ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ  12309 ᠪᠠᠶᠢᠴᠠᠭᠠᠬᠤ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2018-07-10
      ᠥᠴᠥᠭᠡᠳᠦᠷ  ᠂ ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ 12309 ᠪᠠᠶᠢᠴᠠᠭᠠᠬᠤ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠵᠢᠴᠢ  ﹇12309᠂ ᠪᠠᠶᠢᠴᠠᠭᠠᠬᠤ ᠭᠠᠷ ᠠᠴᠠ ᠲᠠᠨᠢ ᠬᠥᠲᠥᠯᠬᠦ﹈ ᠰᠡᠳᠦᠪᠲᠦ ᠪᠠᠶᠢᠴᠠᠭᠠᠬᠤ ᠨᠡᠭᠡᠭᠡᠯᠲᠡ ᠶᠢᠨ ᠡᠳᠦᠷ ᠤᠨ ᠬᠥᠳᠡᠯᠭᠡᠭᠡᠨ ᠥᠷᠨᠢᠭᠦᠯᠪᠡ  ᠃       ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ  ᠤᠨ ᠱᠥᠵᠢ ᠂ ᠪᠠᠶᠢᠴᠠᠭᠠᠬᠤ ᠳᠠᠷᠤᠭ᠎ᠠ ᠪᠤᠶᠠᠨᠳᠡᠯᠭᠡᠷ ᠫᠠᠶᠢᠰᠠ ᠰᠡᠬᠦᠬᠦ ᠶᠣᠰᠣᠯᠠᠯ  ᠳᠤ ᠣᠷᠣᠯᠴᠠᠵᠤ ᠶᠠᠷᠢᠶ᠎ᠠ ᠲᠠᠯᠪᠢᠪᠠ᠃      ᠪᠤᠶᠠᠨᠳᠡᠯᠭᠡᠷ ᠵᠢᠭᠠᠭᠰᠠᠨ ᠨᠢ᠂ ᠣᠷᠣᠨ ᠨᠤᠲᠤᠭ  ᠤᠨ ᠣᠨᠴᠠᠯᠢᠭ ᠲᠠᠢ 12309 ᠪᠠᠶᠢᠴᠠᠭᠠᠬᠤ ᠦᠢᠯᠡᠴᠢᠯᠡᠭᠡᠨ ᠤ ᠲᠥᠪ ᠢ ᠪᠦᠲᠦᠭᠡᠨ ᠪᠠᠶᠢᠭᠤᠯᠵᠤ  ᠂ ᠲᠣᠭᠠᠴᠢᠯᠠᠬᠤ ᠣᠶᠤᠨᠴᠢᠯᠠᠬᠤ ᠪᠠᠷ ᠳᠠᠮᠵᠢᠨ᠂ ﹇ᠪᠠᠶᠢᠴᠠᠭᠠᠬᠤ ᠬᠤᠷᠢᠶ᠎ᠠ ᠶᠢ ᠡᠭᠡᠯ ᠠᠷᠠᠳ ᠤᠨ ᠭᠡᠷ ᠤᠨ ᠡᠭᠦᠳᠡᠨ ᠡᠮᠦᠨ᠎ᠡ ᠪᠠᠶᠢᠯᠭᠠᠬᠤ﹈ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠣᠶᠢᠯᠠᠭᠠᠵᠤ᠂ ᠠᠷᠠᠳ ᠲᠦᠮᠡᠨ ᠳᠤ ᠨᠡᠩ ᠴᠢᠨᠠᠷ ᠰᠠᠶᠢᠲᠠᠢ ᠪᠠᠶᠢᠴᠠᠭᠠᠬᠤ ᠶᠢᠨ ᠪᠦᠲᠦᠭᠡᠭᠳᠡᠬᠦᠨ ᠢ ᠬᠠᠩᠭᠠᠬᠤ ᠬᠡᠷᠡᠭᠲᠡᠢ᠃ ᠡᠨᠡ ᠤᠳᠠᠭᠠᠨ ᠤ 12309 ᠪᠠᠶᠢᠴᠠᠭᠠᠬᠤ ᠦᠢᠯᠡᠴᠢᠯᠡᠭᠡᠨ ᠤ ᠲᠥᠪ ᠤᠨ ᠪᠠᠶᠢᠭᠤᠯᠤᠭᠳᠠᠭᠰᠠᠨ ᠢᠶᠠᠷ ᠳᠣᠬᠢᠶᠠᠯ ᠪᠣᠯᠭᠠᠵᠤ᠂  ﹇ᠳᠥᠷᠪᠡᠨ ᠡᠷᠬᠡᠪᠰᠢ﹈ ᠶᠡᠷᠦᠩᠬᠡᠢ ᠱᠠᠭᠠᠷᠳᠠᠯᠭ᠎ᠠ ᠪᠣᠯᠣᠨ  ﹇ᠳᠣᠯᠣᠭᠠᠨ ᠲᠥᠪᠯᠡᠷᠡᠯ  ᠂ ᠳᠣᠯᠣᠭᠠᠨ ᠦᠨᠡᠨᠬᠦ﹈ ᠬᠠᠷᠠᠯᠲᠠ ᠡᠭᠦᠷᠭᠡ ᠶᠣᠰᠣᠭᠠᠷ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠬᠤ ᠶᠢ ᠠᠳᠬᠤᠵᠤ᠂ ᠰᠡᠳᠬᠢᠯ ᠢᠶᠠᠨ ᠨᠢᠭᠲᠠᠷᠠᠭᠤᠯᠵᠤ ᠬᠦᠴᠦᠨ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠬᠤ  ᠶᠢ ᠠᠳᠬᠤᠵᠤ᠂ ᠪᠣᠳᠠᠲᠠᠢ ᠶᠢ ᠡᠷᠬᠢᠮᠯᠡᠵᠦ ᠦᠨᠡᠨ ᠢ ᠪᠠᠷᠢᠮᠲᠠᠯᠠᠨ ᠨᠠᠶᠢᠳᠠᠪᠤᠷᠢᠵᠢᠭᠤᠯᠬᠤ  ᠶᠢ ᠠᠳᠬᠤᠵᠤ  ᠂ ᠬᠠᠷᠢᠭᠤᠴᠠᠯᠭ᠎ᠠ  ᠪᠠᠨ ᠴᠢᠩᠭᠠᠳᠬᠠᠨ ᠨᠠᠶᠢᠳᠠᠪᠤᠷᠢᠵᠢᠭᠤᠯᠬᠤ  ᠶᠢ ᠠᠳᠬᠤᠵᠤ᠂ ᠴᠥᠬᠦᠷᠡᠯᠲᠡ ᠦᠭᠡᠢ  ᠪᠠᠷ ᠨᠠᠶᠢᠳᠠᠪᠤᠷᠢᠵᠢᠭᠤᠯᠬᠤ  ᠶᠢ ᠠᠳᠬᠤᠵᠤ  ᠂ ᠪᠦᠬᠦ ᠬᠤᠲᠠ ᠶᠢᠨ ᠪᠠᠶᠢᠴᠠᠭᠠᠬᠤ ᠠᠵᠢᠯ  ᠤᠨ ᠰᠢᠨ᠎ᠡ ᠬᠥᠭᠵᠢᠯᠲᠡ᠂ ᠰᠢᠨ᠎ᠡ ᠦᠰᠦᠷᠦᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ  ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号