| | | 7 ᠳ᠋ᠣᠭᠠᠷ ᠰᠠᠷ᠎ᠠ ᠶᠢᠨ 2 ᠤ ᠡᠳᠤᠷ᠂ ᠶᠢᠨ ᠴᠦᠨ ᠯᠢᠶᠠᠩ ᠦᠴᠦᠸᠠᠨ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠵᠠᠰᠠᠭ ᠤᠨ ᠣᠷᠳᠤᠨ ᠤ 11 ᠳ᠋ᠦᠭᠡᠷ ᠣᠳᠠᠭᠠᠨ ᠤ ᠪᠠᠶᠢᠩᠭᠤ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ᠦᠴᠦᠸᠠᠨ ᠰᠢᠶᠠᠨ ᠤ ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠦᠬᠦᠢ ᠠᠵᠢᠯ ᠢ | ᠰᠣᠳᠤᠯᠤᠨ ᠶᠠᠷᠢᠯᠴᠠᠪᠠ᠂ ᠵᠣᠣ ᠵᠦᠩ᠂ ᠰᠢᠤᠢ ᠲᠢᠶᠠᠨ ᠫᠢᠩ᠂ ᠼᠤᠤ ᠽᠢ ᠯᠢ᠂ ᠶᠤᠸᠠᠨ ᠪᠥᠸᠧ᠂ ᠵᠠᠩ ᠬᠠᠢ ᠲᠣᠣ᠂ ᠯᠢ | ᠶᠢᠩ ᠴᠦᠨ᠂ ᠯᠢᠤᠢ ᡁᠢ ᠭᠠᠩ᠂ ᠵᠠᠩ ᠸᠧᠢ ᠭᠤᠸᠠᠩ᠂ ᠴᠢᠶᠠᠨ ᠶᠠ ᠯᠢᠨ᠂ ᠸᠠᠩ ᠶᠤᠸᠡᠢ ᠬᠤᠩ ᠵᠡᠷᠭᠡ ᠰᠢᠶᠠᠨ ᠤ | ᠤᠳᠤᠷᠢᠳᠤᠯᠭ᠎ᠠ ᠬᠤᠷᠠᠯ ᠳᠤ ᠣᠷᠤᠯᠴᠠᠪᠠ᠃ ᠳ᠋ᠢ ᠭᠦᠸᠧ ᠰᠢᠶᠥᠩ᠂ ᠯᠢ ᠳ᠋ᠧᠩ ᠬᠤᠩ ᠵᠢᠴᠢ ᠡᠳ᠋ ᠤᠨ ᠵᠠᠰᠠᠭ᠂ | ᠠᠵᠢᠯᠴᠢᠨ ᠤ ᠶᠠᠪᠤᠳᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃ | ᠬᠤᠷᠠᠯ ᠠᠴᠠ ᠠᠵᠢᠯᠴᠢᠨ ᠤ ᠶᠠᠪᠤᠳᠠᠯ ᠤᠨ ᠲᠠᠯ᠎ᠠ ᠶᠢᠨ ᠬᠠᠮᠢᠶ᠎ᠠ ᠪᠦᠬᠦᠢ ᠬᠡᠷᠡᠭ ᠶᠠᠪᠤᠳᠠᠯ᠂ 2017 ᠣᠨ ᠤ | ᠴᠡᠷᠢᠭ ᠠᠴᠠ ᠬᠠᠯᠠᠭᠳᠠᠭᠰᠠᠨ ᠪᠠᠭ᠎ᠠ ᠣᠹᠢᠼᠧᠷ ᠶᠢ ᠲᠦᠪᠬᠢᠨᠡᠭᠦᠯᠬᠦ ᠠᠵᠢᠯ᠂ 2018 ᠣᠨ ᠤ ᠨᠢᠭᠡᠳᠦᠭᠡᠷ ᠪᠦᠯᠦᠭ᠂ | ᠬᠤᠶᠠᠳᠤᠭᠠᠷ ᠪᠦᠯᠦᠭ ᠴᠦᠬᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠬᠡᠷᠡᠭᠯᠡᠯᠲᠡ᠂ | 93609 ᠴᠡᠷᠢᠭ ᠠᠩᠬᠢ ᠶᠢᠨ ᠰᠢᠨ᠎ᠡ ᠪᠠᠶᠢᠭᠤᠯᠤᠭᠰᠠᠨ ᠫᠤᠤᠳᠠᠯᠭ᠎ᠠ ᠶᠢᠨ ᠲᠠᠯᠠᠪᠠᠢ ᠶᠢᠨ ᠬᠤᠯᠪᠤᠭᠳᠠᠯ ᠪᠥᠬᠦᠢ ᠬᠡᠷᠡᠭ | ᠶᠠᠪᠤᠳᠠᠯ ᠵᠡᠷᠭᠡ ᠢ ᠰᠣᠳᠤᠯᠪᠠ᠃ | ᠬᠤᠷᠠᠯ ᠳᠤ ᠣᠷᠤᠯᠴᠠᠭᠰᠠᠨ ᠲᠡᠭᠷᠡᠬᠢ ᠬᠡᠳᠤᠨ ᠬᠡᠷᠡᠭ ᠶᠠᠪᠤᠳᠠᠯ ᠤᠨ ᠲᠣᠭᠤᠷᠢᠨ ᠳᠤ ᠶᠠᠷᠢᠯᠴᠠᠯᠭ᠎ᠠ | ᠦᠷᠨᠢᠭᠦᠯᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ |