ᠦᠴᠦᠸᠠᠨ ᠰᠢᠶᠠᠨ ᠤ ᠰᠢᠯᠦᠭ ᠳᠠᠭᠤᠯᠠᠯ ᠤᠨ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2018-07-10
           2018 ᠣᠨ ᠤ 7 ᠰᠠᠷ᠎ᠠ ᠶᠢᠨ 8 ᠤ ᠡᠳᠤᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ ᠤ ᠰᠢᠯᠦᠭ ᠳᠠᠭᠤᠯᠠᠯ ‍ᠤᠨ‌ᠨᠡᠶᠢᠭᠡᠮᠯᠢᠭ ᠬᠤᠷᠠᠯ ᠬᠤᠷᠠᠯᠳᠤᠭᠤᠯᠵᠤ᠂ ᠦᠴᠦᠸᠠᠨ ᠰᠢᠶᠠᠨ ᠤ ᠰᠢᠯᠦᠭ  ᠳᠠᠭᠤᠯᠠᠯ ᠤᠨ ᠨᠡᠶᠢᠭᠡᠮᠯᠢᠭ ᠵᠢᠩᠬᠢᠨᠢ ᠪᠠᠷ ᠪᠠᠶᠢᠭᠤᠯᠤᠭᠳᠠᠭᠰᠠᠨ ᠢ ᠵᠠᠷᠯᠠᠬᠤ ᠶᠢᠨ ᠬᠠᠮᠲᠤ ᠨᠡᠶᠢᠭᠡᠮᠯᠢᠭ ᠤᠨ ᠳᠦᠷᠢᠮ᠂ ᠨᠡᠶᠢᠭᠡᠮᠯᠢᠭ ᠤᠨ ᠳᠠᠷᠤᠭ᠎ᠠ᠂ ᠳᠡᠳ᠋ ᠳᠠᠷᠤᠭ᠎ᠠ ᠶᠢ ᠰᠤᠩᠭᠤᠬᠤ ᠵᠡᠷᠭᠡ ᠠᠭᠤᠯᠭ᠎ᠠ ᠶᠢ ᠪᠠᠲᠤᠯᠠᠪᠠ᠃
     ᠬᠤᠷᠠᠯ ᠠᠴᠠ ᠰᠢᠯᠦᠭ ᠳᠠᠭᠤᠯᠠᠯ ‍ᠤᠨ‌ᠨᠡᠶᠢᠭᠡᠮᠯᠢᠭ ᠤᠨ ᠳᠦᠷᠢᠮ ᠲᠣᠭᠲᠠᠭᠠᠯ᠂ ᠨᠡᠶᠢᠭᠡᠮᠯᠢᠭ ᠤᠨ ᠳᠠᠷᠤᠭ᠎ᠠ᠂ ᠨᠡᠶᠢᠭᠡᠮᠯᠢᠭ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠵᠡᠷᠭᠡ ᠰᠤᠩᠭᠤᠳᠠᠬᠤ ᠬᠦᠮᠦᠰ ᠤᠨ ᠨᠡᠷᠡᠰ ᠢ ᠨᠡᠶᠢᠲᠡᠯᠡᠵᠤ᠂ ᠬᠤᠷᠠᠯ ᠳᠤ ᠣᠷᠤᠯᠴᠠᠭᠰᠠᠳ ᠭᠠᠷ ᠡᠷᠭᠦᠨ ᠪᠠᠲᠤᠯᠠᠪᠠ᠃ ᠬᠤᠷᠠᠯ ᠠᠴᠠ ᠵᠧᠩ ᠱᠸᠤ ᠴᠠᠩ ᠢ ᠰᠢᠯᠦᠭ ᠤᠨ ᠨᠡᠶᠢᠭᠡᠮᠯᠢᠭ ᠤᠨ ᠠᠩᠬᠠᠳᠠᠭᠴᠢ ᠨᠡᠶᠢᠭᠡᠮᠯᠢᠭ ᠤᠨ ᠳᠠᠷᠤᠭ᠎ᠠ ᠪᠠᠷ ᠰᠤᠩᠭᠤᠪᠠ᠃ ᠦᠴᠦᠸᠠᠨ ᠰᠢᠶᠠᠨ ᠤ ᠤᠯᠤᠰ ᠲᠦᠷᠥ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠣ ᠸᠧᠨ ᠪᠢᠶᠤᠤ᠂ ᠲᠣᠮᠳᠠᠳᠤ ᠶᠢᠨ ᠰᠢᠯᠦᠭ ᠤᠨ ᠨᠡᠶᠢᠭᠡᠮᠯᠢᠭ ᠤᠨ ᠳᠡᠳ᠋ ᠳᠠᠷᠤᠭ᠎ᠠ᠂ ᠦᠪᠦᠷ ᠮᠣᠩᠭᠤᠯ ᠤᠨ ᠰᠢᠯᠦᠭ ᠤᠨ ᠨᠡᠶᠢᠭᠡᠮᠯᠢᠭ ᠤᠨ ᠳᠠᠷᠤᠭ᠎ᠠ ᠵᠢᠶᠠ ᠰᠢᠤᠸᠢ ᠢ ᠬᠠᠮᠲᠤᠪᠡᠷ ᠦᠴᠦᠸᠠᠨ ᠰᠢᠶᠠᠨ ᠤ ᠰᠢᠯᠦᠭ ᠳᠠᠭᠤᠯᠠᠯ ᠤᠨ ᠨᠡᠶᠢᠭᠡᠮᠯᠢᠭ ᠤᠨ ᠫᠠᠶᠢᠰᠠ ᠶᠢ ᠡᠯᠭᠦᠵᠤ᠂ ᠦᠴᠦᠸᠠᠨ ᠰᠢᠶᠠᠨ ᠤ ᠰᠢᠯᠦᠭ  ᠳᠠᠭᠤᠯᠠᠯ ᠤᠨ ᠨᠡᠶᠢᠭᠡᠮᠯᠢᠭ ᠵᠢᠩᠬᠢᠨᠢ ᠪᠠᠷ ᠪᠠᠶᠢᠭᠤᠯᠤᠭᠳᠠᠭᠰᠠᠨ ᠢ ᠲᠤᠩᠬᠠᠭᠯᠠᠪᠠ᠃
     ᠵᠢᠶᠠ ᠰᠢᠤᠸᠢ ᠢ᠂ ᠦᠪᠦᠷ ᠮᠣᠩᠭᠤᠯ ᠤᠨ ᠵᠤᠬᠢᠶᠠᠯᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠲᠢᠶᠠᠨ ᠪᠢᠨ᠂ᠡᠣ ᠸᠧᠨ ᠪᠢᠶᠤᠤ ᠵᠡᠷᠭᠡ ᠬᠤᠷᠠᠯ ᠳᠤ ᠰᠠᠭᠠᠲᠠᠭᠰᠠᠨ ᠡᠷᠬᠢᠮ ᠵᠣᠴᠢᠳ ᠠᠴᠠ ᠶᠠᠷᠢᠶ᠎ᠠ ᠲᠠᠯᠪᠢᠵᠤ᠂ ᠦᠴᠦᠸᠠᠨ ᠰᠢᠶᠠᠨ  ᠤ ᠰᠢᠯᠦᠭ ᠳᠠᠭᠤᠯᠠᠯ ᠤᠨ ᠨᠡᠶᠢᠭᠡᠮᠯᠢᠭ ᠪᠠᠶᠢᠭᠤᠯᠤᠭᠳᠠᠭᠰᠠᠨ ᠳᠤ ᠪᠠᠶᠠᠷ ᠬᠦᠷᠭᠡᠬᠦ ᠶᠢᠨ ᠬᠠᠮᠲᠤ ᠦᠴᠦᠸᠠᠨ ᠰᠢᠶᠠᠨ ᠤ ᠰᠢᠯᠦᠭ ᠳᠠᠭᠤᠯᠠᠯ ᠤᠨ ᠨᠡᠶᠢᠭᠡᠮᠯᠢᠭ ᠤᠨ ᠠᠵᠢᠯ ᠳᠤ ᠬᠦᠰᠡᠯ ᠨᠠᠶᠢᠳᠠᠯᠭ᠎ᠠ ᠲᠠᠯᠪᠢᠵᠤ ᠪᠠᠶᠢᠬᠤ ᠪᠠᠨ ᠢᠯᠡᠷᠬᠡᠶᠢᠯᠡᠪᠡ᠃ ᠦᠴᠦᠸᠠᠨ ᠰᠢᠶᠠᠨ ᠤ ᠤᠯᠤᠰ ᠲᠥᠷᠦ ᠶᠢᠨ ᠵᠦᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠶᠢᠨ ᠨᠠᠶᠢᠳᠠᠯᠭ᠎ᠠ ᠪᠠᠷ ᠪᠠᠶᠠᠷ ᠬᠦᠷᠭᠡᠬᠦ ᠦᠭᠡ ᠤᠩᠰᠢᠨ ᠨᠡᠶᠢᠲᠡᠯᠡᠬᠦ ᠶᠢᠨ ᠬᠠᠮᠲᠤ ᠶᠠᠷᠢᠶ᠎ᠠ ᠲᠠᠯᠪᠢᠪᠠ᠃ ᠵᠧᠩ ᠱᠸᠤ ᠴᠠᠩ ᠦᠴᠦᠸᠠᠨ ᠰᠢᠶᠠᠨ ᠤ ᠰᠢᠯᠦᠭ ᠳᠠᠭᠤᠯᠠᠯ ᠤᠨ ᠰᠣᠳᠤᠯᠭᠠᠨ᠂ ᠡᠭᠦᠳᠦᠨ ᠪᠦᠲᠦᠭᠡᠵᠤ ᠪᠠᠶᠢᠭ᠎ᠠ ᠪᠠᠶᠢᠳᠠᠯ ᠵᠢᠴᠢ ᠰᠢᠯᠦᠭ ᠳᠠᠭᠤᠯᠠᠯ ᠤᠨ ᠨᠡᠶᠢᠭᠡᠮᠯᠢᠭ ᠢ ᠪᠡᠯᠡᠳᠬᠡᠨ ᠪᠠᠶᠢᠭᠤᠯᠤᠭᠰᠠᠨ ᠲᠤᠬᠠᠢ ᠲᠠᠨᠢᠯᠴᠠᠭᠤᠯᠵᠤ᠂ ᠸᠠᠩ ᠹᠦ᠋ ᠵᠸᠣ ᠨᠠᠶᠢᠷᠠᠭᠤᠯᠤᠯ ᠤᠨ ᠰᠢᠯᠦᠭ ᠤᠩᠰᠢᠵᠤ ᠨᠡᠶᠢᠭᠡᠮᠯᠢᠭ ᠪᠠᠶᠢᠭᠤᠯᠤᠭᠳᠠᠭᠰᠠᠨ ᠢ ᠪᠡᠯᠭᠡᠯᠡᠪᠡ᠃      ᠦᠴᠦᠸᠠᠨ ᠰᠢᠶᠠᠨ ᠤ ᠰᠢᠯᠦᠭ ᠳᠠᠭᠤᠯᠠᠯ ᠤᠨ ᠨᠡᠶᠢᠭᠡᠮᠯᠢᠭ ᠪᠣᠯ ᠦᠴᠦᠸᠠᠨ ᠰᠢᠶᠠᠨ ᠤ ᠠᠷᠠᠳ ᠤᠨ ᠰᠢᠯᠦᠭᠴᠢᠳ ᠪᠠ ᠰᠢᠯᠦᠭ ᠲᠤ ᠳᠤᠷ᠎ᠠ ᠪᠠᠬ᠎ᠠ ᠲᠠᠢ ᠬᠥᠮᠦᠰ ᠤᠨ ᠰᠠᠶᠢᠨ ᠳᠤᠷ᠎ᠠ ᠠᠴᠠ ᠪᠠᠨ ᠪᠠᠶᠢᠭᠤᠯᠤᠭᠰᠠᠨ ᠤᠯᠠᠨ ᠲᠦᠮᠡᠨᠴᠢ ᠪᠦᠯᠬᠦᠮ ᠮᠦᠨ᠂ ᠡᠷᠲᠡᠨ ᠤ ᠰᠢᠯᠦᠭ ᠤᠨ ᠲᠢᠭ ᠰᠢᠯᠦᠭ ᠤᠨ ᠮᠠᠭᠲᠠᠭᠤ ᠪᠠ ᠣᠳᠤ ᠦᠶ᠎ᠡ ᠶᠢᠨ ᠰᠢᠯᠦᠭ ᠳᠠᠭᠤᠯᠠᠯ ᠤᠨ ᠵᠣᠬᠢᠶᠠᠨ ᠪᠥᠲᠦᠭᠡᠯ ᠤᠨ ᠬᠥᠭᠵᠢᠯᠲᠡ ᠶᠢ ᠠᠬᠢᠭᠤᠯᠬᠤ ᠪᠠᠷ ᠬᠠᠷᠢᠭᠤᠴᠠᠯᠭ᠎ᠠ ᠪᠠᠨ ᠪᠤᠯᠭᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠮᠦᠨ᠂ ᠦᠴᠦᠸᠠᠨ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠵᠢᠭᠠᠨ ᠵᠢᠯᠤᠭᠤᠳᠤᠯᠭ᠎ᠠ ᠲᠤᠤᠷ᠎ᠠ ᠰᠢᠯᠦᠭ ᠳᠠᠭᠤᠯᠠᠯ ᠵᠣᠬᠢᠶᠠᠨ ᠪᠦᠲᠦᠭᠡᠬᠦ᠂ ᠰᠤᠳᠤᠯᠭᠠᠨ ᠬᠢᠬᠦ ᠵᠡᠷᠭᠡ ᠠᠵᠢᠯ ᠢᠶᠠᠨ ᠦᠷᠨᠢᠭᠦᠯᠬᠦ ᠪᠣᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号