᠨ ᠬᠦᠳᠡᠯᠦᠯᠴᠡᠬᠦ ᠵᠡᠷᠭᠡ ᠪᠠᠶᠠᠯᠢᠭ ᠰᠠᠶᠢᠬᠠᠨ ᠰᠢᠷᠢᠰ ᠬᠥᠳᠡᠯᠭᠡᠭᠡᠨ ᠦᠷᠨᠢᠭᠦᠯᠦᠨ᠎ᠡ᠃
           7 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠵᠠᠩ  ᠦᠢᠯᠡ ᠶᠢᠨ ᠰᠣᠶᠣᠯ  ᠵᠤᠭᠠᠴᠠᠯ ᠤᠨ  ᠪᠠᠶᠠᠷ ᠡᠬᠢᠯᠡᠬᠦ ᠶᠣᠰᠣᠯᠠᠯ ᠲᠤᠰ ᠬᠤᠭᠤᠴᠠᠭᠠᠨ ᠤ ᠵᠠᠩ ᠦᠢᠯᠡ ᠶᠢᠨ ᠰᠣᠶᠣᠯ ᠵᠤᠭᠠᠴᠠᠯ ᠤᠨ ᠨᠠᠶᠢᠷ ᠤᠨ  ᠭᠤᠤᠯ ᠲᠠᠯᠠᠪᠠᠶ᠂ ᠢᠦᠶ ᠴᠢᠤᠸᠠᠨ ᠲᠣᠭᠤᠷᠢᠭ ᠤᠨ ᠳ᠋ᠠ ᠱᠧᠩ ᠺᠦᠢ ᠰᠤᠶᠤᠯ ᠤᠨ ᠦᠢᠯᠡᠰ ᠪᠤᠰᠬᠠᠬᠤ ᠬᠦᠷᠢᠶᠡᠯᠡᠩ ᠤᠨ  ᠡᠮᠦᠨ᠎ᠡ ᠲᠣᠭᠤᠷᠢᠭ ᠤᠨ ᠬᠤᠶᠢᠲᠤ ᠲᠠᠯᠠᠪᠠᠶ ᠳᠤ ᠶᠠᠪᠤᠭᠳᠠᠪᠠ᠃ ᠨᠠᠶᠢᠷ ᠡᠬᠢᠯᠡᠬᠦ ᠶᠣᠰᠣᠯᠠᠯ ᠳᠡᠭᠡᠷ᠎ᠡ ᠭᠤᠶᠢᠳᠠ ᠰᠠᠶᠢᠬᠠᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠠᠴᠠ ᠭᠠᠳᠠᠨ᠎ᠠ᠂ ᠪᠠᠰᠠ ︽ᠥᠪᠥᠷ ᠮᠣᠩᠭᠤᠯ ᠤᠨ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠵᠢᠭᠤᠯᠴᠢᠯᠠᠯ ᠤᠨ ᠲᠦᠷᠢ ᠲᠥᠷᠬᠦ  ᠶᠢᠨ ᠤᠬᠠᠭᠤᠯᠭ᠎ᠠ ᠶᠢᠨ ᠤᠷᠢᠶ᠎ᠠ ᠵᠢᠴᠢ ᠵᠢᠭᠤᠯᠴᠢᠯᠠᠯ ᠤᠨ ᠲᠦᠷᠢ ᠲᠥᠷᠬᠦ  ᠶᠢᠨ ᠲᠡᠮᠳᠡᠭ ︵LOGO︶︾ ᠤᠨ ᠱᠠᠩᠨᠠᠯ ᠣᠯᠤᠭᠰᠠᠨ ᠨᠡᠷᠡᠰ ᠢ ᠢᠯᠡ ᠪᠣᠯᠭᠠᠵᠤ᠂ ᠰᠠᠷ᠎ᠠ ᠢᠯᠡᠭᠦᠦ ᠶᠢᠨ ᠴᠤᠭᠯᠠᠭᠤᠯᠭ᠎ᠠ ᠪᠠᠷ᠂ ᠣᠳᠣᠬᠠᠨ ᠳᠤ ᠪᠦᠲᠦᠮᠵᠢᠲᠡᠶ ᠣᠯᠤᠭᠰᠠᠨ ᠵᠢᠭᠤᠯᠴᠢᠯᠠᠯ ᠤᠨ ᠲᠦᠷᠢ ᠲᠥᠷᠬᠦ ᠶᠢᠨ ᠤᠬᠠᠭᠤᠯᠭ᠎ᠠ ᠶᠢᠨ ᠤᠷᠢᠶ᠎ᠠ 1637 ᠪᠠᠶᠢᠵᠤ᠂ ᠵᠢᠭᠤᠯᠴᠢᠯᠠᠯ ᠤᠨ ᠲᠦᠷᠢ ᠲᠥᠷᠬᠦ ᠶᠢᠨ ᠲᠡᠮᠳᠡᠭ 147 ᠪᠠᠶᠢᠵᠤ᠂ ᠰᠦᠯᠵᠢᠶᠡᠨ ᠳᠡᠭᠡᠷ᠎ᠡ ᠪᠢᠯᠧᠲ ᠥᠭᠬᠦ ᠪᠠ ᠲᠤᠰᠬᠠᠶ ᠮᠡᠷᠭᠡᠵᠢᠯᠲᠡᠨ ᠤ ᠴᠢᠩᠭ᠎ᠠ ᠬᠢᠨᠠᠨ ᠲᠣᠭᠲᠠᠭᠠᠬᠤ ᠶᠢ ᠳᠠᠮᠵᠢᠭᠤᠯᠤᠨ ᠡᠴᠦᠰ ᠲᠡᠭᠡᠨ ᠲᠤᠰ ᠲᠤᠰ ᠬᠠᠮᠤᠭ ᠤᠨ ᠰᠠᠶᠢᠨ ᠪᠦᠲᠦᠭᠡᠯᠴᠢ ᠱᠠᠩᠨᠠᠯ ᠪᠠ  ᠰᠢᠯᠢᠭᠳᠡᠭᠰᠡᠨ ᠱᠠᠩᠨᠠᠯ  ᠢ ᠰᠢᠯᠭᠠᠷᠠᠭᠤᠯᠤᠨ  ᠭᠠᠷᠭᠠᠪᠠ᠃      ᠲᠠᠨᠢᠯᠴᠠᠭᠤᠯᠤᠭᠰᠠᠨ ᠢᠶᠠᠷ᠂ ᠡᠨᠡ ᠤᠳᠠᠭᠠᠨ ᠤ ᠵᠠᠩ ᠦᠢᠯᠡ ᠶᠢᠨ ᠰᠣᠶᠣᠯ ᠵᠤᠭᠠᠴᠠᠯ ᠤᠨ ᠪᠠᠶᠠᠷ ᠲᠤ ᠵᠠᠩ ᠦᠢᠯᠡ ᠶᠢᠨ ᠰᠣᠶᠣᠯ ᠵᠤᠭᠠᠴᠠᠯ ᠤᠨ ᠠᠵᠢᠯᠯᠠᠭ᠎ᠠ᠂ ᠰᠣᠶᠣᠯ ᠲᠠᠮᠢᠷ ᠤᠨ ᠪᠡᠶ᠎ᠡ ᠪᠣᠯᠪᠠᠰᠤᠷᠠᠭᠤᠯᠬᠤ ᠬᠥᠳᠡᠯᠭᠡᠭᠡᠨ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ  ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠪᠠ ᠤᠯᠠᠨ ᠲᠦᠮᠡᠨ ᠤ  ᠪᠡᠶᠡᠴᠢᠯᠡᠨ ᠤᠶᠢᠯᠠᠭᠠᠬᠤ ᠠᠵᠢᠯᠯᠠᠭ᠎ᠠ ᠵᠡᠷᠭᠡ ᠲᠠᠪᠤᠨ ᠶᠡᠭᠡ ᠲᠥᠷᠥᠯ ᠪᠠᠶᠢᠵᠤ᠂ ᠨᠡᠶᠢᠲᠡ 30 ᠵᠦᠢᠯ ᠤᠨ ᠭᠤᠶᠢᠳᠠ ᠰᠠᠶᠢᠬᠠᠨ ᠰᠢᠷᠢᠰ ᠠᠵᠢᠯᠯᠠᠭ᠎ᠠ ᠪᠠᠷ ᠪᠦᠷᠢᠯᠳᠦᠪᠡ᠃ 2018 ᠣᠨ ᠤ ᠢᠦᠶ ᠴᠢᠤᠸᠠᠨ ᠲᠣᠭᠤᠷᠢᠭ ᠤᠨ ᠵᠠᠩ ᠦᠢᠯᠡ ᠶᠢᠨ ᠰᠣᠶᠣᠯ   ᠵᠤᠭᠠᠴᠠᠯ ᠤᠨ  ᠪᠠᠶᠠᠷ ᠪᠣᠯ ᠢᠦᠶ ᠴᠢᠤᠸᠠᠨ ᠤ ᠳᠦᠷᠢ ᠲᠦᠷᠬᠦ ᠶᠢ ᠲᠤᠳᠤᠷᠠᠭᠤᠯᠬᠤ᠂ ᠢᠦᠶ ᠴᠢᠤᠸᠠᠨ   ᠤ ᠰᠣᠶᠣᠯ ᠢ  ᠤᠬᠠᠭᠤᠯᠬᠤ᠂ ᠢᠦᠶ ᠴᠢᠤᠸᠠᠨ ᠤ ᠵᠢᠭᠤᠯᠴᠢᠯᠠᠯ ᠢ ᠲᠠᠨᠢᠯᠴᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠵᠣᠬᠢᠶᠠᠨ ᠪᠠᠶᠢᠭᠤᠯᠤᠭᠰᠠᠨ ᠲᠠᠯ᠎ᠠ ᠵᠠᠰᠠᠭ ᠤᠨ ᠣᠷᠳᠣᠨ ᠢᠶᠠᠷ ᠤᠳᠤᠷᠢᠳᠤᠮᠵᠢ ᠪᠤᠯᠭᠠᠨ ᠨᠡᠶᠢᠭᠡᠮ ᠤᠨ ᠣᠷᠤᠯᠴᠠᠯᠭ᠎ᠠ ᠶᠢ ᠪᠠᠷᠢᠮᠲᠠᠯᠠᠵᠤ᠂ ᠭᠤᠶᠢᠳᠠ ᠰᠠᠶᠢᠬᠠᠨ ᠠᠷᠠᠳ ᠤᠨ ᠵᠠᠩ ᠦᠢᠯᠡ ᠶᠢ  ᠤᠶᠢᠯᠠᠭᠠᠬᠤ᠂ ᠤᠳᠬ᠎ᠠ ᠤᠷᠠᠯᠢᠭ ᠤᠨ ᠦᠵᠡᠭᠦᠯᠦᠯᠭᠡ᠂ ᠦᠵᠡᠮᠵᠢᠲᠦ ᠣᠷᠣᠨ ᠤ ᠬᠠᠷᠢᠯᠴᠠᠨ ᠬᠦᠳᠡᠯᠦᠯᠴᠡᠬᠦ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠢᠦᠶ ᠴᠢᠤᠸᠠᠨ ᠲᠣᠭᠤᠷᠢᠭ ᠤᠨ ᠣᠯᠠᠨ ᠦᠵᠡᠮᠵᠢᠲᠦ ᠣᠷᠣᠨ ᠦᠵᠡᠮᠵᠢ ᠶᠢᠨ ᠭᠠᠵᠠᠷ᠂ ᠰᠣᠶᠣᠯ ᠤᠨ ᠲᠠᠯᠠᠪᠠᠢ ᠣᠷᠳᠣᠨ ᠵᠢᠴᠢ ᠪᠠᠯᠭᠠᠰᠤ ᠵᠡᠭᠡᠯᠢ ᠭᠤᠳᠤᠮᠵᠢ ᠲᠣᠰᠬᠤᠨ ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭᠠᠨ ᠤ ᠲᠠᠯᠠᠪᠠᠶ ᠪᠠᠷ ᠲᠠᠪᠴᠠᠩ ᠪᠣᠯᠭᠠᠵᠤ᠂ ᠣᠳᠣ ᠦᠶ᠎ᠡ ᠶᠢᠨ ᠤᠷᠠᠯᠢᠭ᠂ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ᠂ ᠠᠷᠠᠳ ᠤᠨ ᠬᠤᠭᠤᠷᠣᠨᠳᠣᠬᠢ ᠤᠯᠠᠮᠵᠢᠯᠠᠯ᠂ ᠴᠠᠭ ᠤᠨ ᠥᠩᠭᠡᠲᠦ ᠬᠤᠰᠢᠭᠤᠴᠢ ᠠᠵᠢᠯᠯᠠᠭ᠎ᠠ ᠵᠡᠷᠭᠡ ᠤᠯᠠᠨ ᠵᠦᠢᠯ ᠤᠨ ᠬᠡᠯᠪᠡᠷᠢ  ᠶᠢ ᠲᠠᠲᠠᠵᠤ ᠣᠷᠣᠭᠤᠯᠬᠤ ᠪᠠᠷ ᠲᠠᠮᠵᠢᠨ᠂ ᠴᠣ ᠰᠢᠨ᠎ᠡ ᠬᠤᠲᠠ ᠶᠢᠨ ᠰᠡᠯᠡᠭᠦᠴᠡᠯ ᠤᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠨ᠂   ᠡᠷᠴᠢ ᠲᠡᠭᠦᠯᠳᠡᠷ ᠢᠦᠶ ᠴᠢᠤᠸᠠᠨ   ᠤ ᠥᠩᠭᠡ ᠭᠢᠯᠪᠠᠭ᠎ᠠ  ᠶᠢ ᠭᠦᠢᠴᠡᠳ ᠬᠠᠷᠠᠭᠤᠯᠵᠤ᠂  ᠥᠷᠭᠡᠨ ᠤᠯᠠᠨ ᠠᠷᠠᠳ ᠲᠦᠮᠡᠨ ᠤ ᠰᠣᠶᠣᠯ ᠴᠡᠩᠭᠡᠯ ᠤᠨ ᠠᠮᠢᠳᠤᠷᠠᠯ ᠢ ᠲᠦᠢᠯ ᠤᠨ ᠡᠯᠪᠡᠭ ᠪᠣᠯᠭᠠᠵᠤ᠂ ᠵᠠᠩ ᠦᠢᠯᠡ ᠶᠢᠨ ᠰᠣᠶᠣᠯ  ᠵᠤᠭᠠᠴᠠᠯ ᠤᠨ ᠪᠠᠶᠠᠷ ᠲᠤ ᠪᠥᠬᠦᠳᠡ ᠤᠯᠠᠨ ᠢᠶᠠᠷ ᠢᠶᠠᠨ ᠣᠷᠣᠯᠴᠠᠬᠤ᠂ ᠪᠦᠭᠦ ᠠᠷᠠᠳ ᠢᠶᠠᠷ ᠢᠶᠠᠨ ᠬᠠᠮᠲᠤ ᠪᠠᠷ ᠡᠳ᠋ᠯᠡᠬᠦ᠂ ᠪᠦᠬᠦ ᠬᠤᠲᠠ ᠪᠠᠷ ᠠᠩᠬᠠᠷᠤᠯ ᠢᠶᠠᠨ  ᠲᠥᠪᠯᠡᠷᠡᠭᠦᠯᠦᠭᠰᠡᠨ ᠤᠶᠤᠨ ᠰᠠᠨᠠᠭ᠎ᠠ ᠰᠣᠶᠣᠯ ᠤᠨ ᠦᠪᠡᠳᠡᠭᠰᠢ ᠨᠠᠶᠢᠷ ᠪᠤᠯᠭᠠᠬᠤ ᠪᠠᠷ ᠴᠢᠷᠮᠠᠶᠢᠨ᠎ᠠ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号