ᠠᠷᠪᠠ ᠶᠢᠰᠦᠳᠤᠬᠡᠷ ᠬᠤᠭᠤᠴᠠᠭᠠᠨ ᠤ ᠲᠤᠮᠳᠠᠳᠤ ᠤᠯᠤᠰ • ᠬᠦᠬᠡᠬᠤᠳᠠ ᠶᠢᠨ ᠵᠤᠤ ᠵᠢᠶᠦ᠋ᠨ ᠤ ᠰᠤᠶᠤᠯ ᠤᠨ ᠨᠠᠶᠢᠷ 20 ᠳᠤ ᠨᠡᠬᠡᠬᠡᠯᠳᠡ ᠪᠠᠨ ᠬᠢᠨ᠎ᠡ
ᠨᠡᠶᠢᠲᠡᠯᠡᠭᠰᠡᠨ ᠴᠠᠭ᠄
2018-07-10
      ᠰᠤᠷᠪᠤᠯᠵᠢᠯᠠᠭᠴᠢ 7 ᠰᠠᠷ᠎ᠠ ᠶᠢᠨ 7 ᠤ ᠡᠳᠤᠷ ᠬᠤᠷᠠᠯᠳᠤᠭᠰᠠᠨ ᠠᠷᠪᠠ ᠶᠢᠰᠦᠳᠤᠬᠡᠷ ᠬᠤᠭᠤᠴᠠᠭᠠᠨ ᠤ ᠲᠤᠮᠳᠠᠳᠤ ᠤᠯᠤᠰ • ᠬᠦᠬᠡᠬᠤᠳᠠ ᠶᠢᠨ ᠵᠤᠤ ᠵᠢᠶᠦ᠋ᠨ ᠤ ᠰᠤᠶᠤᠯ ᠤᠨ ᠨᠠᠶᠢᠷ ᠤᠨ ᠬᠡᠪᠯᠡᠯ ᠮᠡᠳᠡᠬᠡᠯᠡᠯ ᠤᠨ ᠬᠤᠷᠠᠯ ᠠᠴᠠ ᠤᠶᠢᠯᠠᠭᠠᠭᠰᠠᠨ ᠢᠶᠠᠷ᠂ ᠠᠷᠪᠠ ᠶᠢᠰᠦᠳᠤᠬᠡᠷ ᠬᠤᠭᠤᠴᠠᠭᠠᠨ ᠤ ᠲᠤᠮᠳᠠᠳᠤ ᠤᠯᠤᠰ • ᠬᠦᠬᠡᠬᠤᠳᠠ ᠶᠢᠨ ᠵᠤᠤ ᠵᠢᠶᠦ᠋ᠨ ᠤ ᠰᠤᠶᠤᠯ ᠤᠨ ᠨᠠᠶᠢᠷ 7 ᠰᠠᠷ᠎ᠠ ᠶᠢᠨ 20 ᠤ ᠡᠳᠤᠷ ᠦᠪᠦᠷ ᠮᠣᠩᠭᠤᠯ ᠤᠨ ᠴᠦᠬᠡᠨ ᠲᠤᠭᠠᠳᠤ ᠦᠳᠤᠰᠦᠳᠡᠨ ᠤ ᠢᠷᠭᠡᠳ ᠤᠨ ᠰᠤᠶᠤᠯ ᠤᠨ ᠠᠵᠢᠯᠯᠠᠭᠠᠨ ᠤ ᠲᠦᠪ ᠲᠤ ᠵᠤᠬᠢᠶᠠᠨ ᠪᠠᠶᠢᠭᠤᠯᠤᠭᠳᠠᠨ᠎ᠠ᠃      ᠤᠶᠢᠯᠠᠭᠠᠭᠰᠠᠨ ᠢᠶᠠᠷ᠂ ᠲᠤᠮᠳᠠᠳᠤ ᠤᠯᠤᠰ • ᠬᠦᠬᠡᠬᠤᠳᠠ ᠶᠢᠨ ᠠᠷᠪᠠ ᠶᠢᠰᠦᠳᠤᠬᠡᠷ ᠬᠤᠭᠤᠴᠠᠭᠠᠨ ᠤ ᠵᠤᠤ ᠵᠢᠶᠦ᠋ᠨ ᠤ ᠰᠤᠶᠤᠯ ᠤᠨ ᠨᠠᠶᠢᠷ ᠨᠢ ︽ᠵᠤᠤ ᠵᠢᠶᠦ᠋ᠨ ᠰᠤᠶᠤᠯ ᠢᠶᠠᠨ ᠤᠯᠠᠮᠵᠢᠯᠠᠨ ᠦᠨᠳᠤᠰᠦᠳᠡᠨ ᠤ ᠡᠪ ᠨᠢᠬᠡᠳᠤᠯ ᠢᠶᠠᠨ ᠴᠢᠩᠭᠠᠳᠬᠠᠬᠤ︾ ᠰᠡᠳᠤᠪ ᠤᠨ ᠲᠤᠭᠤᠷᠢᠨ ᠳᠤ ᠶᠠᠪᠤᠭᠳᠠᠨ᠎ᠠ᠃      ᠲᠤᠰ ᠬᠤᠭᠤᠴᠠᠭᠠᠨ ᠤ ᠰᠤᠶᠤᠯ ᠤᠨ ᠨᠠᠶᠢᠷ ᠨᠢ ᠨᠡᠶᠢᠳᠡ 20 ᠲᠦᠷᠦᠯ ᠤᠨ ᠠᠵᠢᠯᠯᠠᠭ᠎ᠠ ᠦᠷᠨᠢᠬᠦᠯᠵᠤ᠂ ᠤᠷᠠᠨ ᠰᠠᠶᠢᠬᠠᠨ ᠤ ᠲᠤᠭᠯᠠᠯᠳᠠ᠂ ᠺᠢᠨᠣ᠋ ᠤᠷᠠᠯᠢᠭ ᠤᠨ ᠦᠵᠡᠬᠦᠯᠦᠯᠬᠡ᠂ ᠶᠠᠷᠢᠯᠴᠠᠬᠤ ᠬᠤᠷᠠᠯ᠂ ᠠᠮᠳᠠᠳᠤ ᠢᠳᠡᠬᠡᠨ ᠤ ᠦᠵᠡᠰᠬᠦᠯᠡᠩ᠂ ᠰᠤᠶᠤᠯ ᠰᠫᠤᠷᠲ ᠤᠨ ᠲᠡᠮᠡᠴᠡᠬᠡᠨ ᠵᠡᠷᠬᠡ ᠤᠯᠠᠨ ᠴᠠᠷᠠᠭ᠎ᠠ ᠶᠢ ᠬᠠᠮᠤᠷᠤᠭᠰᠠᠨ ᠪᠠᠶᠢᠨ᠎ᠠ᠃
 
ᠢᠷᠡᠯᠲᠡ᠄ ᠬᠦᠬᠡᠬᠤᠳᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号