ᠦᠨᠦ ᠵᠢᠯ ᠬᠦᠬᠡᠬᠤᠳᠠ ᠶᠢᠨ ᠢᠷᠭᠡᠨ ᠤ ᠪᠠᠶᠢᠭᠤᠯᠤᠭᠰᠠᠨ ᠵᠠᠷᠢᠮ ᠴᠡᠴᠡᠷᠯᠢᠭ᠂ ᠲᠤᠮᠳᠠᠳᠤ ᠪᠠᠭ᠎ᠠ ᠰᠤᠷᠭᠠᠭᠤᠯᠢ ᠰᠤᠷᠭᠠᠭᠤᠯᠢ ᠡᠷᠬᠢᠯᠡᠬᠦ ᠬᠢᠷᠢ ᠬᠡᠮ ᠳᠤ ᠬᠦᠷᠪᠡ
ᠨᠡᠶᠢᠲᠡᠯᠡᠭᠰᠡᠨ ᠴᠠᠭ᠄
2018-07-11
      ᠬᠦᠬᠡᠬᠤᠳᠠ ᠶᠢᠨ ᠢᠷᠬᠡᠨ ᠤ ᠪᠠᠶᠢᠭᠤᠯᠤᠭᠰᠠᠨ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠲᠦᠷᠢᠮᠵᠢᠬᠦᠯᠬᠦ ᠶᠢᠨ ᠲᠦᠯᠦᠬᠡ ᠨᠡᠶᠢᠬᠡᠮ ᠤᠨ ᠬᠢᠨᠠᠯᠳᠠ ᠶᠢ ᠪᠠᠳᠠᠷᠠᠭᠤᠯᠤᠨ ᠲᠡᠬᠦᠯᠳᠡᠷᠵᠢᠬᠦᠯᠵᠤ᠂ ᠰᠤᠷᠤᠭᠴᠢᠳ ᠪᠤᠯᠤᠨ ᠬᠡᠷ ᠤᠨ ᠠᠬᠠᠮᠡᠳ ᠤᠨ ᠬᠤᠯᠪᠤᠭᠳᠠᠯ ᠪᠦᠬᠦᠢ ᠠᠰᠢᠭ ᠲᠤᠰᠠ ᠶᠢ ᠬᠠᠮᠠᠭᠠᠯᠠᠨ᠎ᠠ᠃     ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠢᠷᠬᠡᠨ ᠤ ᠪᠠᠶᠢᠭᠤᠯᠤᠭᠰᠠᠨ ᠰᠤᠷᠭᠠᠨ ᠬᠦᠮᠦᠵᠢᠯ ᠤᠨ ᠰᠤᠷᠠᠭ ᠵᠠᠩᠬᠢ ᠶᠢ ᠨᠡᠶᠢᠳᠡᠯᠡᠬᠦ ᠠᠵᠢᠯ ᠤᠨ ᠲᠤᠬᠠᠢ ᠱᠠᠭᠠᠷᠳᠠᠯᠭ᠎ᠠ ᠶᠢ ᠦᠨᠳᠤᠰᠦᠯᠡᠨ᠂ ᠬᠦᠬᠡᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠤᠶᠢᠷ᠎ᠠ ᠳᠤ 2018 ᠤᠨ ᠤ ᠬᠦᠬᠡᠬᠤᠳᠠ ᠶᠢᠨ ᠰᠤᠷᠭᠠᠭᠤᠯᠢ ᠡᠷᠬᠢᠯᠡᠬᠦ ᠬᠢᠷᠢ ᠬᠡᠮ ᠳᠤ ᠬᠦᠷᠦᠭᠰᠡᠨ ᠢᠷᠭᠡᠨ ᠤ ᠪᠠᠶᠢᠭᠤᠯᠤᠭᠰᠠᠨ ᠴᠡᠴᠡᠷᠯᠢᠭ᠂ ᠢᠷᠭᠡᠨ ᠤ ᠪᠠᠶᠢᠭᠤᠯᠤᠭᠰᠠᠨ ᠰᠤᠷᠭᠠᠨ ᠬᠦᠮᠦᠵᠢᠯ ᠤᠨ ᠪᠠᠶᠢᠭᠤᠯᠤᠮᠵᠢ ᠶᠢᠨ ᠨᠡᠷᠡᠰ ᠤᠨ ᠵᠢᠬᠰᠠᠭᠠᠯᠳᠠ ᠪᠤᠯᠤᠨ ᠰᠤᠷᠤᠭᠴᠢ ᠡᠯᠰᠡᠬᠦ ᠬᠢᠷᠢ ᠬᠡᠮ ᠳᠤ ᠬᠦᠷᠦᠭᠰᠡᠨ ᠢᠷᠬᠡᠨ ᠤ ᠪᠠᠶᠢᠭᠤᠯᠤᠭᠰᠠᠨ ᠲᠤᠮᠳᠠᠳᠤ ᠪᠠᠭ᠎ᠠ ᠰᠤᠷᠭᠠᠭᠤᠯᠢ᠂ ᠢᠷᠬᠡᠨ ᠤ ᠪᠠᠶᠢᠭᠤᠯᠤᠭᠰᠠᠨ ᠠᠵᠢᠯ ᠮᠡᠷᠬᠡᠵᠢᠯ ᠤᠨ ᠰᠤᠷᠭᠠᠭᠤᠯᠢ ᠶᠢᠨ ᠨᠡᠷᠡᠰ ᠤᠨ ᠵᠢᠬᠰᠠᠭᠠᠯᠳᠠ ᠶᠢ ᠨᠡᠶᠢᠳᠡᠯᠡᠪᠡ᠃     