ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠠᠮᠢ ᠠᠬᠤᠶ ᠶᠢᠨ ᠪᠣᠯᠪᠠᠰᠤᠨ ᠤ ᠲᠤᠬᠠᠶ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018-07-11
      2018 ᠣᠨ ᠤ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂  ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠰᠢᠷᠢᠰ ᠠᠵᠢᠯᠯᠠᠭ᠎ᠠ ᠦᠷᠨᠢᠭᠦᠯᠦᠨ ᠬᠠᠷᠢᠶ᠎ᠠ ᠭᠠᠵᠠᠷ ᠤᠨ ᠣᠯᠠᠨ ᠲᠦᠮᠡᠨ ᠳᠤ ᠠᠮᠢ ᠠᠬᠤᠶ ᠶᠢᠨ ᠪᠣᠯᠪᠠᠰᠤᠨ ᠤ ᠲᠤᠬᠠᠢ ᠤᠬᠠᠭᠤᠯᠪᠠ᠃ 7 ᠳ᠋ᠤᠭᠠᠷ ᠰᠠᠷ᠎ᠠ ᠶᠢᠨ4 ᠤ ᠡᠳᠦᠷ ᠠᠴᠠ5 ᠤ ᠡᠳᠦᠷ ᠪᠤᠯᠲᠠᠯ᠎ᠠ᠂ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠦᠶ ᠴᠢᠤᠸᠠᠨ ᠲᠣᠭᠤᠷᠢᠭ ᠤᠨ ᠤᠶᠤᠨ ᠤ ᠪᠣᠯᠪᠠᠰᠤᠨ ᠤ ᠪᠦᠳᠦᠭᠡᠨ ᠪᠠᠶᠢᠭᠤᠯᠤᠯᠲᠠ ᠶᠢᠨ ᠵᠢᠯᠤᠭᠤᠳᠬᠤ ᠵᠦᠪᠯᠡᠯ ᠤᠨ ᠠᠯᠪᠠᠨ ᠭᠡᠷ ᠪᠣᠯᠤᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ᠂ 22 ᠤᠳᠬ᠎ᠠ ᠤᠷᠠᠯᠢᠭ ᠤᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ᠂ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ  ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠭᠡᠮ ᠲᠣᠭᠤᠷᠢᠭ ᠤᠯᠠᠮᠵᠢᠯᠠᠯᠲᠤ ᠰᠣᠶᠣᠯ ᠨᠡᠶᠢᠭᠡᠮ ᠲᠣᠭᠤᠷᠢᠭ ᠲᠤ ᠬᠦᠷᠬᠦ — — ︽ᠳᠤᠮᠳᠠᠳᠤ ᠶᠢᠨ ᠵᠡᠭᠦᠳᠦ ᠪᠠᠨ ᠤᠷᠠᠯᠠᠨ ᠪᠣᠯᠪᠠᠰᠤᠨ ᠬᠤᠲᠠ ᠶᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃ ᠰᠠᠶᠢᠨ ᠳᠤᠷᠠᠴᠤᠳ ᠰᠠᠭᠤᠭᠠᠯᠢ ᠠᠷᠠᠳ ᠤᠨ ᠬᠤᠷᠢᠶᠠᠯᠠᠯ ᠤᠨ ᠬᠡᠷᠡᠮ ᠤᠨ ᠵᠢᠵᠢᠭ ᠵᠠᠷ ᠢ ᠴᠡᠪᠡᠷᠯᠡᠵᠦ᠂ ᠰᠠᠭᠤᠭᠠᠯᠢ ᠠᠷᠠᠳ ᠤᠨ ᠬᠤᠷᠢᠶᠠᠯᠠᠯ ᠤᠨ ᠰᠤᠶᠤᠯ ᠤᠨ ᠤᠬᠠᠭᠤᠯᠭ᠎ᠠ ᠶᠢᠨ ᠬᠡᠷᠡᠮ ᠢ ᠭᠤᠶᠤᠵᠢᠭᠤᠯᠪᠠ᠃ ᠡᠨᠡ ᠤᠳᠠᠭ᠎ᠠ ᠶᠢᠨ ᠠᠵᠢᠯᠯᠠᠭ᠎ᠠ  ᠨᠢ ᠬᠠᠷᠢᠶ᠎ᠠ ᠭᠠᠵᠠᠷ ᠤᠨ ᠰᠠᠭᠤᠭᠠᠯᠢ ᠠᠷᠠᠳ ᠤᠨ ᠬᠤᠷᠢᠶᠠᠯᠠᠯ ᠤᠨ ᠰᠤᠶᠤᠯ ᠤᠨ ᠠᠭᠤᠷ ᠠᠮᠢᠰᠬᠤᠯ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠢᠳᠡᠪᠬᠢᠲᠡᠶ ᠨᠥᠯᠥᠭᠡ ᠦᠵᠡᠭᠦᠯᠵᠡᠶ᠃
     ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠶᠢᠨ ᠤᠷᠢᠶ᠎ᠠ ᠪᠠ  ᠮᠡᠳᠡᠭᠳᠡᠯ ᠢ ᠢᠯᠡ ᠭᠠᠵᠠᠷ ᠲᠤ ᠨᠠᠭᠠᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠶᠢᠷᠠᠯᠠᠨ ᠬᠢᠮᠠᠭᠠᠳᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠶᠢ ᠢᠳᠡᠪᠬᠢᠲᠡᠶ ᠰᠠᠨᠠᠭᠠᠴᠢᠯᠠᠵᠤ᠂ ᠣᠯᠠᠨ ᠲᠦᠮᠡᠨ ᠳᠤ ᠣᠷᠴᠢᠨ ᠲᠣᠭᠤᠷᠢᠨ ᠢ ᠬᠠᠮᠠᠭᠠᠯᠠᠨ ᠡᠨᠧᠷᠭᠢ ᠢ ᠠᠷᠪᠢᠯᠠᠬᠤ᠂ ᠬᠤᠭ ᠨᠤᠪᠰᠢ ᠶᠢ ᠠᠩᠭᠢᠯᠠᠬᠤ᠂ ᠤᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠴᠠᠭᠠᠵᠠᠯᠠᠬᠤ ᠵᠡᠷᠭᠡ ᠶᠢᠨ ᠪᠣᠯᠪᠠᠰᠤᠨ ᠠᠮᠢᠳᠤᠷᠠᠯ ᠢ ᠳᠡᠭᠡᠭᠰᠢᠯᠡᠭᠦᠯᠬᠦ ᠰᠢᠨ᠎ᠡ ᠠᠷᠭ᠎ᠠ ᠬᠡᠯᠪᠡᠷᠢ ᠶᠢ ᠤᠬᠠᠭᠤᠯᠤᠨ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠮᠠᠭᠤ ᠳᠠᠳᠬᠠᠯ ᠢ ᠦᠭᠡᠷᠡᠴᠢᠯᠡᠵᠦ᠂ ᠬᠤᠪᠢ ᠬᠥᠮᠦᠨ ᠤ ᠪᠣᠯᠪᠠᠰᠤᠨ ᠤ ᠬᠡᠮᠵᠢᠶ᠎ᠡ ᠶᠢ  ᠳᠡᠭᠡᠭᠰᠢᠯᠡᠭᠦᠯᠦᠨ᠎ᠡ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ ‍ᠤᠨ‌ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号