ᠦᠴᠦᠸᠠᠨ ᠰᠢᠶᠠᠨ ᠤ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠬᠦ ᠤᠳᠤᠷᠢᠳᠬᠤ ᠳᠤᠭᠤᠶᠢᠯᠠᠩ ᠶᠢᠰᠦᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-07-11
     7 ᠳ᠋ᠤᠭᠠᠷ ᠰᠠᠷ᠎ᠠ ᠶᠢᠨ 9 ᠤ ᠡᠳᠤᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠦᠴᠦᠸᠠᠨ ᠰᠢᠶᠠᠨ ᠤ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠬᠦ ᠤᠳᠤᠷᠢᠳᠬᠤ ᠳᠤᠭᠤᠶᠢᠯᠠᠩ ᠤᠨ ᠶᠢᠰᠦᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠲᠠᠷᠤᠭ᠎ᠠ ᠶᠢᠨ ᠴᠦᠨ ᠯᠢᠶᠠᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠣᠷᠤᠨ ᠤ ᠦᠴᠦᠸᠠᠨ ᠰᠢᠶᠠᠨ ᠳᠤ ᠲᠣᠮᠢᠯᠠᠨ ᠰᠠᠭᠤᠯᠭ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠶᠡᠷᠦᠩᠬᠡᠢ ᠳᠤᠭᠤᠶᠢᠯᠠᠩ ᠤᠨ ᠳᠠᠷᠤᠭ᠎ᠠ ᠭᠦᠩ ᠸᠧᠢ ᠴᠦᠨ᠂ ᠰᠢᠶᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠡᠤ ᠸᠧᠨ ᠪᠢᠶᠣᠣ᠂ ᠰᠢᠶᠠᠨ ᠤ ᠤᠯᠤᠰ ᠲᠥᠷᠦ ᠶᠢᠨ ᠵᠦᠪᠯᠡᠯᠭᠡᠨ ᠤ ᠲᠡᠷᠢᠭᠦᠯᠡᠭᠴᠢ ᠵᠠᠩ ᠯᠢ ᠰᠢᠶᠠ ᠵᠡᠷᠭᠡ ᠲᠦᠷᠪᠡᠨ ᠶᠡᠭᠡ ᠤᠳᠤᠷᠢᠳᠬᠤ ᠳᠤᠭᠤᠶᠢᠯᠠᠩ ᠤᠨ ᠭᠡᠰᠢᠭᠦᠳ ᠢ ᠪᠠᠭᠲᠠᠭᠠᠭᠰᠠᠨ ᠰᠢᠶᠠᠨ ᠤ ᠭᠠᠵᠠᠷ ᠤᠨ ᠳᠡᠰ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ ᠶᠢᠨ ᠨᠠᠮ ᠵᠠᠰᠠᠭ ᠤᠨ ᠬᠠᠷᠢᠭᠤᠴᠠᠯᠭᠠᠲᠠᠨ᠂ ᠶᠠᠳᠠᠭᠤ ᠶᠢ ᠲᠡᠳᠬᠦᠵᠤ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠷᠢᠭᠤᠴᠠᠯᠭᠠᠲᠠᠨ ᠠᠴᠠ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠤᠯᠤᠰ ᠤᠨ ᠦᠨᠡᠯᠡᠨ ᠪᠠᠶᠢᠴᠠᠭᠠᠯᠲᠠ ᠶᠢ ᠤᠭᠲᠤᠬᠤ ᠲᠤᠷᠰᠢᠯᠭ᠎ᠠ ᠠᠷᠭ᠎ᠠ ᠠᠪᠴᠠᠯ ᠢ ᠲᠠᠨᠢᠯᠴᠠᠭᠤᠯᠤᠭᠰᠠᠨ ᠪᠠ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠦᠪᠡᠷᠲᠡᠭᠡᠨ ᠵᠢᠭᠰᠠᠭᠠᠨ ᠪᠠᠶᠢᠴᠠᠭᠠᠬᠤ ᠲᠦᠰᠦᠯ ᠢ ᠣᠯᠠᠮ ᠨᠢᠭᠡ ᠠᠯᠬᠤᠮ ᠲᠠᠶᠢᠯᠪᠤᠷᠢᠯᠠᠪᠠ᠃ ᠬᠤᠷᠠᠯ ᠳᠤ ᠣᠷᠤᠯᠴᠠᠭᠰᠠᠳ ᠠᠴᠠ ᠦᠪᠡᠷᠲᠡᠭᠡᠨ ᠵᠢᠭᠰᠠᠭᠠᠨ ᠪᠠᠶᠢᠴᠠᠭᠠᠬᠤ ᠠᠵᠢᠯ ᠤᠨ ᠲᠤᠬᠠᠢ ᠲᠤᠷᠰᠢᠯᠭ᠎ᠠ ᠪᠠᠨ ᠰᠣᠯᠢᠯᠴᠠᠵᠤ ᠶᠠᠷᠢᠶ᠎ᠠ ᠲᠠᠯᠪᠢᠪᠠ᠂ ᠶᠢᠨ ᠴᠦᠨ ᠯᠢᠶᠠᠩ ᠣᠳᠤᠬᠠᠨ ᠤ ᠪᠠ ᠳᠠᠷᠠᠭᠠᠴᠢ ᠶᠢᠨ ᠬᠡᠰᠡᠭ ᠬᠤᠭᠤᠴᠠᠭᠠᠨ ᠤ ᠦᠴᠦᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠲᠣᠬᠢᠷᠠᠭᠤᠯᠪᠠ᠃       ᠶᠦᠨ ᠬᠠᠢ ᠱᠠᠭᠠᠷᠳᠠᠭᠰᠠᠨ ᠨᠢ᠂ ᠨᠢᠭᠡ ᠳᠤ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠤᠨ ᠤ ᠠᠯᠪᠠᠨ ᠭᠡᠷ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠯᠪᠠᠨ ᠭᠡᠷ᠂ ᠶᠠᠳᠠᠭᠤ ᠶᠢ ᠲᠡᠳᠬᠦᠬᠦ ᠠᠯᠪᠠᠨ ᠭᠡᠷ ᠣᠳᠤ ᠠᠴᠠ ᠡᠬᠢᠯᠡᠨ ᠦᠨᠡᠨ ᠪᠣᠲᠠᠲᠠᠢ ᠪᠠᠷ ᠦᠴᠦᠸᠠᠨ ᠰᠢᠶᠠᠨ ᠤ ᠶᠠᠳᠠᠭᠤ ᠡᠴᠠ‌ᠠᠩᠭᠢᠵᠢᠷᠠᠭᠤᠯᠬᠤ ᠠᠵᠢᠯ ᠢ ᠳ᠋ᠦᠩᠨᠡᠨ ᠬᠠᠷᠢᠭᠤ ᠮᠡᠳᠡᠭᠦᠯᠬᠦ ᠮᠠᠲ᠋ᠧᠷᠢᠶᠠᠯ ᠢᠶᠠᠨ ᠵᠣᠬᠢᠶᠠᠨ ᠪᠢᠴᠢᠬᠦ ᠬᠡᠷᠡᠭᠲᠠᠢ᠃ ᠬᠤᠶᠠᠷ ᠲᠤ᠂ ᠬᠤᠯᠪᠤᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ ᠰᠢᠶᠠᠨ᠂ ᠰᠢᠶᠠᠩ᠂ ᠲᠤᠰᠬᠤᠨ ᠭᠤᠷᠪᠠᠨ ᠱᠠᠲᠤᠨ ᠤ ᠳᠠᠩᠰᠠ ᠡᠪᠬᠡᠮᠡᠯ ᠤᠨ ᠪᠢᠴᠢᠭ ᠮᠠᠲ᠋ᠧᠷᠢᠶᠠᠯ ᠪᠠ ᠲᠣᠮᠤ ᠳ᠋ᠠᠶᠢᠲ᠋ᠠ ᠶᠢᠨ ᠲᠠᠪᠴᠠᠩ ᠢ ᠰᠠᠶᠢᠨ ᠬᠢᠬᠦ ᠬᠡᠷᠡᠭᠲᠠᠢ᠃ ᠭᠤᠷᠪᠠ ᠳᠤ᠂ ᠤᠳᠤᠷᠢᠳᠤᠯᠭ᠎ᠠ ᠲᠦᠷᠦᠭᠦᠯᠡᠨ᠂ ᠪᠦᠭᠦᠳᠡᠭᠡᠷ ᠬᠦᠳᠡᠭᠡ ᠪᠠᠭᠤᠵᠤ ᠶᠠᠳᠠᠭᠤ ᠶᠢ ᠲᠡᠳᠬᠦᠬᠦ ᠠᠵᠢᠯ ᠳᠤ ᠣᠷᠤᠯᠴᠠᠨ᠂ ᠮᠠᠨ ᠤ ᠰᠢᠶᠠᠨ ᠤ ᠣᠳᠤᠬᠠᠨ ᠤ ᠦᠪᠡᠷᠲᠡᠭᠡᠨ ᠵᠢᠭᠰᠠᠭᠠᠨ ᠪᠠᠶᠢᠴᠠᠭᠠᠬᠤ ᠠᠵᠢᠯ ᠲᠠᠢ ᠣᠶᠠᠯᠳᠤᠭᠤᠯᠤᠨ᠂ ᠰᠢᠶᠠᠩ ᠪᠠᠯᠭᠠᠰᠤ ᠪᠠ ᠲᠤᠰᠬᠤᠨ ᠤ ᠵᠦᠪᠯᠡᠯ ᠢ ᠬᠠᠪᠰᠤᠷᠴᠣ ᠴᠢᠨᠠᠭᠰᠢᠲᠠ ᠬᠡᠯᠪᠡᠷᠢᠯ ᠢ ᠵᠠᠰᠠᠵᠤ᠂ ᠪᠤᠷᠤᠭᠤ ᠪᠠᠨ‌ᠵᠠᠯᠠᠷᠠᠭᠤᠯᠤᠨ᠂ ᠣᠨᠤᠪᠴᠢᠲᠠᠢ ᠪᠠᠷ ᠢᠯᠭᠠᠨ ᠲᠤᠳᠤᠯᠠᠬᠤ ᠬᠡᠷᠡᠭᠲᠠᠢ᠃ ᠡᠭᠦᠨ ᠠᠴᠠ ᠭᠠᠳᠠᠨ᠎ᠠ᠂ ᠶᠠᠳᠠᠭᠤ ᠠᠴᠠ ᠠᠩᠭᠢᠵᠢᠷᠠᠭᠤᠯᠬᠤ ᠪᠦᠬᠦ ᠶᠠᠪᠤᠴᠠ ᠶᠢᠨ ᠱᠠᠭᠠᠷᠳᠠᠯᠭ᠎ᠠ ᠪᠠ ᠪᠢᠴᠢᠭ ᠮᠠᠲ᠋ᠧᠷᠢᠶᠠᠯ ᠢ ᠣᠯᠠᠮ ᠨᠢᠭᠡ ᠠᠯᠬᠤᠮ ᠰᠤᠷᠤᠯᠴᠠᠨ ᠣᠶᠢᠯᠭᠠᠵᠤ᠂ ᠲᠠᠩᠰᠠ ᠡᠪᠬᠡᠮᠡᠯ ᠢᠶᠠᠨ ᠲᠦᠷᠢᠮᠵᠢᠭᠦᠯᠦᠨ ᠪᠦᠷᠢᠨᠰᠢᠭᠦᠯᠦᠨ ᠲᠡᠭᠦᠯᠳᠡᠷᠵᠢᠭᠦᠯᠦᠨ᠎ᠡ︔ ᠨᠤᠷᠠᠬᠤ ᠠᠶᠤᠯᠲᠠᠢ ᠭᠡᠷ ᠪᠠᠶᠢᠰᠢᠩ᠂ ᠠᠵᠤ ᠦᠢᠯᠡᠰ᠂ ᠡᠷᠡᠭᠦᠯ ᠬᠠᠮᠠᠭᠠᠯᠠᠯ᠂ ᠰᠤᠷᠭᠠᠨ ᠬᠦᠮᠦᠵᠢᠯ᠂ ᠠᠮᠢ ᠠᠬᠤᠢ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠶᠠᠳᠠᠭᠤ ᠶᠢ ᠲᠡᠳᠬᠦᠬᠦ᠂ ᠣᠶᠤᠨ ᠢᠶᠠᠷ ᠶᠠᠳᠠᠭᠤ ᠶᠢ ᠲᠡᠳᠬᠦᠬᠦ᠂ ᠣᠷᠴᠢᠨ ᠲᠣᠭᠤᠷᠢᠨ ᠤ ᠵᠠᠰᠠᠨ ᠴᠡᠭᠴᠡᠯᠡᠯᠲᠡ ᠶᠢᠨ ᠠᠵᠢᠯ ᠵᠡᠷᠭᠡ ᠶᠢ ᠣᠯᠠᠮ ᠨᠢᠭᠡ ᠠᠯᠬᠤᠮ ᠨᠠᠷᠢᠯᠢᠭ ᠪᠤᠳᠠᠲᠠᠢ ᠬᠢᠬᠦ ᠬᠡᠷᠡᠭᠲᠠᠢ︔ ᠡᠩ ᠤᠨ ᠡᠷᠦᠬᠡ ᠶᠢᠨ ᠬᠠᠨᠤᠮᠵᠢᠲᠠᠢ ᠪᠠᠶᠢᠬᠤ ᠡᠰᠡᠬᠦ ᠶᠢ ᠢᠯᠡᠭᠦᠤ ᠠᠩᠬᠠᠷᠴᠤ᠂ ᠣᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠲᠦᠷᠦᠯ ᠬᠤᠪᠢᠶᠠᠨ ᠵᠦᠷᠢᠴᠡᠯ ᠢ ᠠᠷᠢᠯᠭᠠᠵᠤ᠂ ᠲᠠᠷᠢᠶᠠᠴᠢᠨ ᠡᠷᠦᠬᠡ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠨ᠎ᠡ︔ ᠰᠢᠶᠠᠨ᠂ ᠰᠢᠶᠠᠩ᠂ ᠲᠤᠰᠬᠤᠨ ᠤ ᠤᠳᠤᠷᠢᠳᠤᠯᠭ᠎ᠠ᠂ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ᠂ ᠳᠠᠭᠠᠭᠠᠵᠤ ᠲᠡᠳᠬᠦᠬᠦ ᠺᠠᠳ᠋ᠷ᠂ ᠬᠤᠶᠠᠷ ᠵᠦᠪᠯᠡᠯ ᠤᠨ ᠪᠠᠭ ᠤᠨ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭᠠᠲᠤ ᠤᠬᠠᠮᠰᠠᠷ ᠪᠠ ᠡᠭᠦᠷᠭᠡᠯᠡᠬᠦ ᠣᠬᠠᠮᠰᠠᠷ ᠢ ᠣᠯᠠᠮ ᠨᠢᠭᠡ ᠠᠯᠬᠤᠮ ᠴᠢᠩᠭᠠᠳᠬᠠᠨ᠎ᠠ︔ ᠨᠠᠮ ᠤᠨ ᠲᠥᠪ ᠬᠤᠷᠢᠶ᠎ᠠ᠂ ᠦᠪᠡᠷᠲᠡᠭᠡᠨ ᠵᠠᠰᠠᠬᠤ ᠣᠷᠤᠨ ᠤ ᠳᠤᠷᠠᠳᠤᠭᠰᠠᠨ ᠵᠠᠰᠠᠨ ᠴᠡᠭᠴᠡᠯᠡᠬᠦ ᠴᠢᠬᠤᠯᠠᠲᠠᠢ ᠠᠰᠠᠭᠤᠳᠠᠯ ᠢ ᠣᠯᠠᠮ ᠨᠢᠭᠡ ᠠᠯᠬᠤᠮ ᠵᠠᠰᠠᠨ ᠴᠡᠭᠴᠡᠯᠡᠨ᠎ᠡ᠃ ᠳᠥᠷᠪᠡ ᠳᠤ᠂ ᠰᠢᠪᠲᠤᠯᠤᠯᠲᠠ ᠶᠢᠨ ᠠᠯᠪᠠᠨ ᠭᠡᠷ ᠠᠴᠠ ᠦᠪᠡᠷᠲᠡᠭᠡᠨ ᠬᠢᠨᠠᠨ ᠰᠢᠯᠭᠠᠭᠰᠠᠨ ᠴᠢᠨᠠᠷᠴᠠ ᠪᠠ ᠦᠷ᠎ᠡ ᠪᠦᠲᠦᠮᠵᠢ ᠢ ᠰᠤᠭᠤᠴᠢᠨ ᠪᠠᠶᠢᠴᠠᠭᠠᠵᠤ᠂ ᠱᠠᠯᠠᠪᠳᠠᠭᠤᠯᠤᠨ ᠪᠠᠶᠢᠴᠠᠭᠠᠨ᠎ᠠ᠃ ᠲᠠᠪᠤ ᠳᠤ᠂ ᠶᠠᠳᠠᠭᠤ ᠶᠢ ᠲᠡᠳᠬᠦᠬᠦ ᠠᠯᠪᠠᠨ ᠭᠡᠷ ᠠᠮᠠ ᠰᠡᠭᠡᠷ ᠢ ᠨᠢ ᠵᠣᠯᠭᠠᠭᠤᠯᠬᠤ᠂ ᠨᠢᠭᠡᠳᠦᠯᠲᠠᠢ ᠲᠦᠯᠦᠪᠯᠡᠨ ᠵᠣᠬᠢᠴᠠᠭᠤᠯᠬᠤ ᠡᠯ᠎ᠡ ᠲᠦᠷᠦᠯ ᠤᠨ ᠠᠵᠢᠯ ᠢ ᠰᠠᠶᠢᠲᠣᠷ ᠬᠢᠬᠦ ᠬᠡᠷᠡᠭᠲᠠᠢ᠃ ᠵᠢᠷᠭᠤᠭ᠎ᠠ ᠳᠤ᠂ ᠵᠣᠬᠢᠶᠠᠨ ᠪᠠᠶᠢᠭᠤᠯᠬᠤ ᠬᠡᠯᠲᠡᠰ ᠦᠨᠳᠦᠰᠦᠨ ᠱᠠᠲᠤᠨ ᠤ ᠺᠠᠳ᠋ᠷ ᠢ ᠬᠠᠯᠠᠮᠵᠢᠯᠠᠬᠤ ᠬᠡᠷᠡᠭᠲᠠᠢ᠃ ᠲᠣᠯᠤᠭ᠎ᠠ ᠳᠤ᠂ ᠶᠠᠳᠠᠭᠤ ᠶᠢ ᠲᠡᠳᠬᠦᠬᠦ ᠡᠷᠴᠢᠮ ᠪᠠ ᠶᠠᠳᠠᠭᠤ ᠠᠴᠠ ᠠᠩᠭᠢᠵᠢᠷᠠᠭᠤᠯᠬᠤ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠨ᠎ᠠ᠃ ᠨᠠᠢᠮᠠ ᠳᠤ᠂ ᠶᠠᠳᠠᠭᠤ ᠬᠦᠴᠢᠷᠳᠡᠯᠲᠦ ᠭᠤᠣᠯᠳᠠᠯᠭ᠎ᠠ ᠲᠠᠢ ᠲᠤᠰᠬᠤᠨ ᠤ ᠵᠠᠬᠢᠲᠠᠯ ᠰᠣᠷᠪᠤᠯᠵᠢᠯᠠᠭ᠎ᠠ ᠵᠢᠨ‌ᠵᠦ᠋ᠷᠢᠴᠡᠯ ᠢ ᠵᠢᠭᠰᠠᠭᠠᠨ ᠪᠠᠶᠢᠴᠠᠭᠠᠵᠤ ᠡᠶᠡᠳᠡᠭᠦᠯᠬᠦ ᠠᠵᠢᠯ ᠢ ᠴᠢᠩᠭᠠᠳᠬᠠᠬᠤ ᠬᠡᠷᠡᠭᠲᠠᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号