ᠤᠶᠢᠯᠠᠭᠠᠭᠰᠠᠨ ᠢᠶᠠᠷ᠂ ᠦᠨᠦ ᠵᠢᠯ ᠬᠦᠬᠡᠬᠤᠳᠠ ᠶᠢᠨ ᠰᠤᠷᠭᠠᠭᠤᠯᠢ ᠡᠷᠬᠢᠯᠡᠬᠦ ᠬᠢᠷᠢ ᠬᠡᠮᠵᠢᠶᠡᠨ ᠳᠤ ᠬᠦᠷᠦᠭᠰᠠᠨ ᠢᠷᠭᠡᠨ ᠤ ᠪᠠᠶᠢᠭᠤᠯᠤᠭᠰᠠᠨ ᠴᠡᠴᠡᠷᠯᠢᠭ 306᠂ ᠢᠷᠭᠡᠨ ᠤ ᠪᠠᠶᠢᠭᠤᠯᠤᠭᠰᠠᠨ ᠰᠤᠷᠭᠠᠨ ᠬᠦᠮᠦᠵᠢᠯ ᠤᠨ ᠪᠤᠯᠪᠠᠰᠤᠷᠠᠯ ᠤᠨ ᠪᠠᠶᠢᠭᠤᠯᠤᠮᠵᠢ 126 ᠪᠠᠶᠢᠳᠠᠭ᠃ ᠰᠤᠷᠤᠭᠴᠢ ᠡᠯᠰᠡᠬᠦ ᠬᠢᠷᠢ ᠬᠡᠮ ᠳᠤ ᠬᠦᠷᠦᠭᠰᠡᠨ ᠢᠷᠭᠡᠨ ᠤ ᠪᠠᠶᠢᠭᠤᠯᠤᠭᠰᠠᠨ ᠲᠤᠮᠳᠠᠳᠤ ᠪᠠᠭ᠎ᠠ ᠰᠤᠷᠭᠠᠭᠤᠯᠢ 40᠂ ᠢᠷᠭᠡᠨ ᠤ ᠪᠠᠶᠢᠭᠤᠯᠤᠭᠰᠠᠨ ᠲᠤᠮᠳᠠᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ 23 ᠪᠠᠶᠢᠳᠠᠭ᠃ ᠡᠬᠦᠨ ᠳᠤ ᠨᠡᠶᠢᠳᠡᠯᠡᠭᠰᠡᠨ ᠨᠡᠷᠡᠰ ᠤᠨ ᠪᠦᠷᠢᠳᠬᠡᠯ ᠳᠤ ᠦᠭᠡᠢ ᠢᠷᠬᠡᠨ ᠤ ᠪᠠᠶᠢᠭᠤᠯᠤᠭᠰᠠᠨ ᠰᠤᠷᠭᠠᠨ ᠬᠦᠮᠦᠵᠢᠯ ᠤᠨ ᠪᠠᠶᠢᠭᠤᠯᠤᠮᠵᠢ ᠨᠢ ᠬᠠᠤᠯᠢ ᠠᠴᠠ ᠵᠦᠷᠢᠴᠡᠭᠰᠡᠨ᠂ ᠰᠤᠷᠭᠠᠭᠤᠯᠢ ᠡᠷᠬᠢᠯᠡᠬᠦ ᠲᠦᠷᠢᠮ ᠠᠴᠠ ᠵᠦᠷᠢᠴᠡᠭᠰᠡᠨ᠂ ᠰᠤᠷᠤᠭᠴᠢ ᠡᠯᠰᠡᠬᠦ ᠠᠵᠢᠯ ᠦᠷᠨᠢᠬᠦᠯᠵᠤ ᠪᠤᠯᠬᠤ ᠦᠭᠡᠢ᠃     ᠰᠤᠷᠤᠭᠴᠢᠳ ᠪᠤᠯᠤᠨ ᠬᠡᠷ ᠤᠨ ᠠᠬᠠᠮᠡᠳ ᠬᠦᠬᠡᠬᠤᠳᠠ ᠶᠢᠨ ᠰᠤᠷᠤᠭᠴᠢ ᠡᠯᠰᠡᠬᠦ ᠰᠢᠯᠭᠠᠯᠳᠠ ᠶᠢᠨ ᠰᠤᠷᠠᠭ ᠵᠠᠩᠬᠢ ᠶᠢᠨ ᠨᠧᠲ ᠠᠴᠠ ᠬᠦᠬᠡᠬᠤᠳᠠ ᠶᠢᠨ ᠢᠷᠬᠡᠨ ᠤ ᠪᠠᠶᠢᠭᠤᠯᠤᠭᠰᠠᠨ ᠴᠡᠴᠡᠷᠯᠢᠭ᠂ ᠰᠤᠷᠭᠠᠨ ᠬᠦᠮᠦᠵᠢᠯ ᠤᠨ ᠪᠠᠶᠢᠭᠤᠯᠤᠮᠵᠢ᠂ ᠲᠤᠮᠳᠠᠳᠤ ᠪᠠᠭ᠎ᠠ ᠰᠤᠷᠭᠠᠭᠤᠯᠢ ᠪᠤᠯᠤᠨ ᠲᠤᠮᠳᠠᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠪᠠᠶᠢᠳᠠᠯ ᠢ ᠤᠶᠢᠯᠠᠭᠠᠵᠤ ᠪᠤᠯᠤᠨ᠎ᠠ᠃
 
ᠢᠷᠡᠯᠲᠡ᠄ ᠬᠦᠬᠡᠬᠤᠳᠠ ᠶᠢᠨ ᠤᠷᠤᠢ ᠶᠢᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号