ᠰᠢᠨ᠎ᠡ ᠬᠤᠲᠠ ᠲᠣᠭᠤᠷᠢᠭ 2018 ᠣᠨ ᠤ ᠳᠡᠭᠡᠷ᠎ᠡ ᠬᠠᠭᠠᠰ ᠵᠢᠯ ᠲᠦᠷ ᠴᠠᠭ ᠤᠨ ᠠᠪᠤᠷᠠᠨ ᠲᠤᠰᠠᠯᠠᠬᠤ ᠮᠥᠩᠭᠦ 11.2 ᠲᠦᠮᠡᠨ ᠲᠦᠭᠦᠷᠢᠭ ᠲᠠᠷᠬᠠᠭᠠᠵᠠᠢ
ᠨᠡᠶᠢᠲᠡᠯᠡᠭᠰᠡᠨ ᠴᠠᠭ᠄
2018-07-10
      ᠰᠢᠨ᠎ᠡ ᠬᠤᠲᠠ ᠲᠣᠭᠤᠷᠢᠭ ᠬᠦᠴᠢᠷᠳᠡᠯᠲᠡᠶ ᠣᠯᠠᠨ ᠲᠦᠮᠡᠨ ᠤ ᠭᠡᠨᠡᠳᠲᠡ  ᠶᠢᠨ ᠴᠢᠨᠠᠷᠲᠠᠶ᠂ ᠪᠠᠴᠢᠮ ᠴᠢᠨᠠᠷᠲᠠᠢ᠂ ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠲᠦᠷ ᠴᠠᠭ ᠤᠨ ᠠᠪᠤᠷᠠᠨ ᠲᠤᠰᠠᠯᠠᠬᠤ ᠳᠦᠷᠢᠮ ᠤᠨ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠴᠢᠮ ᠬᠦᠴᠢᠷ ᠪᠠᠶᠢᠳᠠᠯ ᠢ ᠲᠣᠰᠠᠯᠠᠬᠤ ᠳᠤ ᠦᠢᠯᠡᠳᠦᠯ ᠦᠵᠡᠭᠦᠯᠦᠭᠰᠡᠨ ᠪᠠᠶᠢᠨ᠎ᠠ᠃ 2018 ᠣᠨ ᠤ ᠳᠡᠭᠡᠷ᠎ᠡ ᠬᠠᠭᠠᠰ ᠵᠢᠯ ᠳᠤ᠂ 41 ᠬᠦᠮᠦᠨ ᠢ ᠠᠪᠤᠷᠠᠨ ᠲᠤᠰᠠᠯᠠᠵᠤ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ 11.2 ᠲᠦᠮᠡᠨ ᠲᠥᠭᠦᠷᠢᠭ ᠲᠠᠷᠬᠠᠭᠠᠵᠠᠢ᠃ ᠡᠭᠦᠨ ᠤ ᠳᠣᠲᠣᠷ᠎ᠠ ᠬᠤᠳᠠ ᠶᠢᠨ ᠬᠦᠴᠢᠷᠳᠡᠯᠲᠡᠶ ᠤᠯᠠᠨ ᠲᠦᠮᠡᠨ 16 ᠬᠥᠮᠦᠨ᠂ ᠠᠪᠤᠷᠠᠨ ᠲᠤᠰᠠᠯᠠᠬᠤ ᠪᠡᠯᠡ ᠮᠥᠩᠭᠦ 4.1 ᠲᠦᠮᠡᠨ ᠲᠥᠭᠦᠷᠢᠭ︔ ᠬᠥᠳᠡᠭᠡ ᠲᠣᠰᠬᠤᠨ ᠤ ᠬᠦᠴᠢᠷᠳᠡᠯᠲᠡᠶ ᠣᠯᠠᠨ ᠲᠦᠮᠡᠨ 25  ᠬᠥᠮᠦᠨ  ᠂ ᠠᠪᠤᠷᠠᠨ ᠲᠤᠰᠠᠯᠠᠬᠤ ᠪᠡᠯᠡ ᠮᠥᠩᠭᠦ 7.1  ᠲᠦᠮᠡᠨ‌‍ᠲ᠋ᠥ᠋ᠭᠦᠷᠢᠭ ᠲᠠᠷᠬᠠᠭᠠᠨ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ  ᠢ ᠦᠨᠡᠨ ᠬᠦ  ᠪᠠᠲᠤᠯᠠᠵᠠᠢ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号