2018 ᠣᠨ ᠤ ᠳᠤᠮᠳᠠᠳᠤ ᠤᠯᠤᠰ ᠤᠨ ᠬᠤᠷᠳᠤᠨ ᠮᠣᠷᠢᠨ ᠤ ᠰᠣᠩᠭᠤᠳᠠᠭ ᠤᠷᠤᠯᠳᠤᠭᠠᠨ ᠤ ᠬᠥᠬᠡᠬᠤᠲᠠ ᠥᠷᠲᠡᠭᠡᠨ ᠳᠠᠬᠢ ᠣᠷᠣᠯᠳᠣᠭᠠᠨ ᠬᠤᠷᠢᠨᠭᠡᠷ ᠰᠢᠶᠠᠨ ᠳᠤ ᠬᠦᠰᠢᠭᠡ ᠪᠠᠨ ᠰᠡᠬᠦᠪᠡ
ᠨᠡᠶᠢᠲᠡᠯᠡᠭᠰᠡᠨ ᠴᠠᠭ᠄
2018-07-11
     7 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ 2018 ᠣᠨ ᠤ ᠳᠣᠮᠳᠠᠳᠣ ᠤᠯᠤᠰ ᠤᠨ ᠬᠤᠷᠳᠤᠨ ᠮᠣᠷᠢᠨ ᠤ ᠰᠣᠩᠭᠤᠳᠠᠭ ᠤᠷᠤᠯᠳᠤᠭᠠᠨ ᠤ ᠬᠥᠬᠡᠬᠤᠲᠠ ᠥᠷᠲᠡᠭᠡᠨ ᠳᠠᠬᠢ ᠣᠷᠣᠯᠳᠣᠭᠠᠨ ᠣᠣ ᠸᠧᠶ ᠮᠸᠡᠭ ᠶᠤᠸᠠᠨ ᠮᠣᠷᠢᠨ ᠰᠣᠶᠣᠯ ᠤᠨ ᠠᠮᠢ ᠠᠬᠤᠶ ᠶᠢᠨ ᠵᠢᠭᠤᠯᠴᠢᠯᠠᠯ ᠤᠨ ᠣᠷᠣᠨ ᠳᠤ ᠬᠦᠰᠢᠭᠡ ᠪᠠᠨ ᠰᠡᠬᠦᠪᠡ᠃ ᠲᠤᠰ ᠡᠳᠦᠷ ᠪᠠᠰᠠ ᠥᠪᠥᠷ ᠮᠣᠩᠭᠤᠯ ᠤᠨ ᠲᠠᠪᠤᠳᠤᠭᠠᠷ ᠬᠤᠭᠤᠴᠠᠭᠠᠨ ᠤ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ ᠤᠨ ᠰᠢᠷᠢᠰ ᠠᠵᠢᠯᠯᠠᠭ᠎ᠠ᠂ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠣᠷᠣᠯᠳᠣᠭᠠᠨ ᠤ  ᠰᠢᠯᠭᠠᠷᠠᠭᠤᠯᠣᠯᠲᠠ ᠶᠢᠨ ᠤᠷᠤᠯᠳᠤᠭᠠᠨ ︵ᠬᠥᠬᠡᠬᠤᠲᠠ ᠦᠷᠳᠡᠭᠡ︶ ᠶᠠᠪᠣᠭᠳᠠᠪᠠ᠃      ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠸᠠᠩ ᠮᠧᠩ ᠡᠬᠢᠯᠡᠯᠲᠡ ᠶᠢᠨ ᠶᠣᠰᠣᠯᠠᠯ ᠢ ᠡᠷᠬᠢᠯᠡᠵᠡᠢ᠃      ᠰᠢᠶᠠᠨ ᠤ ᠳᠡᠳ᠋ ᠳᠠᠷᠤᠭ᠎ᠠ ᠲᠣᠶᠠᠭ᠎ᠠ ᠪᠠᠶᠠᠷᠯᠠᠨ ᠤᠭᠲᠤᠬᠤ ᠶᠡᠷᠢᠶ᠎ᠡ ᠲᠠᠯᠪᠢᠪᠠ᠃      ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠵᠦᠩ ᠭᠦᠸᠧ ᠸᠧᠢ᠂ ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠱᠢ ᠷᠦᠩ ᠧᠨ ᠲᠤᠰ ᠲᠤᠰ ᠪᠠᠶᠠᠷ ᠤᠨ ᠶᠠᠷᠢᠶ᠎ᠠ ᠲᠠᠯᠪᠢᠪᠠ᠃      ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠲᠠᠨ ᠵᠢᠩ ᠹᠧᠩ ︽2018 ᠣᠨ ᠤ ᠳᠤᠮᠳᠠᠳᠤ ᠤᠯᠤᠰ ᠤᠨ ᠬᠤᠷᠳᠤᠨ ᠮᠣᠷᠢᠨ ᠤ ᠰᠣᠩᠭᠤᠳᠠᠭ ᠤᠷᠤᠯᠳᠤᠭᠠᠨ ᠤ ᠬᠦᠬᠡᠬᠤᠲᠠ ᠥᠷᠲᠡᠭᠡᠨ ᠳᠠᠬᠢ ᠣᠷᠣᠯᠳᠣᠭᠠᠨ︾  ᠡᠬᠢᠯᠡᠭᠰᠡᠨ ᠢ ᠵᠠᠷᠯᠠᠪᠠ᠃      ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠯᠢ ᡁᠢ ᠶᠢᠦ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠂ ᠰᠢᠶᠠᠨ ᠤ ᠨᠠᠮ ᠤᠨ  ᠬᠤᠷᠢᠶ᠎ᠠ ᠶᠢᠨ ᠱᠦᠵᠢ ᠸᠠᠩ ᠸᠧᠢ ᠯᠢᠶᠠᠩ᠂ ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ᠂ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠬᠤᠤ ᠳ᠋ᠠᠩ ᠵᠧᠩ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠤᠸᠠᠢ ᠮᠸᠢ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ  ᠣᠷᠣᠯᠴᠠᠵᠣ᠂ ᠱᠠᠩᠨᠠᠯ ᠣᠯᠤᠭᠰᠠᠨ ᠲᠠᠮᠢᠷᠴᠢᠳ ᠲᠤ ᠱᠠᠩᠨᠠᠯ ᠭᠠᠷᠳᠠᠭᠤᠯᠪᠠ᠃      ᠲᠣᠰ ᠤᠷᠤᠯᠳᠤᠭᠠᠨ ᠳᠤ ᠬᠢᠵᠠᠯᠠᠩ ᠦᠷᠢᠶ᠎ᠡ ᠵᠢᠴᠢ ᠲᠡᠭᠦᠨ ᠠᠴᠠ ᠳᠡᠭᠡᠭᠰᠢ ᠨᠠᠰᠣᠨ ᠤ ᠳᠣᠭᠤᠶᠢᠯᠠᠩ ᠤᠨ 1000 ᠮᠧᠲᠷ ᠤᠨ ᠣᠷᠣᠯᠳᠣᠭᠠᠨ᠂ ᠬᠢᠵᠠᠯᠠᠩ ᠦᠷᠢᠶ᠎ᠡ ᠵᠢᠴᠢ ᠲᠡᠭᠦᠨ ᠠᠴᠠ ᠳᠡᠭᠡᠭᠰᠢ ᠨᠠᠰᠣᠨ ᠤ ᠳᠣᠭᠤᠶᠢᠯᠠᠩ ᠤᠨ 2100 ᠮᠧᠲᠷ ᠤᠨ ᠣᠷᠣᠯᠳᠣᠭᠠᠨ᠂ ᠰᠢᠳᠦᠯᠡᠩ ᠦᠷᠢᠶ᠎ᠡ ᠶᠢᠨ ᠳᠣᠭᠤᠶᠢᠯᠠᠩ ᠤᠨ 1000 ᠮᠧᠲᠷ ᠤᠨ ᠣᠷᠣᠯᠳᠣᠭᠠᠨ᠂ ᠮᠣᠷᠢᠨ ᠤ ᠪᠡᠶ᠎ᠡ ᠵᠢᠨ‌ᠦᠨᠳᠦᠷ1.45 ᠮᠧᠲᠷ ᠠᠴᠠ ᠳᠣᠷᠣᠭᠰᠢᠬᠢ ᠳᠤᠭᠤᠶᠢᠯᠠᠩ ᠤᠨ 1000 ᠮᠧᠲᠷ ᠤᠨ ᠣᠷᠣᠯᠳᠣᠭᠠᠨ᠂ ᠮᠣᠷᠢᠨ ᠤ ᠪᠡᠶ᠎ᠡ ᠵᠢᠨ‌ᠦᠨᠳᠦᠷ1.45 ᠮᠧᠲᠷ ᠠᠴᠠ ᠳᠣᠷᠣᠭᠰᠢᠬᠢ ᠳᠤᠭᠤᠶᠢᠯᠠᠩ ᠤᠨ 5450 ᠮᠧᠲᠷ ᠤᠨ ᠣᠷᠣᠯᠳᠣᠭᠠᠨ ᠨᠤᠭᠤᠳ ᠪᠣᠢ᠃ ᠤᠷᠤᠯᠳᠤᠭᠠᠨ ᠤ ᠪᠥᠬᠦ ᠱᠠᠩᠨᠠᠯ 60 ᠲᠦᠮᠡᠨ ᠲᠥᠭᠦᠷᠢᠭ ᠠᠷᠠᠳ ᠤᠨ ᠵᠣᠭᠤᠰ ᠬᠦᠷᠴᠡᠶ᠃      ᠲᠤᠰ ᠤᠳᠠᠭᠠᠨ ᠤ ᠰᠢᠷᠢᠰ ᠠᠵᠢᠯᠯᠠᠭ᠎ᠠ ᠨᠢ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ᠂ ᠬᠥᠬᠡᠬᠤᠲᠠ ᠶᠢᠨ ᠮᠣᠷᠢᠨ ᠤᠷᠤᠯᠳᠤᠭᠠᠨ ᠤ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠬᠥᠬᠡᠬᠤᠲᠠ ᠶᠢᠨ ᠲᠠᠮᠢᠷ ᠤᠨ ᠰᠤᠷᠭᠠᠭᠤᠯᠢ ᠶᠢᠨ  ᠬᠢᠨ ᠬᠠᠮᠵᠢᠯᠴᠠᠨ ᠡᠷᠬᠢᠯᠡᠵᠡᠢ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号