ᠥᠪᠥᠷ ᠮᠣᠩᠭᠤᠯ ᠤᠨ ᠱᠧᠩ ᠵᠢᠶᠠᠨ ᠺᠣᠮᠫᠠᠨᠢ ᠶᠢᠨ ᠡᠳᠦᠷ ᠲᠤ 600 ᠲᠣᠨ ᠢᠮᠠᠭᠠᠨ ᠰᠦ ᠶᠢᠨ ᠦᠢᠯᠡᠳᠬᠦᠨ ᠪᠣᠯᠪᠠᠰᠣᠷᠠᠭᠤᠯᠬᠤ ᠰᠠᠭᠤᠷᠢᠨ ᠭᠠᠵᠠᠷ ᠤᠨ ᠰᠠᠭᠤᠷᠢ ᠲᠠᠯᠪᠢᠬᠤ ᠶᠣᠰᠣᠯᠠᠯ ᠬᠤᠷᠢᠨᠭᠡᠷ ᠰᠢᠶᠠᠨ  ᠳᠤ ᠶᠠᠪᠣᠭᠳᠠᠪᠠ
ᠨᠡᠶᠢᠲᠡᠯᠡᠭᠰᠡᠨ ᠴᠠᠭ᠄
2018-07-11
     7 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠱᠧᠩ ᠵᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠳᠦᠷ ᠲᠤ 600 ᠲᠣᠨ ᠢᠮᠠᠭᠠᠨ ᠰᠦ ᠶᠢᠨ ᠦᠢᠯᠡᠳᠬᠦᠨ ᠪᠣᠯᠪᠠᠰᠣᠷᠠᠭᠤᠯᠬᠤ ᠰᠠᠭᠤᠷᠢᠨ ᠭᠠᠵᠠᠷ ᠬᠤᠷᠢᠨᠭᠡᠷ ᠰᠢᠶᠠᠨ ᠤ ᠠᠵᠤ ᠠᠬᠤᠶ ᠶᠢᠨ ᠨᠡᠭᠡᠭᠡᠯᠳᠡ ᠶᠢᠨ ᠲᠣᠭᠤᠷᠢᠭ ᠲᠤ ᠰᠠᠭᠤᠷᠢ ᠲᠠᠯᠪᠢᠬᠤ ᠶᠣᠰᠣᠯᠠᠯ ᠬᠢᠪᠡ᠃      ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠰᠢᠶᠠᠨ ᠤ ᠨᠠᠮ ᠤᠨ  ᠬᠤᠷᠢᠶ᠎ᠠ ᠶᠢᠨ ᠱᠦᠵᠢ ᠸᠠᠩ ᠸᠧᠢ ᠯᠢᠶᠠᠩ᠂ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ ᠵᠠᠩ ᠭᠦᠸᠧ ᠫᠢᠩ᠂ ᠬᠤᠳᠠ ᠶᠢᠨ ᠠᠵᠤ ᠠᠬᠤᠶ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠭᠤᠣ ᠷᠦᠢ ᠵᠢᠶᠦ᠋ᠨ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ᠂ ᠰᠢᠶᠠᠨ ᠤ ᠳᠡᠳ᠋ ᠳᠠᠷᠤᠭ᠎ᠠ ᠾᠧ ᠹᠧᠩ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠵᠢᠴᠢ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠡᠯ᠎ᠡ ᠡᠭᠦᠷᠭᠡ ᠴᠢᠳᠠᠮᠵᠢᠲᠣ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃  ᠲᠠᠨᠢᠯᠴᠠᠭᠤᠯᠤᠭᠰᠠᠨ ᠢᠶᠠᠷ᠂ ᠲᠤᠰ ᠲᠦᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 9.08 ᠳ᠋ᠦᠩᠰᠢᠭᠤᠷ ᠲᠥᠭᠦᠷᠢᠭ᠂ 186 ᠮᠦ ᠭᠠᠵᠠᠷ ᠡᠵᠡᠯᠡᠵᠦ᠂ ᠣᠳᠣᠬᠠᠨ ᠤ ᠳᠡᠯᠡᠬᠡᠶ ᠳᠡᠭᠡᠷᠡᠬᠢ ᠳᠠᠩ ᠪᠡᠶᠡᠲᠦ ᠶᠢᠨ ᠬᠡᠪᠴᠢᠶ᠎ᠡ ᠪᠠᠷ ᠬᠠᠮᠤᠭ ᠤᠨ ᠶᠡᠭᠡ ᠢᠮᠠᠭᠠᠨ ᠰᠦ ᠪᠣᠯᠪᠠᠰᠣᠷᠠᠭᠤᠯᠬᠤ ᠰᠠᠭᠤᠷᠢᠨ ᠭᠠᠵᠠᠷ᠂ ᠵᠢᠱᠢᠯᠲᠡ ᠪᠠᠷ 2019 ᠣᠨ ᠤ 7 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠵᠤ᠂ ᠦᠢᠯᠡᠳᠬᠦᠨ ᠤ ᠬᠡᠯᠪᠡᠷᠢ ᠪᠠᠶᠢᠳᠠᠯ ᠨᠢ ᠡᠩ ᠤᠨ ᠳᠤᠯᠠᠭᠠᠨ ᠳᠤ ᠬᠠᠳᠠᠭᠠᠯᠠᠬᠤ ᠰᠦ᠂ ᠳᠣᠣᠷ᠎ᠠ ᠳᠣᠯᠠᠭᠠᠨ ᠳᠤ ᠬᠠᠳᠠᠭᠠᠯᠠᠬᠤ ᠰᠦ ᠪᠣᠯᠤᠨ ᠰᠦᠨ ᠲᠠᠯᠬ᠎ᠠ ᠶᠢᠨ ᠰᠢᠷᠢᠰ ᠭᠡᠵᠦ ᠬᠤᠪᠢᠶᠠᠨ᠎ᠠ᠃ ᠳᠡᠯᠡᠬᠡᠶ ᠶᠢᠨ ᠲᠡᠷᠢᠭᠦᠨ ᠤ ᠦᠢᠯᠡᠳᠪᠦᠷᠢᠯᠡᠯ ᠤᠨ ᠮᠡᠷᠭᠡᠰᠢᠯ ᠪᠣᠯᠤᠨ ᠮᠠᠰᠢᠨ ᠲᠥᠬᠦᠭᠡᠷᠦᠮᠵᠢ ᠬᠡᠷᠡᠭᠯᠡᠵᠦ᠂ ᠪᠦᠬᠦ ᠶᠠᠪᠤᠴᠠ ᠪᠠᠷ ᠪᠢᠲᠡᠭᠦᠮᠵᠢᠯᠡᠨ ᠨᠡᠬᠡᠮᠵᠢᠯᠡᠵᠦ ᠪᠣᠯᠬᠤ ᠶᠢ ᠪᠡᠶᠡᠯᠡᠭᠦᠯᠦᠨ᠎ᠡ᠃  ᠣᠶᠢᠯᠠᠭᠠᠭᠰᠠᠨ ᠢᠶᠠᠷ᠂ ᠱᠧᠩ ᠵᠢᠶᠠᠨ ᠺᠣᠮᠫᠠᠨᠢ ᠪᠣᠯ ᠨᠢᠭᠡᠨ ᠮᠠᠯ ᠠᠵᠤ ᠠᠬᠤᠶ ᠲᠡᠵᠢᠭᠡᠨ ᠦᠷᠡᠵᠢᠭᠦᠯᠬᠦ᠂ ᠢᠮᠠᠭᠠᠨ ᠰᠦ ᠶᠢᠨ ᠦᠢᠯᠡᠳᠬᠦᠨ ᠰᠣᠳᠣᠯᠣᠨ ᠦᠢᠯᠡᠳᠴᠦ ᠪᠣᠯᠪᠠᠰᠣᠷᠠᠭᠤᠯᠬᠤ᠂ ᠪᠣᠷᠣᠯᠠᠭᠤᠯᠬᠤ ᠪᠠᠷ ᠨᠢᠭᠡ ᠴᠣᠭᠴᠠ ᠪᠣᠯᠭᠠᠭᠰᠠᠨ ᠲᠣᠮᠣ ᠬᠡᠯᠪᠡᠷᠢ ᠶᠢᠨ ᠰᠦ ᠶᠢᠨ ᠦᠢᠯᠡᠳᠬᠦᠨ ᠤ ᠠᠵᠤ ᠠᠬᠤᠶᠢᠯᠠᠯ ᠪᠣᠯᠣᠨ᠎ᠠ᠃ ᠺᠣᠮᠫᠠᠨᠢ ᠨᠢ ᠲᠡᠵᠢᠭᠡᠨ ᠦᠷᠡᠵᠢᠭᠦᠯᠬᠦ ᠪᠣᠯᠪᠠᠰᠤᠷᠠᠭᠤᠯᠬᠤ ᠨᠢᠭᠡ ᠴᠤᠭᠴᠠᠵᠢᠯᠲᠠ ᠶᠢᠨ ᠡᠵᠡᠩᠨᠡᠯᠲᠡ ᠶᠢᠨ ᠵᠠᠭᠪᠤᠷ᠂ ᠳᠡᠭᠡᠳᠦ ᠤᠷᠤᠰᠬᠠᠯ ᠤᠨ ᠥᠪᠡᠷ ᠲᠡᠭᠡᠨ ᠪᠠᠶᠢᠭᠤᠯᠤᠭᠰᠠᠨ ᠰᠦ ᠶᠢᠨ ᠢᠷᠡᠯᠳᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠺᠣᠮᠫᠠᠨᠢ ᠪᠣᠯᠤᠨ ᠲᠡᠵᠢᠭᠡᠨ ᠦᠷᠡᠵᠢᠭᠦᠯᠬᠦ ᠡᠷᠦᠬᠡ ᠬᠠᠮᠲᠤ ᠪᠠᠷ  ᠬᠤᠷᠰᠢᠶᠠᠵᠢᠯ ᠪᠠᠶᠢᠭᠤᠯᠬᠤ ᠵᠡᠷᠭᠡ ᠠᠷᠭ᠎ᠠ ᠶᠢ ᠬᠡᠷᠡᠭᠯᠡᠵᠦ᠂ ᠬᠦᠷᠦᠩᠭᠡ ᠶᠢᠨ ᠬᠤᠯᠪᠣᠭᠠᠰᠤ ᠪᠠᠷ ᠳᠠᠮᠵᠢᠭᠤᠯᠤᠨ᠂ ᠲᠠᠷᠢᠶᠠᠴᠢᠳ ᠯᠤᠭ᠎ᠠ ᠶᠢᠨ ᠪᠠᠲᠤ ᠪᠠᠬᠢ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠬᠤ ᠰᠠᠭᠤᠷᠢᠨ ᠳᠡᠭᠡᠷ᠎ᠡ᠂ ᠬᠤᠷᠰᠢᠶᠠᠵᠢᠯ ᠤᠨ ᠳᠣᠲᠣᠭᠠᠳᠤ ᠳᠤ ᠲᠤᠰᠬᠠᠶ ᠮᠡᠷᠭᠡᠵᠢᠯ ᠤᠨ ᠬᠤᠪᠢᠶᠠᠷᠢ ᠪᠠᠷ ᠳᠠᠮᠵᠢᠨ᠂ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠤᠨ ᠳᠤᠮᠳᠠᠳᠤ ᠤᠯᠤᠰ ᠤᠨ ᠠᠵᠤ ᠦᠢᠯᠡᠰ ᠪᠦᠬᠦ ᠪᠥᠮᠪᠥᠷᠴᠡᠭ ᠤᠨ ᠥᠷᠢᠰᠥᠯᠳᠦᠭᠡᠨ ᠳᠤ ᠣᠷᠣᠯᠴᠠᠬᠤ ᠳᠤ ᠳᠣᠣᠷ᠎ᠠ ᠥᠪᠡᠷ ᠤᠨ ᠥᠷᠲᠡᠭ ᠪᠦᠬᠦᠢ ᠪᠠᠲᠤᠯᠠᠭ᠎ᠠ ᠬᠠᠩᠭᠠᠭᠰᠠᠨ ᠪᠠᠶᠢᠨ᠎ᠠ᠃      ᠴᠧᠨ ᠯᠢ ᠶᠢᠨ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠤᠳ ᠲᠤ ᠬᠤᠷᠢᠨᠭᠡᠷ ᠰᠢᠶᠠᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠯᠲᠡ ᠪᠠᠨ ᠲᠦᠷᠭᠡᠳᠬᠡᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠤᠳᠠᠯᠳᠣᠭᠠᠴᠢᠨ ᠢ ᠤᠷᠢᠬᠤ ᠨᠢᠭᠡᠳᠦᠭᠡᠷ᠂ ᠲᠥᠷᠥᠯ ᠵᠦᠢᠯ ᠨᠢᠭᠡᠳᠦᠭᠡᠷ᠂ ᠦᠢᠯᠡᠴᠢᠯᠡᠭᠡ ᠨᠢᠭᠡᠳᠦᠭᠡᠷ ᠲᠤ ᠪᠠᠶᠢᠬᠤ ᠣᠶᠢᠯᠠᠭᠠᠭᠳᠠᠬᠤᠨ ᠶᠣᠰᠣᠭᠠᠷ᠂ ᠪᠦᠬᠦ ᠬᠦᠴᠦᠨ ᠢᠶᠠᠷ ᠥᠪᠥᠷ ᠮᠣᠩᠭᠤᠯ ᠤᠨ ᠱᠧᠩ ᠵᠢᠶᠠᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠦᠷᠥᠯ ᠵᠦᠢᠯ ᠢ ᠣᠷᠣᠭᠤᠯᠣᠭᠰᠠᠨ ᠪᠠᠶᠢᠨ᠎ᠠ᠃ ᠲᠤᠰ ᠲᠦᠷᠦᠯ ᠵᠦᠢᠯ ᠪᠠᠶᠢᠭᠤᠯᠣᠭᠳᠠᠨᠰᠠᠨ ᠤ ᠳᠠᠷᠠᠭ᠎ᠠ᠂ ᠢᠮᠠᠭᠠᠨ ᠰᠦ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠴᠡ ᠶᠢᠨ ᠪᠠᠶᠢᠷᠢᠰᠢᠯ ᠢ ᠰᠢᠨ᠎ᠡ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠵᠢᠯᠲᠡ ᠶᠢᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠪᠡᠯ᠂ ᠬᠥᠳᠡᠭᠡ ᠲᠣᠰᠬᠤᠨ ᠢ ᠬᠦᠴᠦᠷᠭᠡᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠤᠷᠢᠨᠭᠡᠷ ᠰᠢᠶᠠᠨ ᠳᠠᠬᠢ ᠭᠦᠨᠵᠡᠭᠡᠢ ᠬᠡᠷᠡᠭᠵᠢᠭᠦᠯᠦᠯᠲᠡ ᠶᠢ ᠯᠠᠪᠲᠠᠶ᠎ᠠ ᠬᠦᠴᠦᠲᠡᠢ ᠲᠦᠯᠬᠢᠨ ᠠᠬᠢᠭᠤᠯᠵᠣ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠳᠤ ᠡᠷᠴᠢᠮ ᠲᠠᠢ ᠰᠢᠨ᠎ᠡ ᠬᠥᠳᠡᠯᠭᠡᠬᠦ ᠬᠦᠴᠦᠨ ᠢ ᠣᠯᠭᠤᠬᠤ ᠪᠣᠯᠣᠨ᠎ᠠ ᠭᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号